ᠦᠪᠡᠷᠲᠡᠭᠡᠨ ᠵᠠᠰᠠᠬᠤ ᠤᠷᠤᠨ ᠤ ᠳᠡᠷᠢᠬᠦᠯᠡᠭᠴᠢ ᠪᠦ᠋ ᠰᠢᠶᠤᠤ ᠯᠢᠨ ᠬᠢᠩᠭᠠᠨ ᠠᠶᠢᠮᠠᠭ ᠲᠤ ᠰᠢᠨᠵᠢᠯᠠᠨ ᠪᠠᠶᠢᠴᠠᠭᠠᠯᠳᠠ ᠬᠢᠪᠡ
ᠨᠡᠶᠢᠲᠡᠯᠡᠭᠰᠡᠨ ᠴᠠᠭ᠄
2017/6/26
   6 ᠰᠠᠷ᠎ᠠ ᠶᠢᠨ 11 ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠮᠠᠨ ᠤ ᠠᠶᠢᠮᠠᠭ ᠲᠤ ᠰᠢᠨᠵᠢᠯᠡᠨ ᠪᠠᠶᠢᠴᠠᠭᠠᠯᠳᠠ ᠬᠢᠵᠤ᠂ ᠴᠢᠷᠮᠠᠶᠢᠨ ᠲᠠᠪᠰᠢᠵᠤ᠂ ᠯᠠᠪᠳᠠᠭᠤᠨ ᠪᠠᠳᠤᠳᠠᠢ ᠠᠵᠢᠯᠯᠠᠨ᠂ ᠠᠵᠤ ᠠᠬᠤᠢ ᠨᠡᠶᠢᠭᠡᠮ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠵᠤ᠂ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠲᠤᠷᠰᠢ ᠬᠢᠩᠭᠠᠨ ᠠᠶᠢᠮᠠᠭ ᠲᠤ ᠭᠠᠷᠤᠭᠰᠠᠨ ᠯᠤᠳᠤ ᠶᠡᠭᠡ ᠬᠤᠪᠢᠷᠠᠯᠳᠠ ᠶᠢ ᠪᠦᠬᠦ ᠲᠠᠯ᠎ᠠ ᠪᠠᠷ ᠦᠵᠡᠭᠦᠯᠵᠦ᠂ ᠰᠢᠯᠢᠳᠡᠭ ᠬᠢᠷᠢ ᠪᠦᠳᠤᠮᠵᠢ ᠪᠠᠷ ᠢᠶᠠᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠶ᠎ᠠ ᠭᠡᠵᠦ ᠴᠢᠬᠤᠯᠠᠴᠢᠯᠠᠪᠠ᠃ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠷᠢᠨ ᠪᠢᠴᠢᠭ ᠤᠨ ᠲᠠᠷᠤᠭ᠎ᠠ ᠪᠤᠤ ᠵᠧᠨ ᠢᠤᠢ᠂ ᠠᠶᠢᠮᠠᠭ ᠤᠨ ᠤᠳᠤᠷᠢᠳᠤᠯᠭ᠎ᠠ ᠵᠠᠩ ᠡᠸ᠋ᠨ ᠬᠤᠢ᠂ ᠭᠤᠤ ᠱᠢ ᠴᠢᠨ᠂ ᠵᠠᠩ ᠬᠤᠢ ᠢᠤᠢ᠂ ᠮᠠ ᠬᠤᠸᠠᠨ ᠯᠦᠩ᠂ ᠠᠯᠳᠠᠨ᠋ᠧᠴᠢᠷ᠂ ᠢᠤᠢ ᠷᠧᠨ ᠵᠢᠶ᠋ᠸ᠂ ᠯᠢᠤ ᠵᠢᠶᠠᠨ ᠰᠢ ᠵᠡᠷᠭᠡ ᠰᠢᠨᠵᠢᠯᠡᠨ ᠪᠠᠶᠢᠴᠠᠭᠠᠯᠳᠠ ᠳᠤ ᠤᠷᠤᠯᠴᠠᠵᠠᠢ᠃    ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠬᠤᠷᠴᠢᠨ ᠪᠠᠯᠭᠠᠰᠤ ᠶᠢᠨ ᠰᠢᠩ ᠺᠧ ᠨᠡᠶᠢᠭᠡᠮ ᠲᠤᠭᠤᠷᠢᠭ ᠲᠤ᠂ ᠪᠦ᠋ ᠰᠢᠶᠤᠤ ᠯᠢᠨ ᠨᠡᠶᠢᠭᠡᠮ ᠲᠤᠭᠤᠷᠢᠭ ᠤᠨ ᠨᠠᠮ ᠤᠨ ᠪᠠᠶᠢᠭᠤᠯᠤᠯᠳᠠ ᠶᠢᠨ ᠠᠵᠢᠯᠯᠠᠭ᠎ᠠ᠂ ᠨᠤᠮ ᠤᠩᠰᠢᠬᠤ᠂ ᠤᠯᠠᠨ ᠨᠡᠶᠢᠳᠡ ᠶᠢᠨ ᠤᠢᠢᠯᠡᠴᠢᠯᠡᠭᠡ᠂ ᠰᠠᠭᠤᠭᠠᠯᠢ ᠠᠷᠠᠳ ᠤᠨ ᠶᠠᠪᠤᠳᠠᠯ ᠢ ᠵᠦᠪᠯᠡᠬᠦ ᠵᠡᠷᠭᠡ ᠭᠠᠵᠠᠷ ᠢᠶᠠᠷ ᠭᠦᠨᠵᠡᠬᠡᠶᠢᠷᠡᠨ ᠨᠡᠶᠢᠭᠡᠮ ᠲᠤᠭᠤᠷᠢᠭ ᠤᠨ ᠠᠵᠢᠯ ᠤᠨ ᠲᠠᠨᠢᠯᠴᠠᠭᠤᠯᠭ᠎ᠠ ᠶᠢ ᠰᠤᠨᠤᠰᠴᠠᠢ᠃ ᠪᠦ᠋ ᠰᠢᠶᠤᠤ ᠯᠢᠨ ᠵᠢᠭᠠᠵᠤ ᠭᠠᠷᠭᠠᠭᠰᠠᠨ ᠨᠢ᠂ ᠨᠡᠶᠢᠭᠡᠮ ᠲᠤᠭᠤᠷᠢᠭ ᠨᠢ ᠡᠶ᠎ᠡ ᠨᠠᠶᠢᠷᠠᠮᠳᠠᠭᠤ ᠨᠡᠶᠢᠭᠡᠮ ᠢ ᠪᠠᠶᠢᠭᠤᠯᠬᠤ ᠲᠤᠮᠳᠠ ᠴᠢᠬᠤᠯᠠ ᠤᠢᠢᠯᠡᠳᠤᠯ ᠢ ᠪᠠᠳᠠᠷᠠᠭᠤᠯᠵᠤ ᠪᠠᠶᠢᠳᠠᠭ᠂ ᠰᠢᠨ᠎ᠠ ᠶᠢ ᠡᠭᠦᠳᠬᠦ ᠰᠡᠳᠭᠢᠬᠦᠢ ᠪᠠᠷ ᠨᠡᠶᠢᠭᠡᠮ ᠲᠤᠭᠤᠷᠢᠭ ᠤᠨ ᠦᠢᠯᠡᠴᠢᠯᠡᠭᠡ ᠬᠠᠮᠢᠶᠠᠷᠤᠯᠳᠠ ᠶᠢ ᠴᠢᠩᠭᠠᠳᠬᠠᠬᠤ ᠪᠠ ᠰᠠᠶᠢᠵᠢᠷᠠᠭᠤᠯᠵᠤ᠂ ᠨᠡᠶᠢᠭᠡᠮ ᠲᠤᠭᠤᠷᠢᠭ ᠤᠨ ᠡᠭᠦᠷᠭᠡ ᠴᠢᠳᠠᠪᠬᠢ ᠶᠢ ᠨᠡᠩ ᠪᠦᠷᠢᠨ ᠲᠡᠬᠦᠯᠳᠡᠷ᠂ ᠤᠢᠢᠯᠡᠴᠢᠯᠡᠭᠡ ᠶᠢ ᠨᠡᠩ ᠰᠢᠯᠢᠳᠡᠭᠵᠢᠬᠦᠯᠵᠤ᠂ ᠡᠯ᠎ᠠ ᠵᠦᠢᠯ ᠤᠨ ᠡᠬᠢ ᠪᠠᠶᠠᠯᠢᠭ ᠢ ᠪᠦᠳᠤᠮᠵᠢᠳᠠᠢ ᠪᠠᠷ ᠬᠠᠮᠳᠤᠪᠡᠷ ᠡᠳ᠋ᠯᠡᠵᠤ᠂ ᠨᠡᠶᠢᠭᠡᠮ ᠲᠤᠭᠤᠷᠢᠭ ᠢ ᠢᠳᠡᠪᠬᠢ ᠬᠦᠴᠤᠨ ᠢ ᠲᠠᠮᠵᠢᠭᠤᠯᠬᠤ᠂ ᠪᠦᠯᠬᠦᠮᠳᠡᠯ ᠢ ᠠᠬᠢᠭᠤᠯᠬᠤ ᠡᠶ᠎ᠡ ᠨᠠᠶᠢᠷᠠᠮᠳᠠᠭᠤ ᠶᠡᠭᠡ ᠭᠡᠷ ᠪᠦᠯᠢ ᠪᠤᠯᠭᠠᠨ ᠪᠠᠶᠢᠭᠤᠯᠬᠤ ᠬᠡᠷᠡᠭᠳᠡᠢ ᠭᠡᠵᠠᠢ᠃    ᠬᠢᠩᠭᠠᠨ ᠠᠶᠢᠮᠠᠭ ᠤᠨ ᠰᠤᠶᠤᠯ ᠤᠨ ᠲᠦᠪ᠂ ᠨᠤᠮ ᠤᠨ ᠰᠠᠩ ᠵᠡᠷᠭᠡ ᠲᠦᠷᠤᠯ ᠵᠦᠢᠯ ᠤᠨ ᠪᠠᠶᠢᠭᠤᠯᠤᠯᠳᠠ ᠶᠢᠨ ᠲᠤᠬᠠᠢ ᠶᠢᠨ ᠲᠠᠯᠠᠪᠤᠷ ᠲᠤ᠂ ᠪᠦ᠋ ᠰᠢᠶᠤᠤ ᠯᠢᠨ ᠡᠳᠡᠭᠡᠷ ᠢᠨᠵᠧᠨᠧᠷᠢᠩ ᠤᠨ ᠠᠬᠢᠴᠠ᠂ ᠪᠡᠯᠡ ᠤᠷᠤᠭᠤᠯᠤᠯᠳᠠ᠂ ᠠᠷᠤ ᠲᠠᠯ᠎ᠠ ᠶᠢᠨ ᠪᠠᠳᠤᠯᠠᠭ᠎ᠠ ᠵᠡᠷᠭᠡ ᠪᠠᠶᠢᠳᠠᠯ ᠢ ᠨᠠᠷᠢᠨ ᠬᠢᠨᠠᠮᠠᠭᠠᠢ ᠯᠠᠪᠯᠠᠨ ᠠᠰᠠᠭᠤᠵᠤ᠂ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠪᠠᠷ ᠲᠤᠬᠢᠶᠠᠯ ᠪᠤᠯᠭᠠᠨ᠂ ᠨᠢᠭᠡ ᠪᠦᠯᠦᠭ ᠠᠷᠠᠳ ᠤᠨ ᠠᠮᠢᠳᠤᠷᠠᠯ ᠤᠨ ᠲᠦᠷᠤᠯ ᠵᠦᠢᠯ ᠢ ᠬᠡᠷᠡᠭᠵᠢᠬᠦᠯᠵᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠠᠩᠭᠠᠵᠦ᠂ ᠬᠦᠭᠵᠢᠯᠳᠡ ᠶᠢᠨ ᠦᠷ᠎ᠠ ᠪᠦᠳᠤᠭᠡᠯ ᠢᠶᠠᠨ ᠲᠡᠯᠭᠡᠨ ᠦᠵᠡᠭᠦᠯᠵᠦ᠂ ᠬᠤᠳᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠵᠤ᠂ ᠠᠷᠠᠳ ᠤᠯᠠᠨ ᠳᠤ ᠬᠦᠭᠵᠢᠯᠳᠡ ᠬᠤᠪᠢᠷᠠᠯᠳᠠ ᠶᠢ ᠤᠢᠢᠯᠠᠭᠠᠭᠤᠯᠬᠤ ᠶᠢᠨ ᠬᠠᠮᠳᠤ ᠬᠦᠭᠵᠢᠯᠳᠡ ᠪᠠᠷ ᠲᠠᠮᠵᠢᠨ ᠠᠷᠠᠳ ᠤᠯᠠᠨ ᠳᠤ ᠠᠰᠢᠭ ᠬᠦᠷᠳᠡᠭᠡᠬᠦ ᠭᠡᠷᠡᠭᠳᠡᠢ ᠭᠡᠵᠤ ᠴᠢᠬᠤᠯᠠᠴᠢᠯᠠᠵᠠᠢ᠃ ᠤᠯᠠᠭᠠᠨᠬᠤᠳᠠ ᠮᠤᠩᠭᠤᠯ ᠦᠨᠳᠤᠰᠤᠳᠡᠨ ᠤ ᠪᠠᠭ᠎ᠠ ᠰᠤᠷᠭᠠᠭᠤᠯᠢ ᠳᠤ᠂ ᠪᠦ᠋ ᠰᠢᠶᠤᠤ ᠯᠢᠨ ᠰᠤᠷᠤᠭᠴᠢᠳ ᠤᠨ ᠲᠤᠷ᠎ᠠ ᠰᠤᠨᠢᠷᠬᠠᠯᠳᠤ ᠬᠦᠳᠡᠯᠭᠡᠭᠡᠨ ᠤ ᠪᠠᠭ᠎ᠠ ᠲᠤᠭᠤᠢᠢᠯᠠᠩ ᠤᠨ ᠬᠢᠴᠢᠶᠠᠯ ᠢ ᠲᠤᠭᠤᠷᠢᠨ ᠦᠵᠡᠵᠤ᠂ ᠪᠠᠭ᠎ᠠ ᠰᠤᠷᠭᠠᠭᠤᠯᠢ ᠶᠢᠨ ᠰᠤᠷᠤᠭᠴᠢᠳ ᠲᠠᠢ ᠬᠠᠯᠠᠭᠤᠨ ᠲᠤᠳᠤᠨᠤᠰᠤᠭ ᠢᠶᠠᠷ ᠶᠠᠷᠢᠯᠴᠠᠨ᠂ ᠲᠡᠳᠡᠨᠡᠷ ᠤᠨ ᠴᠢᠷᠮᠠᠶᠢᠨ ᠰᠤᠷᠤᠯᠴᠠᠵᠤ᠂ ᠪᠤᠳᠠᠳᠤ ᠠᠵᠢᠯᠯᠠᠭ᠎ᠠ ᠳᠤ ᠪᠠᠶᠠᠴᠢᠯᠠᠨ ᠰᠤᠷᠤᠯᠴᠠᠬᠤ ᠶᠢ ᠵᠤᠷᠢᠬᠵᠢᠭᠤᠯᠵᠠᠢ᠃ ᠤᠯᠠᠭᠠᠨᠬᠦᠤ ᠶᠢᠨ ᠠᠯᠪᠠᠨ ᠭᠡᠷ ᠤᠨ ᠪᠠᠭᠤᠷᠢ᠂ ᠦᠪᠤᠷ ᠮᠤᠩᠭᠤᠯ ᠤᠨ ᠨᠠᠮ ᠤᠨ ᠬᠤᠷᠢᠶᠡᠨ ᠤ ᠠᠯᠪᠠᠨ ᠭᠡᠷ ᠤᠨ ᠪᠠᠭᠤᠷᠢ ᠪᠠ 5 · 1 ᠶᠢᠨ ᠬᠤᠷᠠᠯ ᠤᠨ ᠭᠠᠵᠠᠷ ᠲᠤ᠂ ᠪᠦ᠋ ᠰᠢᠶᠤᠤ ᠯᠢᠨ ᠦᠵᠡᠬᠦᠯᠤᠯᠭᠡ ᠶᠢ ᠨᠠᠷᠢᠨ ᠬᠢᠨᠠᠮᠠᠭᠠᠢ ᠲᠤᠭᠤᠷᠢᠨ ᠦᠵᠡᠵᠤ᠂ ᠪᠠᠶᠢᠳᠠᠯ ᠤᠨ ᠲᠠᠨᠢᠯᠴᠠᠭᠤᠯᠭ᠎ᠠ ᠶᠢ ᠰᠤᠨᠤᠰᠴᠠᠢ᠃ ᠲᠡᠷᠡ ᠵᠢᠭᠠᠵᠤ ᠭᠠᠷᠭᠠᠭᠰᠠᠨ ᠨᠢ᠂ ᠬᠢᠩᠭᠠᠨ ᠠᠶᠢᠮᠠᠭ ᠪᠤᠯ ᠦᠩᠭᠡ ᠬᠡᠷᠡᠯᠳᠤ ᠬᠤᠪᠢᠰᠬᠠᠯ ᠤᠨ ᠤᠯᠠᠮᠵᠢᠯᠠᠯ ᠲᠠᠢ᠂ ᠬᠤᠪᠢᠰᠬᠠᠯᠳᠤ ᠲᠡᠤᠭᠡᠨ ᠡᠯᠪᠡᠭ ᠪᠠᠶᠠᠯᠢᠭ ᠡᠬᠢ ᠪᠠᠶᠠᠯᠢᠭ ᠲᠠᠢ ᠪᠠᠶᠢᠵᠤ᠂ ᠮᠠᠨ ᠤ ᠨᠠᠮ ᠤᠨ ᠤᠳᠤᠷᠢᠳᠤᠯᠭ᠎ᠠ ᠲᠤᠤᠷᠠᠬᠢ ᠠᠩᠬᠠᠳᠤᠭᠠᠷ ᠮᠤᠵᠢ ᠶᠢᠨ ᠲᠡᠰ ᠤᠨ ᠦᠨᠳᠤᠰᠤᠳᠡᠨ ᠤ ᠦᠪᠡᠷᠳᠡᠭᠡᠨ ᠵᠠᠰᠠᠬᠤ ᠵᠠᠰᠠᠭ ᠤᠨ ᠡᠷᠭᠡ — ᠦᠪᠤᠷ ᠮᠤᠩᠭᠤᠯ ᠤᠨ ᠦᠪᠡᠷᠳᠡᠭᠡᠨ ᠵᠠᠰᠠᠬᠤ ᠵᠠᠰᠠᠭ ᠤᠨ ᠤᠷᠳᠤᠨ ᠤ ᠮᠡᠨᠳᠦᠯᠡᠭᠰᠡᠨ ᠭᠠᠵᠠᠷ ᠪᠤᠯᠬᠤ ᠶᠤᠮ᠃ ᠪᠢᠳᠡ ᠡᠨᠡᠬᠦ ᠬᠤᠭᠤᠴᠠᠭᠠᠨ ᠤ ᠲᠡᠤᠭᠡ ᠶᠢ ᠡᠷᠬᠡᠪᠰᠢ ᠪᠠᠳᠤ ᠴᠡᠭᠡᠵᠢᠯᠠᠵᠤ᠂ ᠬᠤᠪᠢᠰᠬᠠᠯᠳᠤ ᠲᠡᠤᠭᠡᠨ ᠡᠬᠢ ᠪᠠᠶᠠᠯᠢᠭ ᠢ ᠭᠦᠢᠴᠡᠳ ᠠᠭᠤᠳᠠᠯᠵᠤ᠂ ᠬᠤᠪᠢᠰᠬᠠᠯᠳᠤ ᠰᠤᠶᠤᠯ ᠢ ᠶᠡᠬᠡᠪᠡᠷ ᠪᠠᠳᠠᠷᠠᠭᠤᠯᠤᠨ᠂ ᠦᠨᠳᠤᠰᠤᠳᠡᠨ ᠤ ᠪᠦᠯᠬᠦᠮᠳᠠᠯ ᠲᠠᠪᠰᠢᠯᠳᠠ ᠶᠢᠨ ᠬᠦᠮᠤᠵᠢᠯ ᠢ ᠴᠢᠩᠭᠠᠳᠬᠠᠵᠤ᠂ ᠺᠠᠳ᠋ᠷ ᠤᠯᠠᠨ ᠲᠦᠮᠡᠨ ᠤ ᠤᠭ ᠰᠠᠨᠠᠭ᠎ᠠ ᠪᠠᠨ ᠮᠠᠷᠳᠠᠬᠤ ᠦᠭᠡᠢ᠂ ︽ᠲᠦᠷᠪᠡᠨ ᠢᠳᠡᠭᠡᠯ︾ ᠢ ᠨᠡᠮᠡᠭᠳᠡᠬᠦᠯᠬᠦ᠂ ᠰᠢᠨ᠎ᠠ ᠬᠦᠭᠵᠢᠯᠳᠡ ᠶᠢ ᠠᠬᠢᠭᠤᠯᠬᠤ ᠶᠢ ᠵᠢᠯᠤᠭᠤᠳᠬᠤ ᠬᠡᠷᠡᠭᠳᠡᠢ ᠭᠡᠵᠠᠢ᠃         ᠮᠠᠨ ᠤ ᠠᠶᠢᠮᠠᠭ ᠲᠤ ᠰᠢᠨᠵᠢᠯᠠᠨ ᠪᠠᠶᠢᠴᠠᠭᠠᠯᠳᠠ ᠬᠢᠵᠤ ᠪᠠᠶᠢᠬᠤ ᠬᠤᠭᠤᠴᠠᠭᠠᠨ ᠳᠤ᠂ ᠪᠦ᠋ ᠰᠢᠶᠤᠤ ᠯᠢᠨ ᠪᠠᠰᠠ ᠤᠯᠠᠭᠠᠨᠬᠤᠳᠠ ᠶᠢᠨ ᠠᠮᠢ ᠠᠬᠤᠢ ᠶᠢ ᠴᠡᠭᠴᠡᠯᠡᠨ ᠵᠠᠰᠠᠬᠤ ᠪᠠ ᠦᠵᠡᠮᠵᠢ ᠶᠢᠨ ᠤᠷᠤᠨ ᠤ ᠪᠠᠶᠢᠭᠤᠯᠤᠯᠳᠠ᠂ ᠪᠦᠬᠦ ᠤᠷᠤᠨ ᠪᠦᠰᠡ ᠶᠢᠨ ᠵᠤᠭᠠᠴᠠᠯ ᠢ ᠬᠦᠭᠵᠢᠭᠦᠯᠵᠦ ᠪᠠᠶᠢᠭ᠎ᠠ ᠪᠠᠶᠢᠳᠠᠯ ᠵᠡᠷᠭᠡ ᠳᠤ ᠪᠠᠶᠢᠴᠠᠭᠠᠯᠳᠠ ᠬᠢᠵᠤ᠂ ᠪᠦᠬᠦ ᠤᠯᠤᠰ ᠤᠨ ᠦᠨᠳᠤᠰᠤᠳᠡᠨ ᠤ ᠪᠦᠯᠬᠦᠮᠳᠡᠯ ᠲᠠᠪᠰᠢᠯᠳᠠ ᠶᠢ ᠡᠭᠦᠳᠤᠨ ᠪᠠᠶᠢᠭᠤᠯᠬᠤ ᠲᠤᠷᠰᠢᠯᠭ᠎ᠠ ᠰᠤᠯᠢᠯᠴᠠᠬᠤ ᠲᠤᠬᠠᠢ ᠶᠢᠨ ᠲᠠᠯᠠᠪᠠᠢ ᠶᠢᠨ ᠬᠤᠷᠠᠯ ᠢ ᠪᠡᠯᠡᠳᠭᠡᠵᠤ ᠪᠠᠶᠢᠬᠤ ᠪᠠᠶᠢᠳᠠᠯ ᠢ ᠪᠤᠳᠠᠳᠠᠢ ᠭᠠᠵᠠᠷ ᠲᠤᠨᠢ ᠬᠦᠷᠴᠤ ᠪᠠᠶᠢᠴᠠᠭᠠᠨ ᠦᠵᠡᠵᠠᠢ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号