ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠤᠷᠤᠭᠰᠢᠳᠠᠢ ᠶᠠᠪᠤᠭᠳᠠᠭᠤᠯᠵᠦ᠂ ᠠᠭᠠᠷ | ᠮᠠᠨᠳᠠᠯ ᠤᠨ ᠤᠷᠴᠢᠨ ᠲᠤᠭᠤᠷᠢᠨ ᠢ ᠰᠠᠶᠢᠵᠢᠷᠠᠭᠤᠯᠬᠤ ᠪᠠᠷ᠂ ᠤᠢᠢᠷ᠎ᠠ ᠶᠢᠨ ᠡᠳᠦᠷ᠂ ᠬᠢᠩᠭᠠᠨ ᠠᠶᠢᠮᠠᠭ ᠤᠨ ᠡᠳ᠋ ᠤᠨ | ᠵᠠᠰᠠᠭ ᠠᠴᠠ ᠲᠦᠪ ᠤᠨ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠲᠤᠰᠬᠠᠢ ᠪᠡᠯᠡ ᠮᠦᠩᠬᠦ ᠶᠢ 1436 | ᠲᠦᠮᠡᠨ ᠲᠦᠭᠦᠷᠢᠭ ᠲᠠᠷᠬᠠᠭᠠᠪᠠ᠃ | ᠲᠤᠰ ᠲᠤᠰᠬᠠᠢ ᠪᠡᠯᠡ ᠮᠦᠩᠬᠦ ᠶᠢ ᠭᠤᠤᠯᠳᠠᠭᠤ ᠲᠤᠤᠷᠠᠬᠢ ᠲᠠᠪᠤᠨ ᠲᠦᠷᠦᠯ ᠵᠦᠢᠯ ᠤᠨ ᠪᠠᠶᠢᠭᠤᠯᠤᠯᠳᠠ ᠳᠤ | ᠬᠡᠷᠡᠭᠯᠡᠬᠦ ᠪᠤᠯᠤᠨ᠎ᠠ᠃ ᠨᠢᠭᠡ ᠳᠤ᠂ ᠬᠢᠩᠭᠠᠨ ᠢᠯᠴᠢ ᠴᠠᠬᠢᠯᠭᠠᠨ ᠬᠦᠴᠦᠨ ᠤ ᠬᠢᠵᠠᠭᠠᠷᠳᠦ ᠺᠤᠮᠫᠠᠨᠢ ᠶᠢᠨ ᠲᠤᠭᠤᠭᠠᠳᠦ | ᠵᠤᠤᠬ᠎ᠠ ᠶᠢᠨ ᠬᠦᠬᠦᠷ ᠦᠭᠡᠶᠢᠳᠡᠬᠦᠯᠬᠦ ᠲᠦᠷᠦᠯ ᠵᠦᠢᠯ ᠤᠨ ᠮᠡᠷᠭᠡᠵᠢᠯ ᠤᠨ ᠦᠭᠡᠷᠡᠴᠢᠯᠡᠯᠳᠡ ᠳᠤ ᠬᠡᠷᠡᠭᠯᠡᠬᠦ ᠪᠤᠯᠤᠨ᠎ᠠ᠃ | ᠬᠤᠶᠠᠷ ᠲᠤ᠂ ᠦᠪᠦᠷ ᠮᠤᠩᠭᠤᠯ ᠤᠨ ᠵᠢᠩ ᠨᠧᠩ ᠴᠠᠬᠢᠯᠭᠠᠨ ᠭᠠᠷᠭᠠᠬᠤ ᠬᠢᠵᠠᠭᠠᠷᠳᠦ ᠺᠤᠮᠫᠠᠨᠢ ᠶᠢᠨ ᠮᠠᠰᠢᠨ | ᠲᠤᠨᠤᠭ ᠤᠨ ᠭᠠᠳᠠᠭᠰᠢᠯᠠᠭᠤᠯᠬᠤ ᠮᠡᠷᠭᠡᠵᠢᠯ ᠤᠨ ᠦᠭᠡᠷᠡᠴᠢᠯᠡᠯᠳᠡ ᠶᠢᠨ ᠲᠦᠷᠦᠯ ᠵᠦᠢᠯ ᠤᠨ ᠮᠠᠰᠢᠨ ᠲᠤᠨᠤᠭ ᠤᠨ | ᠲᠤᠭᠤᠰᠦ ᠶᠢ ᠠᠷᠢᠯᠭᠠᠨ ᠬᠦᠬᠦᠷ ᠦᠭᠡᠶᠢᠳᠡᠬᠦᠯᠵᠦ ᠭᠠᠳᠠᠭᠰᠢᠯᠠᠭᠤᠯᠬᠤ ᠶᠢ ᠪᠠᠭᠠᠰᠬᠠᠬᠤ ᠳᠤ ᠬᠡᠷᠡᠭᠯᠡᠨ᠎ᠠ᠃ | ᠭᠤᠷᠪᠠ ᠳᠤ᠂ ᠤᠯᠠᠭᠠᠨᠬᠤᠳᠠ ᠶᠢᠨ ᠲᠤᠭᠤᠭᠠᠳᠦ ᠵᠤᠤᠬ᠎ᠠ ᠳᠤ ᠴᠡᠭᠴᠡᠯᠡᠨ ᠵᠠᠰᠠᠯᠳᠠ ᠬᠢᠬᠦ ᠲᠦᠷᠦᠯ ᠵᠦᠢᠯ ᠤᠨ | 100t ᠤ ᠨᠡᠬᠦᠷᠡᠰᠦ ᠰᠢᠳᠠᠭᠠᠬᠤ ᠵᠢᠵᠢᠭ ᠲᠤᠭᠤᠭᠠᠳᠦ ᠵᠤᠤᠬ᠎ᠠ ᠶᠢ ᠲᠠᠶᠠᠭᠳᠠᠨ ᠦᠭᠡᠷᠡᠴᠢᠯᠡᠯᠳᠡ ᠬᠢᠬᠦ ᠳᠤ ᠬᠡᠷᠡᠭᠯᠡᠬᠦ | ᠪᠤᠯᠤᠨ᠎ᠠ᠃ ᠲᠦᠷᠪᠡ ᠳᠤ᠂ ᠲᠦᠴᠢᠤᠸᠠᠨ ᠰᠢᠶᠠᠨ ᠤ ᠰᠢᠨ ᠭᠤᠸᠠᠩ ᠢᠯᠴᠢ ᠶᠢᠨ ᠬᠦᠴᠦᠨ ᠤ ᠬᠢᠵᠠᠭᠠᠷᠳᠦ | ᠺᠤᠮᠫᠠᠨᠢ ᠶᠢᠨ ᠬᠤᠶᠠᠳᠤᠭᠠᠷ ᠢᠯᠴᠢ ᠬᠠᠩᠭᠠᠬᠤ ᠲᠤᠭᠤᠭᠠᠳᠦ ᠵᠤᠤᠬ᠎ᠠ ᠶᠢᠨ ᠬᠦᠬᠦᠷ ᠦᠭᠡᠶᠢᠳᠡᠬᠦᠯᠬᠦ ᠮᠡᠷᠭᠡᠵᠢᠯ ᠤᠨ | ᠦᠭᠡᠷᠡᠴᠢᠯᠡᠯᠳᠡ ᠶᠢᠨ ᠲᠦᠷᠦᠯ ᠵᠦᠢᠯ ᠤᠨ ᠤᠳᠤᠬᠢ ᠪᠠᠶᠢᠭ᠎ᠠ 4 ᠰᠠᠤᠷᠢ 220th ᠲᠤᠭᠤᠭᠠᠳᠦ ᠵᠤᠤᠬ᠎ᠠ ᠶᠢᠨ | ᠮᠡᠷᠭᠡᠵᠢᠯ ᠤᠨ ᠦᠭᠡᠷᠡᠴᠢᠯᠡᠯᠳᠡ ᠳᠤ ᠬᠡᠷᠡᠭᠯᠡᠬᠦ ᠪᠤᠯᠤᠨ᠎ᠠ᠃ ᠲᠠᠪᠤ ᠳᠤ᠂ ᠵᠠᠯᠠᠶᠢᠳ ᠬᠤᠰᠢᠭᠤᠨ ᠤ ᠢᠨᠳᠡᠷ | ᠪᠠᠯᠭᠠᠰᠦ ᠶᠢᠨ ᠤᠷᠤᠨ ᠤ ᠲᠦᠷᠢᠶᠠᠰᠦᠨ ᠮᠠᠰᠢᠨ ᠲᠡᠷᠭᠡ ᠪᠠ ᠨᠡᠶᠢᠳᠡ ᠶᠢᠨ ᠮᠠᠰᠢᠨ ᠲᠡᠷᠭᠡ ᠪᠦᠬᠦᠨ ᠠᠮᠢᠳᠦ | ᠪᠤᠳᠠᠰ ᠤᠨ ᠰᠢᠳᠠᠮᠠᠬᠠᠢ ᠬᠡᠢ ᠬᠡᠷᠡᠭᠯᠡᠬᠦ ᠲᠦᠷᠦᠯ ᠵᠦᠢᠯ ᠳᠤ ᠬᠡᠷᠡᠭᠯᠡᠬᠦ ᠪᠤᠯᠤᠨ᠎ᠠ᠃ |