ᠬᠢᠩᠭᠠᠨ ᠠᠶᠢᠮᠠᠭ ᠤᠨ ᠡᠳ᠋ ᠤᠨ ᠵᠠᠰᠠᠭ ᠠᠴᠠ 2017 ᠤᠨ ᠤ ᠤᠨᠳᠤᠤ ᠭᠠᠵᠠᠷ ᠨᠡᠬᠦᠯᠭᠡᠵᠤ ᠶᠠᠳᠠᠭᠤ ᠶᠢ ᠲᠡᠳᠬᠦᠬᠦ ᠨᠦᠬᠦᠪᠦᠷᠢ ᠳᠠᠷᠬᠠᠭᠠᠪᠠ
ᠨᠡᠶᠢᠲᠡᠯᠡᠭᠰᠡᠨ ᠴᠠᠭ᠄
2017/6/26
    ᠶᠠᠳᠠᠭᠤ ᠬᠦᠴᠢᠷᠳᠡᠢ ᠬᠦᠮᠦᠨ ᠠᠮᠠ ᠶᠢᠨ ᠰᠠᠭᠤᠬᠤ ᠤᠷᠤᠨ ᠰᠠᠭᠤᠴᠠ ᠶᠢᠨ ᠪᠠᠶᠢᠭᠤᠯᠤᠯᠳᠠ ᠶᠢᠨ ᠠᠰᠠᠭᠤᠳᠠᠯ ᠢ ᠪᠦᠳᠦᠮᠵᠢᠳᠡᠢ ᠰᠢᠢᠳᠪᠦᠷᠢᠯᠡᠬᠦ ᠪᠠᠷ᠂ ᠤᠢᠢᠷ᠎ᠠ ᠳᠤ ᠠᠶᠢᠮᠠᠭ ᠤᠨ ᠡᠳ᠋ ᠤᠨ ᠵᠠᠰᠠᠭ ᠠᠴᠠ 2017 ᠤᠨ ᠤ ᠲᠦᠪ ᠤᠨ ᠤᠨᠳᠤᠤ ᠭᠠᠵᠠᠷ ᠨᠡᠬᠦᠯᠭᠡᠬᠦ ᠶᠠᠳᠠᠭᠤ ᠶᠢ ᠲᠡᠳᠬᠦᠬᠦ ᠨᠦᠬᠦᠪᠦᠷᠢ ᠮᠦᠩᠬᠦ ᠶᠢ 4441.6 ᠲᠦᠮᠡᠨ ᠲᠦᠭᠦᠷᠢᠭ ᠲᠠᠷᠬᠠᠭᠠᠵᠠᠢ᠃ ᠡᠭᠦᠨ ᠳᠤ᠂ ᠤᠯᠠᠭᠠᠨᠬᠤᠳᠠ ᠳᠤ 960 ᠲᠦᠮᠡᠨ ᠲᠦᠭᠦᠷᠢᠭ᠂ ᠬᠤᠷᠴᠢᠨ ᠪᠠᠷᠠᠭᠤᠨ ᠭᠠᠷᠤᠨ ᠲᠤᠮᠳᠠᠳᠦ ᠬᠤᠰᠢᠭᠤᠨ ᠳᠤ 880 ᠲᠦᠮᠡᠨ ᠲᠦᠭᠦᠷᠢᠭ᠂ ᠵᠠᠯᠠᠶᠢᠳ ᠬᠤᠰᠢᠭᠤᠨ ᠳᠤ 841.6 ᠲᠦᠮᠡᠨ ᠲᠦᠭᠦᠷᠢᠭ᠂ ᠲᠦᠴᠢᠤᠸᠠᠨ ᠰᠢᠶᠠᠨ ᠳᠤ 720 ᠲᠦᠮᠡᠨ ᠲᠦᠭᠦᠷᠢᠭ᠂ ᠷᠠᠰᠢᠶᠠᠨ ᠬᠤᠳᠠ ᠳᠤ 240 ᠲᠦᠮᠡᠨ ᠲᠦᠭᠦᠷᠢᠭ ᠲᠠᠷᠬᠠᠭᠠᠪᠠ᠃        ᠲᠤᠰ ᠤᠳᠠᠭᠠᠨ ᠤ ᠲᠠᠷᠬᠠᠭᠠᠭᠰᠠᠨ ᠤᠨᠳᠤᠤ ᠭᠠᠵᠠᠷ ᠨᠡᠬᠦᠯᠭᠡᠬᠦ ᠶᠠᠳᠠᠭᠤ ᠶᠢ ᠲᠡᠳᠬᠦᠬᠦ ᠨᠦᠬᠦᠪᠦᠷᠢ ᠶᠢ ᠲᠠᠩᠰᠠ ᠡᠪᠬᠡᠮᠡᠯ ᠪᠠᠶᠢᠭᠤᠯᠤᠭᠰᠠᠨ ᠶᠠᠳᠠᠭᠤ ᠬᠦᠴᠢᠷᠳᠡᠢ ᠡᠷᠦᠭᠡ ᠳᠤ ᠬᠡᠷᠡᠭᠯᠡᠬᠦ ᠪᠤᠯᠤᠨ᠎ᠠ᠃ ᠮᠠᠨ ᠤ ᠠᠶᠢᠮᠠᠭ ᠤᠨ ᠲᠡᠭᠡᠭᠰᠢ ᠮᠡᠳᠡᠬᠦᠯᠦᠭᠰᠡᠨ ᠤᠨᠳᠤᠤ ᠭᠠᠵᠠᠷ ᠨᠡᠭᠦᠯᠭᠡᠬᠦ ᠲᠠᠩᠰᠠ ᠡᠪᠬᠡᠮᠡᠯ ᠪᠠᠶᠢᠭᠤᠯᠤᠭᠰᠠᠨ ᠶᠠᠳᠠᠭᠤ ᠬᠦᠴᠢᠷᠳᠡᠢ ᠬᠦᠮᠦᠨ ᠠᠮᠠ ᠨᠡᠶᠢᠳᠡ 5552 ᠪᠤᠢ᠃ ᠡᠭᠦᠨ ᠳᠤ ᠤᠯᠠᠭᠠᠨᠬᠤᠳᠠ ᠳᠤ 1200 ᠬᠦᠮᠦᠨ᠂ ᠲᠤᠮᠳᠠᠳᠦ ᠬᠤᠰᠢᠭᠤᠨ ᠳᠤ 1100 ᠬᠦᠮᠦᠨ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠳᠤ 1000 ᠬᠦᠮᠦᠨ᠂ ᠵᠠᠯᠠᠶᠢᠳ ᠬᠤᠰᠢᠭᠤᠨ ᠳᠤ 1052 ᠬᠦᠮᠦᠨ᠂ ᠲᠦᠴᠢᠤᠸᠠᠨ ᠰᠢᠶᠠᠨ ᠳᠤ 900 ᠬᠦᠮᠦᠨ᠂ ᠷᠠᠰᠢᠶᠠᠨ ᠬᠤᠳᠠ ᠳᠤ 300 ᠬᠦᠮᠦᠨ ᠪᠠᠶᠢᠵᠦ᠂ ᠬᠦᠮᠦᠨ ᠪᠦᠷᠢ ᠳᠤ ᠨᠦᠬᠦᠪᠦᠷᠢᠯᠡᠬᠦ ᠪᠠᠷᠢᠮᠵᠢᠶ᠎ᠠ ᠨᠢ 0.8 ᠲᠦᠮᠡᠨ ᠲᠦᠭᠦᠷᠢᠭ ᠪᠤᠯᠤᠨ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号