ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠡᠸ᠋ᠨ ᠬᠤᠢ 17 ᠳ᠋ᠤᠭᠠᠷ ᠤᠳᠠᠭᠠᠨ ᠤ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ ᠢ ᠡᠷᠬᠢᠯᠡᠨ ᠬᠤᠷᠠᠯᠳᠤᠪᠠ
ᠨᠡᠶᠢᠲᠡᠯᠡᠭᠰᠡᠨ ᠴᠠᠭ᠄
2017/6/26
    6 ᠰᠠᠷ᠎ᠠ ᠶᠢᠨ 12᠎ ᠤᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠡᠸ᠋ᠨ ᠬᠤᠢ 17 ᠳ᠋ᠤᠭᠠᠷ ᠤᠳᠠᠭᠠᠨ ᠤ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ ᠢ ᠡᠷᠬᠢᠯᠡᠨ ᠬᠤᠷᠠᠯᠳᠤᠭᠤᠯᠵᠦ᠂ ᠨᠠᠮ ᠤᠨ ᠲᠦᠪ ᠬᠤᠷᠢᠶ᠎ᠠ ᠪᠠ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠬᠠᠢ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠶᠤᠯᠬᠦᠢ ᠦᠢᠯᠡᠳᠪᠦᠷᠢᠯᠡᠯ ᠤᠨ ᠵᠦᠪᠯᠡᠯ ᠤᠨ ᠲᠦᠷᠪᠡᠳᠦᠭᠡᠷ ᠲᠤᠭᠤᠷᠢᠨ ᠪᠠᠶᠢᠴᠠᠭᠠᠬᠤ ᠲᠤᠭᠤᠢᠢᠯᠠᠩ ᠠᠴᠠ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠶᠤᠯᠬᠦᠢ ᠦᠢᠯᠡᠳᠪᠦᠷᠢᠯᠡᠯ ᠤᠨ ᠠᠵᠢᠯ ᠢ ᠲᠤᠭᠤᠷᠢᠨ ᠪᠠᠶᠢᠴᠠᠭᠠᠬᠤ ᠲᠠᠶᠢᠴᠢᠯᠠᠯᠳᠠ ᠶᠢᠨ ᠬᠤᠷᠠᠯ ᠤᠨ ᠵᠤᠷᠢᠭ ᠰᠠᠨᠠᠭ᠎ᠠ ᠵᠢᠴᠢ ᠨᠠᠮ ᠤᠨ ᠲᠦᠪ ᠬᠤᠷᠢᠶ᠎ᠠ ᠶᠢᠨ ᠬᠤᠶᠠᠳᠤᠭᠠᠷ ᠲᠤᠭᠤᠷᠢᠨ ᠪᠠᠶᠢᠴᠠᠭᠠᠬᠤ ᠲᠤᠭᠤᠢᠢᠯᠠᠩ ᠠᠴᠠ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠳᠤ ᠲᠤᠭᠤᠷᠢᠨ ᠪᠠᠶᠢᠴᠠᠭᠠᠬᠤ ︽ᠡᠷᠬᠢᠨ ᠬᠠᠷᠠᠵᠦ ᠦᠵᠡᠬᠦ︾ ᠠᠵᠢᠯ ᠢ ᠶᠠᠪᠤᠭᠳᠠᠭᠤᠯᠤᠭᠰᠠᠨ ᠬᠠᠷᠢᠭᠤ ᠲᠤᠰᠬᠠᠯ ᠢ ᠲᠠᠮᠵᠢᠭᠤᠯᠤᠨ ᠰᠤᠷᠤᠯᠴᠠᠵᠦ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠯᠢᠶᠤᠤ ᠯᠢᠨ ᠮᠠᠨ ᠤ ᠠᠶᠢᠮᠠᠭ ᠲᠤ ᠢᠷᠡᠵᠦ ᠰᠤᠳᠤᠯᠤᠨ ᠪᠠᠶᠢᠴᠠᠭᠠᠯᠳᠠ ᠬᠢᠬᠦ ᠦᠶ᠎ᠡ ᠶᠢᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠲᠠᠮᠵᠢᠭᠤᠯᠤᠨ ᠲᠤᠤᠱᠯᠠᠭᠤᠯᠵᠦ᠂ ᠪᠤᠳᠠᠳᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠠᠢ᠃        ᠵᠠᠩ ᠡᠸ᠋ᠨ ᠬᠤᠢ ︽ᠨᠠᠮ ᠤᠨ ᠲᠦᠪ ᠬᠤᠷᠢᠶ᠎ᠠ ᠶᠢᠨ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ︿ᠭᠠᠨᠰᠦ ᠶᠢᠨ ᠴᠢ ᠯᠢᠶᠠᠨ ᠱᠠᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠠᠮᠢ ᠠᠬᠤᠢ ᠤᠷᠴᠢᠨ ᠲᠤᠭᠤᠷᠢᠨ ᠤ ᠠᠰᠠᠭᠤᠳᠠᠯ ᠢ ᠬᠢᠨᠠᠨ ᠪᠠᠶᠢᠴᠠᠭᠠᠵᠦ ᠰᠢᠢᠳᠪᠦᠷᠢᠯᠡᠭᠰᠡᠨ ᠪᠠᠶᠢᠳᠠᠯ ᠵᠢᠴᠢ ᠲᠡᠭᠦᠨ ᠤ ᠰᠤᠷᠭᠠᠮᠵᠢ ᠶᠢᠨ ᠲᠤᠬᠠᠢ ᠮᠡᠳᠡᠭᠳᠡᠯ﹀︾ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ ᠤᠨ ᠵᠤᠷᠢᠭ ᠰᠠᠨᠠᠭ᠎ᠠ ᠶᠢ ᠲᠠᠮᠵᠢᠭᠤᠯᠵᠦ᠂ ᠮᠠᠨ ᠤ ᠠᠶᠢᠮᠠᠭ ᠤᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠪᠠ ᠬᠢᠨᠠᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠰᠠᠨᠠᠯ ᠶᠤᠰᠤᠭᠠᠷ ᠴᠡᠭᠴᠡᠯᠡᠨ ᠵᠠᠰᠠᠬᠤ ᠠᠵᠢᠯ ᠢ ᠰᠤᠳᠤᠯᠤᠨ ᠪᠠᠶᠢᠷᠢᠯᠠᠭᠤᠯᠪᠠ᠃        ᠠᠶᠤᠯᠬᠦᠢ ᠦᠢᠯᠡᠳᠪᠦᠷᠢᠯᠡᠯ ᠤᠨ ᠠᠵᠢᠯ ᠤᠨ ᠲᠤᠬᠠᠢ ᠵᠠᠩ ᠡᠸ᠋ᠨ ᠬᠤᠢ ᠴᠢᠩᠭᠠᠳᠬᠠᠭᠰᠠᠨ ᠨᠢ᠂ ᠠᠶᠤᠯᠬᠦᠢ ᠦᠢᠯᠡᠳᠪᠦᠷᠢᠯᠡᠯ ᠤᠨ ᠠᠵᠢᠯ ᠤᠨ ᠴᠢᠬᠤᠯᠠ ᠠᠴᠢ ᠬᠤᠯᠪᠤᠭᠳᠠᠯ ᠢ ᠬᠦᠢᠴᠡᠳ ᠲᠠᠨᠢᠵᠦ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠴᠢᠩᠭᠠᠷᠠᠭᠤᠯᠤᠨ᠂ ᠠᠮᠤᠷ ᠲᠦᠪᠰᠢᠨ ᠤ ᠬᠠᠷᠢᠭᠤᠴᠠᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠦᠷᠬᠦᠯᠵᠢᠯᠡᠨ ᠠᠬᠢᠭᠤᠯᠵᠦ᠂ ᠠᠶᠤᠯᠬᠦᠢ ᠦᠢᠯᠡᠳᠪᠦᠷᠢᠯᠡᠯ ᠤᠨ ᠲᠤᠭᠤᠷᠢᠨ ᠪᠠᠶᠢᠴᠠᠭᠠᠬᠤ ᠠᠵᠢᠯ ᠢ ᠤᠭᠳᠤᠬᠤ ᠪᠡᠯᠡᠳᠭᠡᠯ ᠠᠵᠢᠯ ᠢ ᠰᠠᠶᠢᠳᠤᠷ ᠬᠢᠵᠦ᠂ ᠪᠦᠬᠦ ᠠᠶᠢᠮᠠᠭ ᠤᠨ ᠠᠵᠦ ᠠᠬᠤᠢ ᠨᠡᠶᠢᠭᠡᠮ ᠤᠨ ᠬᠦᠭᠵᠢᠯᠳᠡ ᠪᠠ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠳᠤ ᠰᠠᠶᠢᠨ ᠰᠠᠶᠢᠬᠠᠨ ᠤᠷᠴᠢᠨ ᠲᠤᠭᠤᠷᠢᠨ ᠢ ᠪᠦᠷᠢᠯᠳᠦᠬᠦᠯᠵᠦ ᠦᠭᠬᠦ ᠬᠡᠷᠡᠭᠳᠡᠢ ᠭᠡᠪᠡ᠃        ᠪᠦ᠋ ᠰᠢᠶᠤᠤ ᠯᠢᠨ ᠲᠡᠷᠢᠬᠦᠯᠡᠭᠴᠢ ᠶᠢᠨ ᠮᠠᠨ ᠤ ᠠᠶᠢᠮᠠᠭ ᠲᠤ ᠪᠠᠶᠢᠴᠠᠭᠠᠨ ᠰᠤᠳᠤᠯᠤᠯᠳᠠ ᠬᠢᠭᠰᠡᠨ ᠵᠢᠭᠠᠪᠤᠷᠢ ᠶᠢᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠳᠤᠷ ᠬᠢᠬᠦ ᠲᠤᠬᠠᠢ ᠵᠠᠩ ᠡᠸ᠋ᠨ ᠬᠤᠢ ᠴᠢᠩᠭᠠᠳᠬᠠᠭᠰᠠᠨ ᠨᠢ᠂ ᠪᠦ᠋ ᠰᠢᠶᠤᠤ ᠯᠢᠨ ᠲᠡᠷᠢᠬᠦᠯᠡᠭᠴᠢ ᠮᠠᠨ ᠤ ᠠᠶᠢᠮᠠᠭ ᠤᠨ ᠬᠦᠭᠵᠢᠯᠳᠡ ᠪᠠ ᠤᠯᠠᠨ ᠲᠦᠮᠡᠨ ᠤ ᠶᠠᠳᠠᠭᠤ ᠠᠴᠠ ᠠᠩᠬᠢᠵᠢᠷᠠᠨ ᠴᠢᠨᠡᠭᠡᠯᠢᠭᠵᠢᠭᠦ ᠶᠢ ᠲᠦᠢᠯ ᠢᠶᠠᠷ ᠬᠠᠯᠠᠮᠵᠢᠯᠠᠵᠦ ᠪᠠᠶᠢᠨ᠎ᠠ᠂ ᠪᠢᠳᠡ ᠡᠷᠬᠡᠪᠰᠢ ᠪᠦ᠋ ᠰᠢᠶᠤᠤ ᠯᠢᠨ ᠲᠡᠷᠢᠬᠦᠯᠡᠭᠴᠢ ᠶᠢᠨ ᠶᠠᠷᠢᠶᠠᠨ ᠤ ᠵᠤᠷᠢᠭ ᠰᠠᠨᠠᠭ᠎ᠠ ᠪᠠ ᠵᠢᠭᠠᠪᠤᠷᠢ ᠱᠠᠭᠠᠷᠳᠠᠯᠭ᠎ᠠ ᠶᠢ ᠬᠦᠨᠵᠡᠭᠡᠢ ᠤᠢᠢᠯᠠᠭᠠᠵᠦ᠂ ᠶᠠᠷᠢᠶᠠᠨ ᠤ ᠵᠤᠷᠢᠭ ᠰᠠᠨᠠᠭ᠎ᠠ ᠶᠢ ᠲᠠᠷᠢᠬᠢ ᠲᠤᠯᠤᠭᠠᠢ ᠳᠠᠭᠠᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠢᠯᠡᠷᠡᠬᠦᠯᠵᠦ ᠂ ᠠᠵᠢᠯ ᠤᠨ ᠲᠤᠮᠳᠠ ᠪᠠᠨ ᠲᠤᠤᠱᠯᠠᠭᠤᠯᠵᠦ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠢᠳᠡᠭᠡᠯ ᠨᠠᠶᠢᠳᠠᠯᠭ᠎ᠠ ᠶᠢ ᠬᠦᠰᠡᠷᠳᠡᠬᠦᠯᠬᠦ ᠦᠭᠡᠢ ᠪᠠᠷ ᠬᠢᠩᠭᠠᠨ ᠠᠶᠢᠮᠠᠭ ᠤᠨ ᠶᠠᠪᠤᠳᠠᠯ ᠢ ᠰᠠᠶᠢᠳᠤᠷ ᠬᠦᠢᠴᠡᠳᠭᠡᠬᠦ ᠬᠡᠷᠡᠭᠳᠡᠢ ᠭᠡᠪᠡ᠃        2017 ᠤᠨ ᠳᠤ ᠲᠤᠮᠦ ᠶᠠᠪᠤᠳᠠᠯ ᠤᠯᠠᠨ ᠴᠢᠬᠤᠯᠠ ᠶᠠᠪᠤᠳᠠᠯ ᠤᠯᠠᠨ᠂ ᠵᠠᠩ ᠡᠸ᠋ᠨ ᠬᠤᠢ ᠱᠠᠭᠠᠷᠳᠠᠭᠰᠠᠨ ᠨᠢ᠂ ᠡᠯ᠎ᠠ ᠬᠤᠰᠢᠭᠤ ᠰᠢᠶᠠᠨ ᠬᠤᠳᠠ ᠵᠢᠴᠢ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠦᠴᠢᠷ ᠠᠴᠠ ᠨᠠᠮ ᠤᠨ ᠲᠦᠪ ᠬᠤᠷᠢᠶ᠎ᠠ ᠪᠠ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠪᠠ ᠴᠢᠬᠤᠯᠠ ᠤᠳᠤᠷᠢᠳᠤᠯᠭ᠎ᠠ ᠶᠢᠨ ᠵᠢᠭᠠᠪᠤᠷᠢ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠵᠠᠬᠢᠳᠠᠯ ᠰᠤᠷᠪᠤᠯᠵᠢᠯᠠᠭ᠎ᠠ᠂ ᠲᠤᠭᠳᠠᠭᠤᠨ ᠢ ᠬᠠᠮᠠᠭᠠᠯᠠᠬᠤ ᠠᠵᠢᠯ ᠢ ᠦᠨᠡᠨᠬᠦ ᠰᠠᠶᠢᠳᠤᠷ ᠬᠢᠵᠦ᠂ ᠨᠡᠶᠢᠭᠡᠮ ᠤᠨ ᠡᠶ᠎ᠡ ᠲᠤᠭᠳᠠᠭᠤᠨ ᠢ ᠬᠦᠴᠦᠯᠡᠨ ᠬᠠᠮᠠᠭᠠᠯᠠᠬᠤ ᠬᠡᠷᠡᠭᠳᠡᠢ︔ ᠭᠤᠶᠤᠵᠢᠭᠤᠯᠬᠤ᠂ ᠨᠤᠭᠤᠭᠠᠷᠠᠭᠤᠯᠬᠤ᠂ ᠭᠡᠷᠡᠯᠳᠦᠬᠦᠯᠬᠦ ᠢᠨᠵᠧᠨᠧᠷᠢᠩ ᠢ ᠰᠠᠶᠢᠳᠤᠷ ᠬᠢᠵᠦ᠂ ᠤᠯᠠᠨ ᠲᠦᠮᠡᠨ ᠳᠤ ᠲᠠᠭᠠᠯᠠᠮᠵᠢᠳᠠᠢ ᠠᠮᠢᠳᠤᠷᠠᠯ ᠤᠨ ᠤᠷᠴᠢᠨ ᠲᠤᠭᠤᠷᠢᠨ ᠢ ᠪᠦᠷᠢᠯᠳᠦᠬᠦᠯᠵᠦ ᠦᠭᠬᠦ ᠬᠡᠷᠡᠭᠳᠡᠢ︔ ᠴᠢᠬᠤᠯᠠ ᠲᠦᠷᠦᠯ ᠵᠦᠢᠯ ᠤᠨ ᠪᠠᠶᠢᠭᠤᠯᠤᠯᠳᠠ ᠪᠠ ᠠᠵᠦ ᠠᠬᠤᠢ ᠶᠢᠨ ᠡᠷᠬᠢᠯᠳᠡ ᠶᠢᠨ ᠠᠵᠢᠯ ᠢ ᠪᠦᠬᠦ ᠬᠦᠴᠦᠨ ᠢᠶᠠᠷ ᠰᠠᠶᠢᠳᠤᠷ ᠠᠳᠬᠤᠵᠦ᠂ ᠰᠢᠯᠢᠳᠡᠭ ᠬᠢᠷᠢ ᠪᠦᠳᠦᠮᠵᠢ ᠪᠠᠷ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠤᠭᠳᠤᠬᠤ ᠬᠡᠷᠡᠭᠳᠡᠢ ᠭᠡᠪᠡ᠃ ᠬᠤᠷᠠᠯ ᠠᠴᠠ ᠪᠠᠰᠠ ᠰᠦᠷᠳᠡᠬᠦᠯᠭᠡ ᠶᠢ ᠡᠰᠡᠷᠬᠦᠴᠡᠬᠦ ᠪᠤᠰᠤᠳ ᠬᠡᠷᠡᠭ ᠤᠴᠢᠷ ᠢ ᠰᠤᠳᠤᠯᠪᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号