6 ᠰᠠᠷ᠎ᠠ ᠶᠢᠨ 9 ᠤ ᠡᠳᠦᠷ᠂ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠤᠨ | ᠦᠢᠯᠡᠳᠪᠦᠷᠢ ᠬᠤᠳᠠᠯᠳᠤᠭᠠᠨ ᠤ ᠲᠤᠪᠴᠢᠶ᠎ᠠ ᠶᠢᠨ ᠦᠢᠯᠡᠴᠢᠯᠡᠭᠡᠨ ᠤ ᠭᠠᠵᠠᠷ ᠠᠴᠠ ᠮᠠᠨ ᠤ ᠠᠶᠢᠮᠠᠭ ᠤᠨ | ᠠᠩᠬᠠᠳᠠᠭᠴᠢ ᠪᠦᠯᠦᠭ ᠤᠨ ︽ᠬᠤᠷᠢᠨ ᠦᠨᠡᠮᠯᠡᠯ ᠢ ᠨᠢᠭᠡᠳᠭᠡᠭᠰᠡᠨ︾ ᠡᠵᠡᠩᠨᠡᠯᠳᠡ ᠶᠢᠨ ᠦᠨᠡᠮᠯᠡᠯ ᠲᠠᠷᠬᠠᠭᠠᠪᠠ᠃ | ︽ᠬᠤᠷᠢᠨ ᠦᠨᠡᠮᠯᠡᠯ ᠢ ᠨᠢᠭᠡᠳᠭᠡᠬᠦ︾ ᠪᠤᠯ ︽ᠲᠠᠪᠤᠨ ᠦᠨᠡᠮᠯᠡᠯ ᠢ ᠨᠢᠭᠡᠳᠭᠡᠭᠰᠡᠨ︾ ᠤ ᠦᠷᠬᠦᠯᠵᠢᠯᠡᠯ ᠮᠦᠨ᠂ | ᠬᠦᠭᠵᠢᠬᠦᠯᠦᠯᠳᠡ ᠦᠭᠡᠷᠡᠴᠢᠯᠡᠯᠳᠡ᠂ ᠲᠤᠳᠤᠭᠠᠳᠦ ᠶᠢ ᠬᠠᠮᠠᠭᠠᠯᠠᠬᠤ᠂ ᠵᠤᠭᠠᠴᠠᠯ᠂ ᠤᠢ ᠰᠢᠭᠤᠢ᠂ ᠰᠤᠶᠤᠯ ᠪᠡᠶ᠎ᠠ | ᠲᠠᠮᠢᠷ ᠵᠡᠷᠭᠡ ᠤᠯᠠᠨ ᠰᠠᠯᠠᠭ᠎ᠠ ᠮᠦᠴᠢᠷ ᠠᠴᠠ ᠨᠡᠶᠢᠳᠡ 15 ᠦᠨᠡᠮᠯᠡᠯ ᠢ ᠰᠢᠨ᠎ᠡ ᠪᠠᠷ ᠨᠢᠭᠡᠳᠭᠡᠵᠡᠢ᠂ | ᠡᠵᠡᠩᠨᠡᠯᠳᠡ ᠶᠢᠨ ᠦᠨᠡᠮᠯᠡᠯ ᠪᠤᠯᠤᠨ ᠰᠠᠯᠠᠭ᠎ᠠ ᠮᠦᠴᠢᠷ ᠲᠤ ᠲᠡᠮᠳᠡᠭᠯᠡᠬᠦᠯᠦᠨ ᠲᠠᠩᠰᠠᠯᠠᠭᠤᠯᠤᠭᠰᠠᠨ ᠮᠡᠳᠡᠭᠡ | ᠵᠠᠩᠬᠢ ᠶᠢᠨ ᠤᠯᠠᠨ ᠦᠨᠡᠮᠯᠡᠯ ᠢ ᠨᠢᠭᠡᠳᠭᠡᠬᠦ ᠶᠢ ᠪᠡᠶᠡᠯᠡᠬᠦᠯᠵᠦ᠂ ᠠᠵᠦ ᠠᠬᠤᠢᠢᠯᠠᠯ ᠤᠨ ᠵᠠᠬ᠎ᠠ ᠲᠡᠯᠭᠡᠭᠦᠷ ᠲᠤ | ᠭᠠᠷᠬᠤ ᠠᠴᠠ ᠡᠮᠦᠨᠡᠬᠢ ᠪᠠ ᠭᠠᠷᠤᠭᠰᠠᠨ ᠤ ᠲᠠᠷᠠᠭᠠᠬᠢ ᠡᠯ᠎ᠠ ᠲᠦᠷᠦᠯ ᠤᠨ ᠦᠨᠡᠮᠯᠡᠯ ᠢ ᠪᠦᠳᠦᠮᠵᠢᠳᠡᠢ ᠨᠢᠭᠡᠳᠭᠡᠵᠦ᠂ | ︽ᠦᠨᠡᠮᠯᠡᠯ ᠢ ᠴᠦᠭᠡᠳᠭᠡᠬᠦ︾ ᠪᠠᠷ ︽ᠵᠠᠰᠠᠭ ᠢ ᠴᠤᠮᠬᠠᠳᠬᠠᠬᠤ︾ ᠶᠢ ᠲᠠᠶᠢᠴᠢᠯᠠᠵᠦ᠂ ᠠᠵᠦ ᠠᠬᠤᠢᠢᠯᠠᠯ ᠤᠨ | ᠵᠠᠰᠠᠭ ᠤᠨ ᠤᠷᠳᠤᠨ ᠤ ᠰᠠᠯᠠᠭ᠎ᠠ ᠮᠦᠴᠢᠷ ᠲᠤ ᠤᠴᠢᠬᠤ ᠲᠤᠭ᠎ᠠ ᠶᠢ ᠪᠠᠭᠠᠰᠬᠠᠨ᠂ ᠠᠵᠦ ᠠᠬᠤᠢᠢᠯᠠᠯ ᠤᠨ ᠪᠡᠯᠡᠳᠭᠡᠯ | ᠬᠢᠵᠦ ᠡᠷᠬᠢᠯᠡᠬᠦ ᠠᠴᠠ ᠠᠪᠤᠭᠠᠳ ᠵᠠᠬ᠎ᠠ ᠲᠡᠯᠭᠡᠭᠦᠷ ᠲᠤ ᠭᠠᠷᠬᠤ ᠬᠦᠷᠳᠡᠯᠡᠬᠢ ᠴᠠᠭ ᠢ ᠶᠡᠭᠡᠪᠡᠷ ᠪᠤᠭᠤᠨᠢᠰᠬᠠᠵᠠᠢ᠃ | | ᠤᠢᠢᠯᠠᠭᠠᠭᠰᠠᠨ ᠢᠶᠠᠷ᠂ ᠮᠠᠨ ᠤ ᠠᠶᠢᠮᠠᠭ ᠪᠤᠯ ᠪᠦᠬᠦ ᠤᠷᠤᠨ ᠤ ︽ᠤᠯᠠᠨ ᠦᠨᠡᠮᠯᠡᠯ ᠢ ᠨᠢᠭᠡᠳᠭᠡᠬᠦ︾ | ᠦᠭᠡᠷᠡᠴᠢᠯᠡᠯᠳᠡ ᠶᠢᠨ 6 ᠲᠤᠷᠰᠢᠯᠳᠠ ᠶᠢᠨ ᠴᠡᠭ ᠤᠨ ᠨᠢᠭᠡ ᠪᠤᠯᠤᠨ᠎ᠠ᠃ ᠲᠤᠰ ᠠᠵᠢᠯ ᠢ ᠤᠷᠤᠭᠰᠢᠳᠠᠢ | ᠶᠠᠪᠤᠭᠳᠠᠭᠤᠯᠬᠤ ᠪᠠᠷ᠂ ᠠᠶᠢᠮᠠᠭ ᠤᠨ ᠵᠠᠬᠢᠷᠭ᠎ᠠ ᠠᠴᠠ ︽ᠬᠢᠩᠭᠠᠨ ᠠᠶᠢᠮᠠᠭ ᠤᠨ ᠠᠵᠦ ᠠᠬᠤᠢᠢᠯᠠᠯ ᠢ | ᠲᠠᠩᠰᠠᠯᠠᠯᠳᠠ ᠶᠢᠨ ︿ᠤᠯᠠᠨ ᠦᠨᠡᠮᠯᠡᠯ ᠢ ᠨᠢᠭᠡᠳᠭᠡᠬᠦ᠂ ᠨᠢᠭᠡ ᠦᠨᠡᠮᠯᠡᠯ ᠨᠢᠭᠡ ᠺᠤᠳ᠋﹀ ᠤᠨ ᠦᠭᠡᠷᠡᠴᠢᠯᠡᠯᠳᠡ ᠶᠢ | ᠠᠬᠢᠭᠤᠯᠬᠤ ᠲᠤᠷᠰᠢᠯᠳᠠ ᠶᠢᠨ ᠴᠡᠭ ᠤᠨ ᠠᠵᠢᠯ ᠤᠨ ᠤᠳᠤᠷᠢᠳᠬᠤ ᠲᠤᠭᠤᠢᠢᠯᠠᠩ ᠢ ᠪᠠᠶᠢᠭᠤᠯᠬᠤ ᠲᠤᠬᠠᠢ ᠮᠡᠳᠡᠭᠳᠡᠯ︾ | ᠂ ︽ᠬᠢᠩᠭᠠᠨ ᠠᠶᠢᠮᠠᠭ ᠤᠨ ᠠᠵᠦ ᠠᠬᠤᠢᠢᠯᠠᠯ ᠤᠨ ᠲᠠᠩᠰᠠᠯᠠᠯᠳᠠ ᠶᠢᠨ ︿ᠤᠯᠠᠨ ᠦᠨᠡᠮᠯᠡᠯ ᠢ ᠨᠢᠭᠡᠳᠭᠡᠬᠦ᠂ ᠨᠢᠭᠡ | ᠦᠨᠡᠮᠯᠡᠯ ᠨᠢᠭᠡ ᠺᠤᠳ᠋﹀ ᠤᠨ ᠦᠭᠡᠷᠡᠴᠢᠯᠡᠯᠳᠡ ᠶᠢ ᠲᠦᠯᠬᠢᠨ ᠠᠬᠢᠭᠤᠯᠬᠤ ᠲᠤᠷᠰᠢᠯᠳᠠ ᠶᠢᠨ ᠴᠡᠭ ᠤᠨ ᠠᠵᠢᠯ ᠤᠨ | ᠲᠦᠰᠦᠯ︾ ᠢ ᠲᠤᠭᠳᠠᠭᠠᠵᠦ᠂ ᠲᠤᠷᠰᠢᠯᠳᠠ ᠶᠢᠨ ᠴᠡᠭ ᠤᠨ ᠦᠭᠡᠷᠡᠴᠢᠯᠡᠯᠳᠡ ᠶᠢᠨ ᠤᠳᠤᠷᠢᠳᠬᠤ ᠲᠤᠭᠤᠢᠢᠯᠠᠩ᠂ | ᠭᠡᠰᠢᠭᠦᠨ ᠨᠢᠭᠡᠴᠡ ᠶᠢᠨ ᠬᠠᠷᠢᠭᠤᠴᠠᠯᠭ᠎ᠠ ᠶᠢ ᠲᠤᠳᠤᠷᠬᠠᠢ ᠲᠤᠭᠳᠠᠭᠠᠪᠠ᠃ ᠡᠭᠦᠨ ᠤ ᠬᠠᠮᠳᠦ᠂ ︽ᠬᠢᠩᠭᠠᠨ | ᠠᠶᠢᠮᠠᠭ ᠤᠨ ᠵᠠᠬᠢᠷᠭ᠎ᠠ ᠶᠢᠨ ᠠᠯᠪᠠᠨ ᠲᠢᠩᠬᠢᠮ ᠤᠨ ᠠᠵᠦ ᠠᠬᠤᠢᠢᠯᠠᠯ ᠲᠠᠢ ᠬᠤᠯᠪᠤᠭᠳᠠᠭᠰᠠᠨ ᠲᠠᠩᠰᠠᠯᠠᠬᠤ ᠶᠠᠪᠤᠳᠠᠯ ᠢ | ᠡᠮᠬᠢᠳᠭᠡᠬᠦ ᠲᠤᠬᠠᠢ ᠮᠡᠳᠡᠭᠳᠡᠯ︾ ᠢ ᠲᠠᠷᠬᠠᠭᠠᠵᠦ᠂ ᠪᠦᠬᠦ ᠠᠶᠢᠮᠠᠭ ᠤᠨ 45 ᠬᠠᠮᠢᠶ᠎ᠠ ᠪᠦᠬᠦᠢ ᠰᠠᠯᠠᠭ᠎ᠠ ᠮᠦᠴᠢᠷ ᠤᠨ | ᠠᠵᠦ ᠠᠬᠤᠢᠢᠯᠠᠯ ᠲᠠᠢ ᠬᠤᠯᠪᠤᠭᠳᠠᠭᠰᠠᠨ ᠲᠠᠩᠰᠠᠯᠠᠬᠤ ᠶᠠᠪᠤᠳᠠᠯ ᠢ ᠡᠮᠬᠢᠳᠭᠡᠭᠰᠡᠨ ᠪᠠᠶᠢᠨ᠎ᠠ᠃ |