ᠬᠢᠩᠭᠠᠨ ᠠᠶᠢᠮᠠᠭ ᠭᠠᠵᠠᠷ ᠰᠢᠷᠤᠢ ᠶᠢ ᠠᠰᠢᠭᠯᠠᠬᠤ ᠦᠷ᠎ᠠ ᠪᠦᠳᠦᠮᠵᠢ ᠪᠠᠨ ᠲᠠᠭᠡᠭᠰᠢᠯᠡᠭᠦᠯᠵᠤ ᠪᠤᠢ
ᠨᠡᠶᠢᠲᠡᠯᠡᠭᠰᠡᠨ ᠴᠠᠭ᠄
2017/6/26
    6 ᠰᠠᠷ᠎ᠠ ᠶᠢᠨ 25᠎ ᠤ ᠡᠳᠤᠷ ᠪᠤᠯ ︽ᠪᠦᠬᠦ ᠤᠯᠤᠰ ᠤᠨ ᠬᠤᠷᠢᠨ ᠲᠤᠯᠤᠳᠤᠭᠠᠷ ᠭᠠᠵᠠᠷ ᠰᠢᠷᠤᠢ ᠶᠢᠨ ᠡᠳᠦᠷᠯᠢᠭ︾ ᠪᠤᠯᠤᠨ᠎ᠠ᠃ ᠡᠨᠡ ᠵᠢᠯ ᠤᠨ ᠭᠠᠵᠠᠷ ᠰᠢᠷᠤᠢ ᠶᠢᠨ ᠡᠳᠦᠷᠯᠢᠭ ᠤᠨ ᠭᠤᠤᠯ ᠰᠡᠳᠤᠪ ᠪᠤᠯ ︽ᠭᠠᠵᠠᠷ ᠰᠢᠷᠤᠢ ᠬᠢᠭᠡᠳ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ︾ ᠪᠤᠯᠤᠨ᠎ᠠ᠃ ᠭᠠᠵᠠᠷ ᠰᠢᠷᠤᠢ ᠪᠤᠯ ᠬᠦᠮᠤᠨ ᠲᠦᠷᠦᠯᠬᠢᠳᠡᠨ ᠤ ᠤᠷᠤᠰᠢᠨ ᠲᠤᠭᠳᠠᠨᠢᠵᠤ ᠬᠦᠭᠵᠢᠬᠦ ᠶᠢᠨ ᠰᠠᠭᠤᠷᠢ ᠮᠦᠨ᠃ ᠮᠠᠨ ᠤ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠶᠡᠷᠤᠩᠬᠡᠢ ᠬᠡᠮᠵᠢᠶ᠎ᠠ ᠶᠡᠭᠡ᠂ ᠭᠡᠪᠡᠴᠤ ᠬᠦᠮᠤᠨ ᠪᠦᠷᠢ ᠳᠤ ᠨᠤᠭᠳᠠᠬᠤ ᠬᠡᠮᠵᠢᠶ᠎ᠠ ᠪᠠᠭ᠎ᠠ᠂ ᠤᠨᠴᠠᠭᠠᠢᠢᠯᠠᠨ ᠬᠦᠮᠤᠨ ᠪᠦᠷᠢ ᠳᠤ ᠨᠤᠭᠳᠠᠬᠤ ᠲᠠᠷᠢᠶᠠᠨ ᠭᠠᠵᠠᠷ ᠴᠦᠬᠡᠨ ᠶᠤᠮ᠃ ᠡᠨᠡ ᠨᠢ ᠬᠦᠮᠤᠨ ᠲᠦᠷᠦᠯᠬᠢᠳᠡᠨ ᠤ ᠠᠯᠠᠭᠠᠨ ᠴᠢᠨᠡᠭᠡ ᠭᠠᠵᠠᠷ ᠢ ᠴᠤ ᠨᠠᠨᠳᠢᠩᠨᠡᠨ ᠠᠰᠢᠭᠯᠠᠵᠤ᠂ ᠵᠦᠢ ᠵᠤᠬᠢᠰᠳᠠᠢ᠂ ᠰᠢᠨᠵᠢᠯᠡᠬᠦ ᠤᠬᠠᠭᠠᠨᠴᠢ ᠪᠠᠷ ᠭᠠᠵᠠᠷ ᠰᠢᠷᠤᠢ ᠶᠢ ᠠᠰᠢᠭᠯᠠᠬᠤ ᠪᠠ ᠬᠠᠮᠠᠭᠠᠯᠠᠬᠤ ᠶᠢ ᠱᠠᠭᠠᠷᠳᠠᠵᠤ ᠪᠠᠶᠢᠳᠠᠭ᠃ ᠬᠢᠩᠭᠠᠨ ᠠᠶᠢᠮᠠᠭ ︽ᠦᠨᠳᠤᠷ ᠪᠠᠷᠢᠮᠵᠢᠶᠠᠳᠦ ᠲᠠᠷᠢᠶᠠᠯᠠᠩ ᠢ ᠪᠠᠶᠢᠭᠤᠯᠬᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠳᠤᠯᠠᠬᠤ ︾ ᠲᠤᠭᠤᠷᠢᠨ ᠳᠤ᠂ ︽ᠬᠦᠳᠡᠭᠡ ᠲᠤᠰᠬᠤᠨ ᠤ ᠭᠠᠵᠠᠷ ᠰᠢᠷᠤᠢ ᠶᠢ ᠴᠡᠭᠴᠡᠯᠡᠨ ᠵᠠᠰᠠᠬᠤ ᠲᠦᠯᠤᠪᠵᠢᠬᠦᠯᠭᠡ︾᠎ ᠲᠠᠢ ᠤᠶᠠᠯᠳᠤᠭᠤᠯᠤᠨ ᠤᠯᠤᠰ ᠤᠨ ᠭᠠᠵᠠᠷ ᠰᠢᠷᠤᠢ ᠶᠢ ᠴᠡᠭᠴᠡᠯᠡᠨ ᠵᠠᠰᠠᠬᠤ ᠴᠢᠬᠤᠯᠠ ᠶᠡᠭᠡ ᠢᠨᠵᠧᠨᠧᠷᠢᠩ ᠪᠠ ᠲᠠᠷᠢᠶᠠᠨ ᠭᠠᠵᠠᠷ ᠪᠠ ᠠᠮᠤ ᠪᠤᠳᠠᠭᠠᠨ ᠤ ᠠᠮᠤᠷ ᠲᠦᠪᠰᠢᠨ ᠢ ᠴᠢᠬᠤᠯᠠᠴᠢᠯᠠᠬᠤ ᠠᠷᠭ᠎ᠠ ᠠᠪᠴᠠᠯ ᠢ ᠨᠠᠶᠢᠳᠠᠪᠤᠷᠢᠵᠢᠭᠤᠯᠬᠤ ᠲᠦᠷᠢᠮ ᠲᠤᠭᠳᠠᠭᠠᠯ ᠢ ᠶᠡᠬᠡᠪᠡᠷ ᠤᠬᠠᠭᠤᠯᠵᠤ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠰᠠᠬᠢᠬᠤ ᠴᠢᠬᠤᠯᠠ ᠴᠢᠨᠠᠷ ᠢ ᠰᠤᠷᠳᠠᠯᠴᠢᠯᠠᠵᠦ᠂ ᠬᠦᠳᠡᠭᠡ ᠲᠤᠰᠬᠤᠨ ᠤ ᠭᠠᠵᠠᠷ ᠰᠢᠷᠤᠢ ᠶᠢ ᠴᠡᠭᠴᠡᠯᠡᠨ ᠵᠠᠰᠠᠬᠤ ᠠᠵᠢᠯ ᠳᠤ ᠰᠠᠶᠢᠨ ᠰᠠᠶᠢᠬᠠᠨ ᠤᠷᠴᠢᠨ ᠲᠤᠭᠤᠷᠢᠨ ᠢ ᠪᠦᠷᠢᠯᠳᠤᠬᠦᠯᠤᠨ ᠦᠭᠴᠤ ᠪᠤᠢ᠃ ᠪᠦᠬᠦ ᠠᠶᠢᠮᠠᠭ ᠤᠨ ᠭᠠᠵᠠᠷ ᠰᠢᠷᠤᠢ ᠶᠢᠨ ᠲᠠᠯᠠᠪᠠᠢ 5513072.54 ᠡᡁᠧᠺᠲ᠋ᠠᠷ᠂ ᠲᠠᠷᠢᠶᠠᠨ ᠭᠠᠵᠠᠷ ᠤᠨ ᠲᠠᠯᠠᠪᠠᠢ 1263752.66 ᠡᡁᠧᠺᠲ᠋ᠠᠷ ᠪᠠᠶᠢᠵᠤ᠂ ᠤᠢᠢᠷ᠎ᠠ ᠶᠢᠨ ᠬᠡᠳᠤᠨ ᠵᠢᠯ ᠠᠴᠠ ᠨᠠᠰᠢ᠂ ᠮᠠᠨ ᠤ ᠠᠶᠢᠮᠠᠭ ᠭᠠᠵᠠᠷ ᠰᠢᠷᠤᠢ ᠶᠢ ᠵᠦᠢ ᠵᠤᠬᠢᠰᠳᠠᠢ᠂ ᠰᠢᠨᠵᠢᠯᠡᠬᠦ ᠤᠬᠠᠭᠠᠨᠴᠢ ᠪᠠᠷ ᠠᠰᠢᠭᠯᠠᠭᠠᠳ ᠨᠡᠯᠢᠶᠡᠳ ᠰᠠᠶᠢᠨ ᠠᠵᠤ ᠠᠬᠤᠢ ᠶᠢᠨ ᠦᠷ᠎ᠠ ᠠᠰᠢᠭ ᠪᠠ ᠠᠮᠢ ᠠᠬᠤᠢ ᠶᠢᠨ ᠬᠤᠤᠰ ᠦᠷ᠎ᠠ ᠠᠰᠢᠭ ᠢ ᠡᠭᠦᠳᠴᠠᠢ᠃ ᠭᠡᠪᠡᠴᠤ ᠤᠢᠢᠷ᠎ᠠ ᠶᠢᠨ ᠬᠤᠶᠠᠷ ᠵᠢᠯ ᠳᠤ ᠬᠤᠷ᠎ᠠ ᠪᠤᠷᠤᠭᠠᠨ ᠬᠤᠮᠰᠠᠳᠠᠵᠤ᠂ ᠤᠨᠴᠠᠭᠠᠢᠢᠯᠠᠨ ᠡᠨᠡ ᠵᠢᠯ ᠤᠨ ᠬᠠᠪᠤᠷ ᠠᠴᠠ ᠨᠠᠰᠢ ᠪᠠᠨ ᠤᠳᠤ ᠪᠤᠯᠳᠠᠯ᠎ᠠ ᠦᠨᠳᠤᠷ ᠬᠠᠯᠠᠭᠤᠨ ᠦᠷᠬᠦᠯᠵᠢᠯᠡᠭᠰᠡᠨ ᠮᠦᠷᠳᠡᠭᠡᠨ ᠪᠤᠷᠤᠭᠠᠨ ᠤᠷᠤᠭᠰᠠᠨ ᠭᠡᠮᠵᠢᠶ᠎ᠠ ᠨᠢ ᠲᠤᠩ ᠴᠦᠬᠡᠨ ᠪᠤᠯᠤᠭᠰᠠᠨ ᠠᠴᠠ ᠮᠠᠨ ᠤ ᠠᠶᠢᠮᠠᠭ 60 ᠵᠢᠯ ᠳᠤ ᠭᠠᠷᠤᠭ᠎ᠠ ᠦᠭᠡᠢ ᠭᠠᠩ ᠭᠠᠴᠢᠭ ᠲᠤ ᠲᠠᠭᠠᠷᠢᠭᠳᠠᠵᠠᠢ᠃ ᠶᠠᠭ ᠡᠨᠡᠬᠦ ᠪᠠᠶᠢᠳᠠᠯ ᠳᠤ ᠴᠢᠭᠯᠡᠬᠦᠯᠤᠨ᠂ ᠠᠶᠢᠮᠠᠭ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠰᠢᠰᠲᠧᠮ ᠤᠨ ᠬᠢᠨ ᠭᠠᠵᠠᠷ ᠰᠢᠷᠤᠢ ᠶᠢ ᠴᠡᠭᠴᠡᠯᠡᠨ ᠵᠠᠰᠠᠬᠤ ᠪᠠ ᠦᠨᠳᠤᠷ ᠪᠠᠷᠢᠮᠵᠢᠶᠠᠳᠦ ᠲᠠᠷᠢᠶᠠᠯᠠᠩ ᠤᠨ ᠪᠠᠶᠢᠭᠤᠯᠤᠯᠳᠠ ᠶᠢᠨ ᠲᠦᠷᠤᠯ ᠵᠦᠢᠯ ᠢ 6729891 ᠡᡁᠧᠺᠲ᠋ᠠᠷ ᠬᠡᠷᠡᠭᠵᠢᠬᠦᠯᠵᠤ᠂ ᠲᠠᠷᠢᠶᠠᠯᠠᠩ ᠤᠨ ᠤᠰᠤᠨ ᠠᠰᠢᠭᠯᠠᠯᠳᠠ ᠶᠢᠨ ᠰᠠᠭᠤᠷᠢ ᠲᠦᠬᠦᠭᠡᠷᠤᠮᠵᠢ ᠶᠢᠨ ᠪᠠᠶᠢᠭᠤᠯᠤᠯᠳᠠ ᠶᠢ ᠶᠡᠬᠡᠪᠡᠷ ᠴᠢᠩᠭᠠᠳᠬᠠᠵᠤ᠂ ᠲᠠᠷᠢᠶᠠᠯᠠᠩ ᠤᠨ ᠭᠠᠩ ᠬᠠᠭᠰᠠᠷᠠᠭᠠᠨ ᠢ ᠡᠰᠡᠷᠬᠦᠴᠡᠬᠦ ᠴᠢᠳᠠᠪᠤᠷᠢ ᠶᠢ ᠲᠡᠭᠡᠭᠰᠢᠯᠡᠬᠦᠯᠵᠤ᠂ ᠲᠠᠷᠢᠶᠠᠴᠢᠳ ᠤᠨ ᠭᠠᠩ ᠬᠠᠭᠰᠠᠷᠠᠭᠠᠨ ᠠᠴᠠ ᠪᠤᠯᠤᠭᠰᠠᠨ ᠬᠤᠬᠢᠷᠠᠯ ᠢ ᠴᠢᠳᠠᠯ ᠤᠨ ᠬᠢᠷᠢ ᠪᠠᠷ ᠢᠶᠠᠨ ᠪᠠᠭᠠᠰᠬᠠᠵᠤ ᠪᠤᠢ᠃       ᠡᠨᠡ ᠬᠠᠪᠤᠷ ᠠᠴᠠ ᠨᠠᠰᠢ᠂ ᠲᠤᠰ ᠲᠤᠪᠴᠢᠶ᠎ᠠ ᠪᠦᠬᠦ ᠠᠶᠢᠮᠠᠭ ᠲᠤ ᠲᠠᠷᠢᠶ᠎ᠠ ᠤᠰᠤᠯᠠᠬᠤ ᠴᠠᠬᠢᠯᠭᠠᠨ ᠬᠤᠳᠳᠤᠭ ᠢ 1422 ᠮᠠᠯᠳᠠᠨ ᠦᠭᠴᠤ᠂ 4600 ᠮᠠᠯᠴᠢᠨ ᠲᠠᠷᠢᠶᠠᠴᠢᠨ ᠡᠷᠤᠭᠡ ᠳᠤ ᠠᠰᠢᠭ ᠬᠦᠷᠳᠡᠭᠡᠵᠠᠢ᠃ 2007 ᠤᠨ ᠠᠴᠠ ᠨᠠᠰᠢ᠂ ᠪᠦᠬᠦ ᠠᠶᠢᠮᠠᠭ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠰᠢᠰᠲ᠋ᠧᠮ ᠤᠨ ᠬᠢᠨ ᠭᠠᠵᠠᠷ ᠰᠢᠷᠤᠢ ᠶᠢ ᠴᠡᠭᠴᠡᠯᠡᠨ ᠵᠠᠰᠠᠬᠤ ᠪᠠ ᠦᠨᠳᠤᠷ ᠪᠠᠷᠢᠮᠵᠢᠶᠠᠳᠦ ᠲᠠᠷᠢᠶᠠᠯᠠᠩ ᠤᠨ ᠪᠠᠶᠢᠭᠤᠯᠤᠯᠳᠠ ᠶᠢᠨ ᠲᠦᠷᠤᠯ ᠵᠦᠢᠯ ᠢ ᠨᠡᠶᠢᠳᠡ 381 ᠲᠦᠮᠡᠨ ᠮᠤ᠋ ᠬᠡᠷᠡᠭᠵᠢᠬᠦᠯᠵᠤ᠂ ᠤᠳᠤ ᠪᠤᠯᠳᠠᠯ᠎ᠠ ᠨᠢᠭᠡᠨᠳᠡ 177 ᠲᠦᠮᠡᠨ ᠮᠤ᠋ ᠶᠢ ᠨᠢ ᠠᠵᠢᠯ ᠲᠠᠭᠤᠰᠬᠠᠵᠤ᠂ ᠡᠨᠡ ᠵᠢᠯ ᠤᠨ ᠲᠠᠷᠢᠶᠠᠯᠠᠩ ᠤᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠳᠤ ᠨᠡᠯᠢᠶᠡᠳ ᠰᠠᠶᠢᠨ ᠤᠢᠢᠯᠡᠳᠤᠯ ᠦᠵᠡᠬᠦᠯᠵᠤ ᠪᠤᠢ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号