ᠬᠢᠩᠭᠠᠨ ᠠᠶᠢᠮᠠᠭ ᠤᠨ ︽ᠺᠧ ᠸᠧᠢ︾ ᠲᠠᠸᠠᠷ ᠤᠨ ᠲᠡᠮᠳᠡᠭ ᠦᠪᠡᠷᠳᠡᠭᠡᠨ ᠵᠠᠰᠠᠬᠤ ᠤᠷᠤᠨ ᠤ ᠨᠡᠷᠡᠳᠦ ᠲᠠᠸᠠᠷ ᠤᠨ ᠲᠡᠮᠳᠡᠭ ᠪᠤᠯᠪᠠ
ᠨᠡᠶᠢᠲᠡᠯᠡᠭᠰᠡᠨ ᠴᠠᠭ᠄
2017/6/26
   ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠡᠷᠡᠳᠦ ᠲᠠᠸᠠᠷ ᠤᠨ ᠲᠡᠮᠳᠡᠭ ᠢ ᠬᠢᠨᠠᠨ ᠲᠤᠭᠳᠠᠭᠠᠬᠤ ᠺᠤᠮᠢᠰ ᠤᠨ ᠲᠤᠰᠬᠠᠢ ᠮᠡᠷᠭᠡᠵᠢᠯᠳᠡᠨ ᠠᠴᠠ ᠵᠠᠬ᠎ᠠ ᠲᠡᠯᠭᠡᠭᠦᠷ ᠢ ᠡᠵᠡᠯᠡᠬᠦ ᠨᠤᠷᠮ᠎ᠠ᠂ ᠲᠠᠸᠠᠷ ᠤᠨ ᠨᠡᠷ᠎ᠠ ᠠᠯᠳᠠᠷ ᠤᠨ ᠬᠡᠮᠵᠢᠶ᠎ᠠ᠂ ᠠᠵᠦ ᠠᠬᠤᠢᠢᠯᠠᠯ ᠤᠨ ᠬᠦᠭᠵᠢᠯᠳᠡ ᠶᠢᠨ ᠠᠯᠤᠰ ᠬᠡᠳᠦ ᠶᠢᠨ ᠲᠦᠯᠦᠪ ᠵᠡᠷᠭᠡ ᠤᠯᠠᠨ ᠲᠠᠯ᠎ᠠ ᠠᠴᠠ ᠨᠠᠷᠢᠨ ᠬᠢᠨᠠᠮᠠᠭᠠᠢ ᠲᠦᠪ ᠴᠢᠩᠭ᠎ᠠ ᠪᠠᠷ ᠰᠢᠯᠢᠵᠦ ᠰᠤᠩᠭᠤᠬᠤ ᠪᠠᠷ ᠲᠠᠮᠵᠢᠨ᠂ ᠮᠠᠨ ᠤ ᠠᠶᠢᠮᠠᠭ ᠤᠨ ᠺᠧ ᠸᠧᠢ ᠢᠳᠡᠭᠡᠨ ᠤ ᠬᠢᠵᠠᠭᠠᠷᠳᠦ ᠺᠤᠮᠫᠠᠨᠢ ᠶᠢᠨ ︽ᠺᠧ ᠸᠧᠢ︾ ᠲᠠᠸᠠᠷ ᠤᠨ ᠲᠡᠮᠳᠡᠭ ᠨᠢ ᠮᠠᠨ ᠤ ᠤᠷᠤᠨ ᠤ ᠨᠡᠷᠡᠳᠦ ᠲᠠᠸᠠᠷ ᠤᠨ ᠲᠡᠮᠳᠡᠭ ᠢᠶᠠᠷ ᠦᠨᠡᠯᠡᠭᠳᠡᠪᠠ᠃    ᠺᠧ ᠸᠧᠢ ᠢᠳᠡᠭᠡᠨ ᠤ ᠬᠢᠵᠠᠭᠠᠷᠳᠦ ᠺᠤᠮᠫᠠᠨᠢ ᠠᠴᠠ ︽ᠺᠤᠮᠫᠠᠨᠢ + ᠰᠠᠭᠤᠷᠢᠨ ᠭᠠᠵᠠᠷ + ᠵᠢᠮᠢᠰ ᠤᠨ ᠲᠠᠷᠢᠶᠠᠴᠢᠨ︾ ᠬᠡᠯᠪᠡᠷᠢ ᠶᠢᠨ ᠡᠵᠡᠩᠨᠡᠯᠳᠡ ᠶᠢᠨ ᠠᠷᠭ᠎ᠠ ᠬᠡᠯᠪᠡᠷᠢ ᠶᠢ ᠬᠡᠷᠡᠭᠯᠡᠵᠦ᠂ ᠶᠠᠮᠠᠷᠴᠦ ᠨᠡᠮᠡᠯᠳᠡ ᠡᠳ᠋ ᠬᠢᠬᠦ ᠦᠭᠡᠢ ᠪᠠᠷ ᠪᠤᠬᠢᠷᠳᠤᠯ ᠦᠭᠡᠢ ᠤᠷᠭᠠᠨᠢᠭ ᠪᠦᠳᠦᠭᠡᠭᠳᠡᠬᠦᠨ ᠦᠢᠯᠡᠳᠪᠦᠷᠢᠯᠡᠵᠦ᠂ ᠪᠦᠳᠦᠭᠡᠭᠳᠡᠬᠦᠨ ᠨᠢ ᠵᠢᠮᠢᠰ ᠤᠨ ᠰᠢᠬᠦᠰᠦ᠂ ᠬᠠᠳᠠᠭᠠᠭᠰᠠᠨ ᠵᠢᠮᠢᠰ ᠵᠡᠷᠭᠡ 20 ᠭᠠᠷᠤᠢ ᠲᠦᠷᠦᠯ ᠵᠦᠢᠯ ᠪᠠᠶᠢᠨ᠎ᠠ᠃        ᠤᠢᠢᠷ᠎ᠠ ᠶᠢᠨ ᠵᠢᠯ ᠠᠴᠠ ᠨᠠᠰᠢ᠂ ᠲᠤᠰ ᠠᠵᠦ ᠠᠬᠤᠢᠢᠯᠠᠯ ᠨᠢ ᠨᠡᠷᠡᠳᠦ ᠲᠡᠮᠳᠡᠭ ᠢ ᠡᠭᠦᠳᠬᠦ᠂ ᠪᠦᠳᠦᠭᠡᠭᠳᠡᠬᠦᠨ ᠤ ᠴᠢᠨᠠᠷ ᠴᠢᠨᠰᠠᠭ᠎ᠠ ᠪᠠᠨ ᠲᠡᠭᠡᠭᠰᠢᠯᠡᠬᠦᠯᠬᠦ᠂ ᠪᠤᠭᠤᠳᠠᠯᠯᠠᠬᠤ ᠵᠡᠷᠭᠡ ᠲᠠᠯ᠎ᠠ ᠠᠴᠠ ᠪᠡᠯᠡ ᠤᠷᠤᠭᠤᠯᠤᠯᠳᠠ ᠶᠢᠨ ᠬᠦᠴᠦᠯᠡᠴᠡ ᠪᠠᠨ ᠨᠡᠮᠡᠭᠳᠡᠬᠦᠯᠦᠭᠰᠠᠨ ᠠᠴᠠ ᠲᠠᠸᠠᠷ ᠤᠨ ᠪᠦᠳᠦᠭᠡᠭᠳᠡᠬᠦᠨ ᠤ ᠵᠠᠬ᠎ᠠ ᠲᠡᠯᠭᠡᠭᠦᠷ ᠤᠨ ᠡᠵᠡᠯᠡᠬᠦ ᠬᠠᠷᠢᠴᠠᠯ ᠤᠯᠠᠮ ᠠᠴᠠ ᠤᠯᠠᠮ ᠲᠡᠭᠡᠭᠰᠢᠯᠡᠵᠦ᠂ ᠪᠡᠭᠡᠵᠢᠩ᠂ ᠲᠢᠶᠠᠨᠵᠢᠨ᠂ ᠳ᠋ᠠᠯᠢᠶᠠᠨ᠂ ᠬᠦᠬᠡᠬᠤᠳᠠ ᠵᠡᠷᠭᠡ ᠭᠠᠵᠠᠷ ᠤᠷᠤᠨ ᠤ ᠠᠵᠦ ᠠᠬᠤᠢᠢᠯᠠᠯ ᠲᠠᠢ ᠵᠦᠪᠯᠡᠯᠴᠡᠭᠡᠷ ᠲᠤᠭᠳᠠᠵᠦ᠂ ᠨᠡᠷ᠎ᠠ ᠠᠯᠳᠠᠷ ᠨᠢ ᠶᠡᠭᠡᠪᠡᠷ ᠮᠠᠨᠳᠤᠭᠰᠠᠨ ᠪᠠᠶᠢᠨ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号