ᠵᠠᠩ ᠡᠸ᠋ᠨ ᠬᠤᠢ ᠤᠯᠠᠭᠠᠨᠬᠤᠳᠠ ᠡᠮᠤᠨᠡᠳᠤ ᠬᠤᠰᠢᠭᠤ ᠪᠠᠷ ᠬᠤᠳᠠ ᠶᠢᠨ ᠪᠠᠶᠢᠭᠤᠯᠤᠯᠳᠠ ᠶᠢᠨ ᠠᠵᠢᠯ ᠤᠨ ᠲᠤᠬᠠᠢ ᠰᠢᠨᠵᠢᠯᠡᠨ ᠪᠠᠶᠢᠴᠠᠭᠠᠯᠳᠠ ᠬᠢᠪᠡ
ᠨᠡᠶᠢᠲᠡᠯᠡᠭᠰᠡᠨ ᠴᠠᠭ᠄
2017/6/26
    6 ᠰᠠᠷ᠎ᠠ ᠶᠢᠨ 6 ᠤ ᠡᠳᠤᠷ᠂ ᠠᠶᠢᠮᠠᠭ ᠤᠨ ᠨᠠᠮ ᠤᠨ ᠬᠤᠷᠢᠶᠡᠨ ᠤ ᠱᠦᠵᠢ ᠵᠠᠩ ᠡᠸ᠋ᠨ ᠬᠤᠢ ᠤᠯᠠᠭᠠᠨᠬᠤᠳᠠ ᠪᠠ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤ ᠪᠠᠷ ᠭᠦᠨᠵᠡᠬᠡᠶᠢᠷᠡᠨ᠂ ᠬᠤᠳᠠ ᠶᠢᠨ ᠪᠠᠶᠢᠭᠤᠯᠤᠯᠳᠠ ᠶᠢᠨ ᠠᠵᠢᠯ ᠤᠨ ᠪᠠᠶᠢᠳᠠᠯ ᠳᠤ ᠰᠢᠨᠵᠢᠯᠡᠨ ᠪᠠᠶᠢᠴᠠᠭᠠᠯᠳᠠ ᠬᠢᠵᠠᠢ᠃ ᠲᠡᠷᠡ ᠴᠢᠬᠤᠯᠠᠴᠢᠯᠠᠭᠰᠠᠨ ᠨᠢ᠂ ᠬᠤᠳᠠ ᠶᠢᠨ ᠪᠠᠶᠢᠭᠤᠯᠤᠯᠳᠠ ᠶᠢᠨ ᠡᠯ᠎ᠠ ᠵᠦᠢᠯ ᠤᠨ ᠠᠵᠢᠯ ᠢ ᠲᠦᠷᠬᠡᠨ ᠠᠴᠠ ᠲᠦᠷᠭᠡᠨ ᠴᠢᠩᠭ᠎ᠠ ᠠᠴᠠ ᠴᠢᠩᠭ᠎ᠠ ᠠᠳᠬᠤᠵᠤ᠂ ᠬᠦᠴᠤᠯᠡᠴᠡ ᠪᠠᠨ ᠴᠢᠩᠭᠠᠳᠬᠠᠨ᠂ ᠠᠬᠢᠴᠠ ᠪᠠᠨ ᠱᠠᠯᠠᠪᠳᠠᠭᠤᠯᠤᠨ᠂ ᠬᠤᠳᠠ ᠶᠢᠨ ᠰᠢᠨ᠎ᠠ ᠬᠢᠯᠡᠰ ᠴᠡᠭ ᠢ ᠡᠭᠦᠳᠬᠦ᠂ ᠬᠤᠳᠠ ᠶᠢᠨ ᠰᠢᠨ᠎ᠠ ᠲᠦᠷᠢ ᠲᠦᠷᠬᠦ ᠶᠢ ᠪᠤᠢ ᠪᠤᠯᠭᠠᠬᠤ ᠭᠡᠷᠡᠭᠳᠡᠢ ᠭᠡᠵᠠᠢ᠃         ᠭᠦᠢᠯᠡᠷ ᠭᠤᠤᠯ ᠤᠨ ᠦᠵᠡᠮᠵᠢ ᠶᠢᠨ ᠪᠦᠰᠡ ᠶᠢ ᠪᠠᠶᠢᠭᠤᠯᠬᠤ ᠢᠨᠵᠧᠨᠧᠷᠢᠩ ᠤᠨ ᠲᠤᠬᠠᠢ ᠶᠢᠨ ᠲᠠᠯᠠᠪᠠᠢ ᠳᠤ᠂ ᠵᠠᠩ ᠡᠸ᠋ᠨ ᠬᠤᠢ ᠵᠢᠭᠠᠵᠤ ᠭᠠᠷᠭᠠᠭᠰᠠᠨ ᠨᠢ᠂ ᠭᠦᠢᠯᠡᠷ ᠭᠤᠤᠯ ᠤᠨ ᠬᠤᠶᠠᠷ ᠬᠦᠪᠡᠬᠡᠨ ᠤ ᠦᠵᠡᠮᠵᠢ ᠶᠢᠨ ᠪᠦᠰᠡ ᠶᠢᠨ ᠢᠨᠵᠧᠨᠧᠷᠢᠩ ᠪᠤᠯ ᠬᠤᠳᠠ ᠶᠢᠨ ᠲᠦᠷᠢ ᠲᠦᠷᠬᠦ ᠶᠢ ᠲᠡᠭᠡᠭᠰᠢᠯᠡᠬᠦᠯᠵᠤ᠂ ᠠᠵᠢᠯᠯᠠᠵᠤ ᠠᠮᠢᠳᠤᠷᠠᠨ ᠵᠤᠭᠠᠴᠠᠬᠤ ᠳᠤ ᠲᠠᠭᠠᠯᠠᠮᠵᠢᠳᠠᠢ ᠬᠤᠳᠠ ᠶᠢ ᠪᠠᠶᠢᠭᠤᠯᠬᠤ ᠴᠢᠬᠤᠯᠠ ᠢᠨᠵᠧᠨᠧᠷᠢᠩ ᠪᠤᠯᠤᠨ᠎ᠠ᠃ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠪᠠ ᠤᠯᠠᠭᠠᠨᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠤᠷᠳᠤᠨ ᠠᠴᠠ ᠰᠢᠨᠵᠢᠯᠡᠬᠦ ᠤᠬᠠᠭᠠᠨᠴᠢ ᠵᠦᠢ ᠵᠤᠬᠢᠰᠳᠠᠢ ᠪᠠᠷ ᠲᠦᠰᠤᠪᠯᠡᠨ ᠲᠦᠯᠤᠪᠵᠢᠬᠦᠯᠵᠤ᠂ ᠭᠦᠢᠯᠡᠷ ᠭᠤᠤᠯ ᠤᠨ ᠬᠤᠶᠠᠷ ᠬᠦᠪᠡᠭᠡ ᠶᠢ ᠨᠢᠭᠡ ᠴᠤᠭᠴᠠᠵᠢᠭᠤᠯᠤᠭᠰᠠᠨ ᠭᠡᠭᠡᠨᠴᠢᠷᠯᠡᠬᠦᠯᠬᠦ ᠢᠨᠵᠧᠨᠧᠷᠢᠩ ᠢ ᠲᠦᠯᠬᠢᠨ ᠠᠬᠢᠭᠤᠯᠬᠤ ᠬᠡᠷᠡᠭᠳᠡᠢ ᠭᠡᠵᠠᠢ᠃         ᠤᠯᠠᠭᠠᠨᠬᠤᠳᠠ ᠶᠢᠨ ᠬᠠᠨ ᠠᠭᠤᠯᠠ ᠵᠡᠭᠡᠯᠢ᠂ ᠡᠤ ᠢ ᠵᠠᠮ᠂ ᠬᠢᠩᠭᠠᠨ ᠵᠠᠮ ᠵᠡᠷᠭᠡ ᠭᠠᠵᠠᠷ ᠤᠳ ᠢᠶᠠᠷ ᠬᠤᠳᠠ ᠶᠢ ᠵᠠᠰᠠᠨ ᠰᠢᠨᠡᠳᠭᠡᠬᠦ ᠪᠠᠶᠢᠭᠤᠯᠤᠯᠳᠠ ᠪᠠ ᠠᠮᠢ ᠠᠬᠤᠢ ᠶᠢ ᠰᠡᠷᠭᠦᠭᠡᠬᠦ ᠢᠨᠵᠧᠨᠧᠷᠢᠩ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠦᠵᠡᠬᠦ ᠳᠡᠭᠡᠨ ᠴᠢᠬᠤᠯᠠᠴᠢᠯᠠᠭᠰᠠᠨ ᠨᠢ᠂ ᠵᠠᠰᠠᠭᠳᠤ ᠵᠡᠭᠡᠯᠢ ᠲᠠᠭᠠᠤ ᠪᠠ ᠬᠠᠨ ᠠᠭᠤᠯᠠ ᠶᠢᠨ ᠠᠮᠢ ᠠᠬᠤᠢ ᠶᠢ ᠰᠡᠷᠭᠦᠭᠡᠬᠦ ᠢᠨᠵᠧᠨᠧᠷᠢᠩ ᠤᠨ ᠠᠬᠢᠴᠠ ᠶᠢ ᠲᠦᠷᠭᠡᠳᠭᠡᠵᠤ᠂ ᠤᠯᠠᠭᠠᠨᠬᠤᠳᠠ ᠶᠢ ᠠᠵᠢᠯᠯᠠᠵᠤ ᠠᠮᠢᠳᠤᠷᠠᠬᠤ ᠵᠤᠭᠠᠴᠠᠬᠤ ᠳᠤ ᠲᠠᠭᠠᠯᠠᠮᠵᠢᠳᠠᠢ ᠬᠤᠳᠠ ᠪᠤᠯᠭᠠᠨ ᠴᠤᠭᠴᠠᠯᠠᠨ ᠪᠠᠶᠢᠭᠤᠯᠵᠤ᠂ ᠤᠯᠠᠨ ᠲᠦᠮᠡᠨ ᠤ ᠵᠤᠯ ᠵᠢᠷᠭᠠᠯ ᠤᠨ ᠵᠢᠭᠠᠯᠳᠠ ᠲᠤᠭ᠎ᠠ ᠪᠠ ᠬᠤᠳᠠ ᠶᠢᠨ ᠪᠦᠬᠦ᠋ᠢᠯᠡ ᠲᠦᠷᠢ ᠲᠦᠷᠬᠦ ᠶᠢ ᠲᠠᠰᠤᠷᠠᠯᠳᠠ ᠦᠭᠡᠢ ᠲᠡᠭᠡᠭᠰᠢᠯᠡᠬᠦᠯᠬᠦ ᠬᠡᠷᠡᠭᠳᠡᠢ ᠭᠡᠵᠠᠢ᠃         ᠵᠠᠩ ᠡᠸ᠋ᠨ ᠬᠤᠢ ᠴᠢᠬᠤᠯᠠᠴᠢᠯᠠᠭᠰᠠᠨ ᠨᠢ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠨᠢᠭᠡᠳᠤᠯᠳᠠᠢ ᠲᠦᠯᠤᠪᠵᠢᠬᠦᠯᠤᠨ ᠵᠤᠬᠢᠴᠠᠭᠤᠯᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠡᠮᠵᠢᠯᠭᠡ ᠶᠢᠨ ᠬᠦᠴᠤᠯᠡᠴᠡ ᠪᠠᠨ ᠴᠢᠩᠭᠠᠳᠬᠠᠨ᠂ ᠡᠯ᠎ᠠ ᠵᠦᠢᠯ ᠤᠨ ᠢᠨᠵᠧᠨᠧᠷᠢᠩ ᠤᠨ ᠤᠷᠤᠭᠰᠢᠳᠠᠢ ᠶᠠᠪᠤᠭᠳᠠᠬᠤ ᠶᠢ ᠪᠠᠳᠤᠯᠠᠬᠤ ᠬᠡᠷᠡᠭᠳᠡᠢ᠃ ᠡᠯ᠎ᠠ ᠭᠠᠵᠠᠷ ᠤᠨ ᠬᠢᠨ ᠦᠷᠬᠦᠯᠵᠢᠯᠡᠨ ᠠᠵᠢᠯ ᠤᠨ ᠨᠠᠶᠢᠳᠠᠪᠤᠷᠢᠵᠢᠭᠤᠯᠤᠯᠳᠠ ᠶᠢ ᠦᠷᠬᠦᠯᠵᠢᠯᠡᠨ ᠴᠢᠩᠭ᠎ᠠ ᠠᠳᠬᠤᠵᠤ᠂ ᠬᠦᠴᠢᠷ ᠲᠤᠯᠭᠠᠷᠠᠪᠠᠯ ᠲᠠᠷᠤᠢ ᠳᠤᠨᠢ ᠬᠠᠷᠢᠭᠤ ᠲᠤᠰᠬᠠᠯ ᠦᠭᠴᠤ᠂ ᠲᠦᠷᠤᠯ ᠵᠦᠢᠯ ᠤᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ᠂ ᠤᠯᠠᠨ ᠲᠦᠮᠡᠨ ᠳᠤ ᠠᠵᠢᠯᠯᠠᠵᠤ ᠠᠮᠢᠳᠤᠷᠠᠬᠤ ᠵᠤᠭᠠᠴᠠᠬᠤ ᠳᠤ ᠨᠡᠩ ᠲᠠᠭᠠᠯᠠᠮᠵᠢᠳᠠᠢ ᠰᠢᠨ᠎ᠠ ᠤᠷᠤᠨ ᠵᠠᠢ ᠶᠢ ᠬᠠᠩᠭᠠᠵᠤ ᠦᠭᠬᠦ ᠬᠡᠷᠡᠭᠳᠡᠢ ᠭᠡᠵᠠᠢ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号