ᠬᠢᠩᠭᠠᠨ ᠠᠶᠢᠮᠠᠭ ︽ᠬᠤᠷᠢᠨ ᠦᠨᠡᠮᠯᠡᠯ ᠢ ᠨᠢᠭᠡᠳᠭᠡᠭᠰᠡᠨ︾ ᠡᠵᠡᠩᠨᠡᠯᠳᠡ ᠶᠢᠨ ᠦᠨᠡᠮᠯᠡᠯ ᠢ ᠳᠠᠷᠬᠠᠭᠠᠪᠠ
ᠨᠡᠶᠢᠲᠡᠯᠡᠭᠰᠡᠨ ᠴᠠᠭ᠄
2017/6/26
    6 ᠰᠠᠷ᠎ᠠ ᠶᠢᠨ 9᠎ ᠤ ᠡᠳᠦᠷ᠂ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠤᠨ ᠦᠢᠯᠡᠳᠪᠦᠷᠢ ᠬᠤᠳᠠᠯᠳᠤᠭᠠᠨ ᠤ ᠲᠤᠪᠴᠢᠶ᠎ᠠ ᠶᠢᠨ ᠦᠢᠯᠡᠴᠢᠯᠡᠭᠡᠨ ᠤ ᠭᠠᠵᠠᠷ ᠠᠴᠠ ᠮᠠᠨ ᠤ ᠠᠶᠢᠮᠠᠭ ᠤᠨ ᠠᠩᠬᠠᠳᠠᠭᠴᠢ ᠪᠦᠯᠦᠭ ᠤᠨ ︽ᠬᠤᠷᠢᠨ ᠦᠨᠡᠮᠯᠡᠯ ᠢ ᠨᠢᠭᠡᠳᠭᠡᠭᠰᠡᠨ︾ ᠡᠵᠡᠩᠨᠡᠯᠳᠡ ᠶᠢᠨ ᠦᠨᠡᠮᠯᠡᠯ ᠲᠠᠷᠬᠠᠭᠠᠪᠠ᠃         ︽ᠬᠤᠷᠢᠨ ᠦᠨᠡᠮᠯᠡᠯ ᠢ ᠨᠢᠭᠡᠳᠭᠡᠬᠦ︾ ᠪᠤᠯ ︽ᠲᠠᠪᠤᠨ ᠦᠨᠡᠮᠯᠡᠯ ᠢ ᠨᠢᠭᠡᠳᠭᠡᠭᠰᠡᠨ︾᠎ ᠤ ᠦᠷᠬᠦᠯᠵᠢᠯᠡᠯ ᠮᠦᠨ᠂ ᠬᠦᠭᠵᠢᠬᠦᠯᠦᠯᠳᠡ ᠦᠭᠡᠷᠡᠴᠢᠯᠡᠯᠳᠡ᠂ ᠲᠤᠳᠤᠭᠠᠳᠦ ᠶᠢ ᠬᠠᠮᠠᠭᠠᠯᠠᠬᠤ᠂ ᠵᠤᠭᠠᠴᠠᠯ᠂ ᠤᠢ ᠰᠢᠭᠤᠢ᠂ ᠰᠤᠶᠤᠯ ᠪᠡᠶ᠎ᠠ ᠲᠠᠮᠢᠷ ᠵᠡᠷᠭᠡ ᠤᠯᠠᠨ ᠰᠠᠯᠠᠭ᠎ᠠ ᠮᠦᠴᠢᠷ ᠠᠴᠠ ᠨᠡᠶᠢᠳᠡ 15 ᠦᠨᠡᠮᠯᠡᠯ ᠢ ᠰᠢᠨ᠎ᠡ ᠪᠠᠷ ᠨᠢᠭᠡᠳᠭᠡᠵᠡᠢ᠂ ᠡᠵᠡᠩᠨᠡᠯᠳᠡ ᠶᠢᠨ ᠦᠨᠡᠮᠯᠡᠯ ᠪᠤᠯᠤᠨ ᠰᠠᠯᠠᠭ᠎ᠠ ᠮᠦᠴᠢᠷ ᠲᠤ ᠲᠡᠮᠳᠡᠭᠯᠡᠬᠦᠯᠦᠨ ᠲᠠᠩᠰᠠᠯᠠᠭᠤᠯᠤᠭᠰᠠᠨ ᠮᠡᠳᠡᠭᠡ ᠵᠠᠩᠬᠢ ᠶᠢᠨ ᠤᠯᠠᠨ ᠦᠨᠡᠮᠯᠡᠯ ᠢ ᠨᠢᠭᠡᠳᠭᠡᠬᠦ ᠶᠢ ᠪᠡᠶᠡᠯᠡᠬᠦᠯᠵᠦ᠂ ᠠᠵᠦ ᠠᠬᠤᠢᠢᠯᠠᠯ ᠤᠨ ᠵᠠᠬ᠎ᠠ ᠲᠡᠯᠭᠡᠭᠦᠷ ᠲᠤ ᠭᠠᠷᠬᠤ ᠠᠴᠠ ᠡᠮᠦᠨᠡᠬᠢ ᠪᠠ ᠭᠠᠷᠤᠭᠰᠠᠨ ᠤ ᠲᠠᠷᠠᠭᠠᠬᠢ ᠡᠯ᠎ᠠ ᠲᠦᠷᠦᠯ ᠤᠨ ᠦᠨᠡᠮᠯᠡᠯ ᠢ ᠪᠦᠳᠦᠮᠵᠢᠳᠡᠢ ᠨᠢᠭᠡᠳᠭᠡᠵᠦ᠂ ︽ᠦᠨᠡᠮᠯᠡᠯ ᠢ ᠴᠦᠭᠡᠳᠭᠡᠬᠦ︾᠎ ᠪᠠᠷ ︽ᠵᠠᠰᠠᠭ ᠢ ᠴᠤᠮᠬᠠᠳᠬᠠᠬᠤ︾᠎ ᠶᠢ ᠲᠠᠶᠢᠴᠢᠯᠠᠵᠦ᠂ ᠠᠵᠦ ᠠᠬᠤᠢᠢᠯᠠᠯ ᠤᠨ ᠵᠠᠰᠠᠭ ᠤᠨ ᠤᠷᠳᠤᠨ ᠤ ᠰᠠᠯᠠᠭ᠎ᠠ ᠮᠦᠴᠢᠷ ᠲᠤ ᠤᠴᠢᠬᠤ ᠲᠤᠭ᠎ᠠ ᠶᠢ ᠪᠠᠭᠠᠰᠬᠠᠨ᠂ ᠠᠵᠦ ᠠᠬᠤᠢᠢᠯᠠᠯ ᠤᠨ ᠪᠡᠯᠡᠳᠭᠡᠯ ᠬᠢᠵᠦ ᠡᠷᠬᠢᠯᠡᠬᠦ ᠠᠴᠠ ᠠᠪᠤᠭᠠᠳ ᠵᠠᠬ᠎ᠠ ᠲᠡᠯᠭᠡᠭᠦᠷ ᠲᠤ ᠭᠠᠷᠬᠤ ᠬᠦᠷᠳᠡᠯᠡᠬᠢ ᠴᠠᠭ ᠢ ᠶᠡᠭᠡᠪᠡᠷ ᠪᠤᠭᠤᠨᠢᠰᠬᠠᠵᠠᠢ᠃         ᠤᠢᠢᠯᠠᠭᠠᠭᠰᠠᠨ ᠢᠶᠠᠷ᠂ ᠮᠠᠨ ᠤ ᠠᠶᠢᠮᠠᠭ ᠪᠤᠯ ᠪᠦᠬᠦ ᠤᠷᠤᠨ ᠤ ︽ᠤᠯᠠᠨ ᠦᠨᠡᠮᠯᠡᠯ ᠢ ᠨᠢᠭᠡᠳᠭᠡᠬᠦ︾ ᠦᠭᠡᠷᠡᠴᠢᠯᠡᠯᠳᠡ ᠶᠢᠨ 6 ᠲᠤᠷᠰᠢᠯᠳᠠ ᠶᠢᠨ ᠴᠡᠭ ᠤᠨ ᠨᠢᠭᠡ ᠪᠤᠯᠤᠨ᠎ᠠ᠃ ᠲᠤᠰ ᠠᠵᠢᠯ ᠢ ᠤᠷᠤᠭᠰᠢᠳᠠᠢ ᠶᠠᠪᠤᠭᠳᠠᠭᠤᠯᠬᠤ ᠪᠠᠷ᠂ ᠠᠶᠢᠮᠠᠭ ᠤᠨ ᠵᠠᠬᠢᠷᠭ᠎ᠠ ᠠᠴᠠ ︽ᠬᠢᠩᠭᠠᠨ ᠠᠶᠢᠮᠠᠭ ᠤᠨ ᠠᠵᠦ ᠠᠬᠤᠢᠢᠯᠠᠯ ᠢ ᠲᠠᠩᠰᠠᠯᠠᠯᠳᠠ ᠶᠢᠨ ︿ᠤᠯᠠᠨ ᠦᠨᠡᠮᠯᠡᠯ ᠢ ᠨᠢᠭᠡᠳᠭᠡᠬᠦ᠂ ᠨᠢᠭᠡ ᠦᠨᠡᠮᠯᠡᠯ ᠨᠢᠭᠡ ᠺᠤᠳ᠋﹀᠎ ᠤᠨ ᠦᠭᠡᠷᠡᠴᠢᠯᠡᠯᠳᠡ ᠶᠢ ᠠᠬᠢᠭᠤᠯᠬᠤ ᠲᠤᠷᠰᠢᠯᠳᠠ ᠶᠢᠨ ᠴᠡᠭ ᠤᠨ ᠠᠵᠢᠯ ᠤᠨ ᠤᠳᠤᠷᠢᠳᠬᠤ ᠲᠤᠭᠤᠢᠢᠯᠠᠩ ᠢ ᠪᠠᠶᠢᠭᠤᠯᠬᠤ ᠲᠤᠬᠠᠢ ᠮᠡᠳᠡᠭᠳᠡᠯ︾᠂ ︽ᠬᠢᠩᠭᠠᠨ ᠠᠶᠢᠮᠠᠭ ᠤᠨ ᠠᠵᠦ ᠠᠬᠤᠢᠢᠯᠠᠯ ᠤᠨ ᠲᠠᠩᠰᠠᠯᠠᠯᠳᠠ ᠶᠢᠨ ︿ᠤᠯᠠᠨ ᠦᠨᠡᠮᠯᠡᠯ ᠢ ᠨᠢᠭᠡᠳᠭᠡᠬᠦ᠂ ᠨᠢᠭᠡ ᠦᠨᠡᠮᠯᠡᠯ ᠨᠢᠭᠡ ᠺᠤᠳ᠋﹀᠎ ᠤᠨ ᠦᠭᠡᠷᠡᠴᠢᠯᠡᠯᠳᠡ ᠶᠢ ᠲᠦᠯᠬᠢᠨ ᠠᠬᠢᠭᠤᠯᠬᠤ ᠲᠤᠷᠰᠢᠯᠳᠠ ᠶᠢᠨ ᠴᠡᠭ ᠤᠨ ᠠᠵᠢᠯ ᠤᠨ ᠲᠦᠰᠦᠯ︾᠎ ᠢ ᠲᠤᠭᠳᠠᠭᠠᠵᠦ᠂ ᠲᠤᠷᠰᠢᠯᠳᠠ ᠶᠢᠨ ᠴᠡᠭ ᠤᠨ ᠦᠭᠡᠷᠡᠴᠢᠯᠡᠯᠳᠡ ᠶᠢᠨ ᠤᠳᠤᠷᠢᠳᠬᠤ ᠲᠤᠭᠤᠢᠢᠯᠠᠩ᠂ ᠭᠡᠰᠢᠭᠦᠨ ᠨᠢᠭᠡᠴᠡ ᠶᠢᠨ ᠬᠠᠷᠢᠭᠤᠴᠠᠯᠭ᠎ᠠ ᠶᠢ ᠲᠤᠳᠤᠷᠬᠠᠢ ᠲᠤᠭᠳᠠᠭᠠᠪᠠ᠃ ᠡᠭᠦᠨ ᠤ ᠬᠠᠮᠳᠦ᠂ ︽ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠲᠢᠩᠬᠢᠮ ᠤᠨ ᠠᠵᠦ ᠠᠬᠤᠢᠢᠯᠠᠯ ᠲᠠᠢ ᠬᠤᠯᠪᠤᠭᠳᠠᠭᠰᠠᠨ ᠲᠠᠩᠰᠠᠯᠠᠬᠤ ᠶᠠᠪᠤᠳᠠᠯ ᠢ ᠡᠮᠬᠢᠳᠭᠡᠬᠦ ᠲᠤᠬᠠᠢ ᠮᠡᠳᠡᠭᠳᠡᠯ︾᠎ ᠢ ᠲᠠᠷᠬᠠᠭᠠᠵᠦ᠂ ᠪᠦᠬᠦ ᠠᠶᠢᠮᠠᠭ ᠤᠨ 45 ᠬᠠᠮᠢᠶ᠎ᠠ ᠪᠦᠬᠦᠢ ᠰᠠᠯᠠᠭ᠎ᠠ ᠮᠦᠴᠢᠷ ᠤᠨ ᠠᠵᠦ ᠠᠬᠤᠢᠢᠯᠠᠯ ᠲᠠᠢ ᠬᠤᠯᠪᠤᠭᠳᠠᠭᠰᠠᠨ ᠲᠠᠩᠰᠠᠯᠠᠬᠤ ᠶᠠᠪᠤᠳᠠᠯ ᠢ ᠡᠮᠬᠢᠳᠭᠡᠭᠰᠡᠨ ᠪᠠᠶᠢᠨ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号