ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤ ᠪᠣᠯ ᠦᠪᠦᠷ ᠮᠤᠩᠭᠤᠯ ᠤᠨ ᠦᠪᠡᠷᠳᠡᠭᠡᠨ ᠵᠠᠰᠠᠬᠤ | ᠣᠷᠤᠨ ᠤ ᠵᠡᠬᠦᠨ ᠭᠡᠰᠡᠭ ᠲᠤ ᠪᠠᠶᠢᠷᠢᠯᠠᠵᠤ᠂ ᠬᠢᠩᠭᠠᠨ ᠠᠶᠢᠮᠠᠭ ᠤᠨ ᠡᠮᠦᠨ᠎ᠡ ᠬᠡᠰᠡᠭ ᠪᠦᠭᠡᠳ ᠶᠡᠭᠡ ᠬᠢᠩᠭᠠᠨ | ᠳᠠᠪᠠᠭᠠᠨ ᠤ ᠡᠮᠦᠨ᠎ᠡ ᠬᠤᠷᠮᠤᠢ ᠶᠢᠨ ᠵᠠᠬ᠎ᠠ ᠭᠠᠵᠠᠷ ᠪᠣᠯᠣᠨ᠎ᠠ᠃ ᠤᠮᠠᠷᠠᠳᠤ ᠬᠡᠰᠡᠭ ᠨᠢ ᠬᠤᠷᠴᠢᠨ ᠪᠠᠷᠠᠭᠤᠨ ᠭᠠᠷᠤᠨ | ᠡᠮᠦᠨᠡᠳᠦ ᠬᠤᠰᠢᠭᠤᠨ ᠪᠠ ᠲᠦᠴᠢᠥᠸᠠᠨ ᠰᠢᠶᠠᠨ ᠲᠠᠢ ᠨᠡᠶᠢᠯᠡᠵᠦ᠂ ᠵᠡᠭᠦᠨ ᠢᠶᠠᠷ ᠢᠶᠠᠨ ᠭᠢᠷᠢᠨ ᠮᠤᠵᠢ ᠶᠢᠨ ᠲᠤᠤᠨᠠᠨ | ᠬᠤᠲᠠ ᠲᠦᠩ ᠢᠥᠢ ᠰᠢᠶᠠᠨ ᠲᠠᠢ ᠨᠡᠶᠢᠯᠡᠵᠦ᠂ ᠡᠮᠦᠨᠡᠭᠦᠷ ᠢᠶᠠᠷ ᠢᠶᠠᠨ ᠲᠦᠩᠯᠢᠶᠦᠦ ᠬᠤᠲᠠᠨ ᠤ ᠬᠤᠷᠴᠢᠨ ᠵᠡᠬᠦᠨ | ᠭᠠᠷᠤᠨ ᠲᠤᠮᠳᠠᠳᠤ ᠬᠤᠰᠢᠭᠤ ᠲᠠᠢ ᠬᠤᠯᠪᠤᠯᠳᠤᠵᠤ᠂ ᠪᠠᠷᠠᠭᠤᠨ ᠢᠶᠠᠷ ᠢᠶᠠᠷ ᠲᠦᠩᠯᠢᠶᠦᠦ ᠬᠤᠲᠠᠨ ᠤ ᠵᠠᠷᠤᠳ | ᠬᠤᠰᠢᠭᠤᠨ ᠪᠠ ᠬᠤᠤᠯᠢ᠊ ᠬᠤᠲᠠᠨ ᠵᠢᠴᠢ ᠰᠢᠯᠢ ᠶᠢᠨ ᠭᠤᠤᠯ ᠠᠶᠢᠮᠠᠭ ᠤᠨ ᠵᠡᠬᠦᠨ ᠦᠵᠡᠮᠦᠴᠢᠨ ᠬᠤᠰᠢᠭᠤ ᠲᠠᠢ | ᠬᠦᠷᠰᠢᠯᠡᠵᠦ ᠪᠤᠢ᠃ ᠭᠠᠵᠠᠷ ᠵᠦᠢ ᠶᠢᠨ ᠪᠠᠶᠢᠷᠢᠰᠢᠯ ᠨᠢ ᠤᠮᠠᠷᠠᠳᠤ ᠦᠷᠭᠡᠷᠢᠭ ᠤᠨ 44。14、 ᠊᠊᠊᠊᠊᠊᠊᠊᠊᠊᠊ 46。 | 41、᠂ ᠵᠡᠬᠦᠨ ᠤᠷᠳᠤᠷᠢᠭ ᠤᠨ 119。34、 ᠊᠊᠊᠊᠊᠊᠊᠊᠊᠊᠊ 122。18、᠃ ᠵᠠᠭᠠᠭ ᠬᠢᠯᠢ ᠨᠢ ᠪᠠᠷᠠᠭᠤᠨ | ᠬᠤᠶᠢᠨ᠎ᠠ ᠵᠡᠬᠦᠨ ᠡᠮᠦᠨᠡᠰᠢ ᠢᠪᠴᠤᠤ ᠤᠷᠳᠤ ᠬᠡᠯᠪᠡᠷᠢᠳᠡᠢ᠂ ᠡᠮᠦᠨ᠎ᠡ ᠤᠮᠠᠷ᠎ᠠ ᠶᠢᠨ ᠤᠷᠳᠤ ᠨᠢ 54 ᠺᠢᠯᠤᠮᠧᠲᠷ᠂ | ᠵᠡᠬᠦᠨ ᠪᠠᠷᠠᠭᠤᠨ ᠤ ᠦᠷᠭᠡᠨ ᠨᠢ 600 ᠺᠢᠯᠤᠮᠧᠲᠷ᠂ ᠶᠡᠷᠦᠩᠭᠡᠢ ᠲᠠᠯᠠᠪᠡᠢ ᠨᠢ 15613 ᠲᠡᠭᠰᠢ ᠲᠦᠷᠪᠡᠯᠵᠢᠨ | ᠺᠢᠯᠤᠮᠧᠲᠷ᠃ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠨᠠᠮ ᠵᠠᠰᠠᠭ ᠤᠨ ᠪᠠᠶᠢᠭᠤᠯᠤᠯᠭ᠎ᠠ ᠶᠢᠨ | ᠰᠠᠭᠤᠭ᠎ᠠ ᠭᠠᠵᠠᠷ ᠨᠢ ᠪᠠᠶᠠᠨᠬᠤᠰᠢᠭᠤ ᠪᠠᠯᠭᠠᠰᠤ᠃ ᠪᠦᠬᠦ ᠬᠤᠰᠢᠭᠤᠨ ᠳᠤ 6 ᠰᠤᠮᠤ᠂ 6 ᠪᠠᠯᠭᠠᠰᠤ᠂ 2 | ᠬᠠᠮᠢᠶᠠᠷᠤᠯᠲᠠ ᠶᠢᠨ ᠣᠷᠤᠨ᠂ 25 ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ᠂ 173 ᠭᠠᠴᠠᠭ᠎ᠠ᠂ | 456 ᠠᠶᠢᠯ ᠬᠠᠷᠢᠶᠠᠯᠠᠭᠲᠠᠵᠤ᠂ 60618 ᠡᠷᠦᠭᠡ᠂ 257670 ᠬᠦᠮᠦᠨ ᠠᠮᠠ ᠲᠠᠢ᠂ ᠡᠭᠦᠨ ᠳᠤ ᠮᠤᠩᠭᠤᠯ | ᠦᠨᠳᠦᠰᠦᠲᠡᠨ 219226 ᠬᠦᠮᠦᠨ ᠪᠠᠶᠢᠵᠦ᠂ ᠶᠡᠷᠦᠩᠬᠡᠢ ᠬᠦᠮᠦᠨ ᠠᠮᠠᠨ ᠤ 85.09% ᠶᠢ ᠡᠵᠡᠯᠡᠨ᠎ᠡ᠃ | ᠦᠪᠦᠷ ᠮᠤᠩᠭᠤᠯ ᠤᠨ ᠦᠪᠠᠷᠳᠡᠭᠡᠨ ᠵᠠᠰᠠᠬᠤ ᠣᠷᠤᠨ 1947 ᠣᠨ ᠤ ᠲᠠᠪᠤᠨ ᠰᠠᠷᠠᠶᠢᠨ ᠨᠢᠭᠡᠨ ᠤ ᠡᠳᠦᠷ | ᠪᠠᠶᠢᠭᠤᠯᠤᠭᠳᠠᠵᠤ᠂ ᠲᠤᠰ ᠬᠤᠰᠢᠭᠤ ᠶᠢ ᠬᠢᠩᠭᠠᠨ ᠠᠶᠢᠮᠠᠭ ᠲᠤ ᠬᠠᠷᠢᠶᠠᠯᠠᠭᠤᠯᠪᠠ᠃ 1949 ᠤᠨ ᠤ 3 ᠰᠠᠷ᠎ᠠ ᠳᠤ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠭᠡᠬᠦ ᠳᠠᠭᠤᠳᠠᠯᠭ᠎ᠠ ᠳᠤ ᠰᠡᠷᠬᠦᠬᠡᠵᠦ᠂ ᠤᠯᠤᠰ | ᠪᠠᠶᠢᠭᠤᠯᠤᠭᠳᠠᠭᠰᠠᠨ ᠤ ᠲᠠᠷᠠᠭ᠎ᠠ᠂ 1953 ᠣᠨ ᠤ 2 ᠰᠠᠷ᠎ᠠ ᠳᠤ᠂ ᠤᠤᠯ ᠤᠨ ᠵᠢᠷᠢᠮ ᠤᠨ ᠴᠢᠭᠤᠯᠭᠠᠨ᠂ ᠬᠢᠩᠭᠠᠨ | ᠠᠶᠢᠮᠠᠭ᠂ ᠬᠦᠯᠦᠨ ᠨᠤᠨ ᠠᠶᠢᠮᠠᠭ ᠤᠨ ᠵᠠᠰᠠᠭ ᠵᠠᠬᠢᠷᠭᠠᠨ ᠤ ᠪᠠᠶᠢᠭᠤᠯᠤᠮᠵᠢ ᠶᠢ ᠬᠦᠴᠦᠨ ᠦᠭᠡᠢ ᠪᠤᠯᠭᠠᠵᠤ᠂ ᠦᠪᠦᠷ | ᠮᠤᠩᠭᠤᠯ ᠤᠨ ᠵᠡᠬᠦᠨ ᠣᠷᠤᠨ ᠤ ᠵᠠᠬᠢᠷᠭ᠎ᠠ ᠶᠢ ᠪᠠᠶᠢᠭᠤᠯᠤᠭᠰᠠᠨ ᠤ ᠲᠠᠷᠠᠭ᠎ᠠ᠂ ᠲᠤᠰ ᠬᠤᠰᠢᠭᠤ ᠶᠢ ᠬᠠᠷᠢᠶᠠᠯᠠᠭᠤᠯᠪᠠ᠃ | | 1954 ᠣᠨ ᠤ ᠪᠠᠨ ᠰᠠᠷ᠎ᠠ ᠳᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠠᠴᠠ ᠵᠡᠬᠦᠨ | ᠣᠷᠤᠨ ᠤ ᠵᠠᠬᠢᠷᠭ᠎ᠠ ᠶᠢ ᠬᠦᠴᠦᠨ ᠦᠭᠡᠢ ᠪᠤᠯᠭᠠᠭᠰᠠᠨ ᠠᠴᠠ ᠲᠣᠰ ᠬᠤᠰᠢᠭᠤ ᠶᠢ ᠬᠦᠯᠦᠨ ᠪᠤᠶᠢᠷ ᠠᠶᠢᠮᠠᠭ ᠲᠤ | ᠬᠠᠷᠢᠶᠠᠯᠠᠭᠤᠯᠵᠠᠢ᠃ 1959 ᠣᠨ ᠤ 9 ᠰᠠᠷ᠎ᠠ ᠳᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠤᠨ ᠠᠴᠠ | ᠲᠦᠴᠢᠥᠸᠠᠨ ᠰᠢᠶᠠᠨ ᠤ ᠪᠠᠶᠢᠭᠤᠯᠤᠮᠵᠢ ᠶᠢ ᠬᠦᠴᠦᠨ ᠦᠭᠡᠢ ᠪᠤᠯᠭᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤ ᠪᠠ ᠲᠦᠴᠢᠥᠸᠠᠨ ᠰᠢᠢᠶᠠᠨ ᠢ ᠨᠡᠶᠢᠯᠡᠬᠦᠯᠦᠨ᠂ ᠲᠠᠭᠤᠳᠠᠯᠭ᠎ᠠ ᠶᠢ ᠨᠢ ᠮᠦᠨᠴᠦ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤ ᠭᠡᠵᠦ ᠨᠡᠷᠡᠯᠡᠭᠡᠳ᠂ ᠬᠤᠰᠢᠭᠤᠨ ᠤ ᠵᠠᠰᠠᠭ ᠤᠨ ᠤᠷᠳᠤᠨ ᠢ ᠲᠦᠴᠢᠥᠸᠠᠨ ᠪᠠᠯᠭᠠᠰᠤ ᠳᠤ | ᠨᠡᠭᠦᠯᠭᠡᠪᠡ᠃ 1962 ᠣᠨ ᠤ 3 ᠰᠠᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠵᠦᠪᠰᠢᠶᠠᠷᠠᠯ ᠪᠠᠷ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠠ ᠲᠦᠴᠢᠥᠸᠠᠨ ᠰᠢᠶᠠᠨ ᠤ ᠪᠠᠶᠢᠭᠤᠯᠤᠮᠵᠢ ᠶᠢ ᠰᠠᠯᠭᠠᠵᠤ᠂ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠨᠢ ᠪᠠᠶᠠᠨᠬᠤᠰᠢᠭᠤ ᠪᠠᠯᠭᠠᠰᠤᠨ ︵ | ᠤᠤᠯ ᠤᠨ ᠪᠠᠶᠠᠨᠬᠤᠰᠢᠭᠤ ᠬᠡᠶᠢᠳ ᠤᠨ ᠰᠦᠮ᠎ᠡ ᠶᠢᠨ ᠬᠠᠭᠤᠴᠢᠨ ᠪᠠᠭᠤᠷᠢ︶ ᠳᠤ ᠨᠡᠭᠦᠪᠡ᠃ | 1965 ᠣᠨ ᠤ 10 ᠰᠠᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢ ᠵᠢᠷᠢᠮ | ᠠᠶᠢᠮᠠᠭ ᠲᠤ ᠬᠠᠷᠢᠶᠠᠯᠠᠭᠤᠯᠵᠤ᠂ 1969 ᠣᠨ ᠤ 8 ᠰᠠᠷ᠎ᠠ ᠳᠤ᠂ ᠵᠢᠷᠢᠮ ᠠᠶᠢᠮᠠᠭ ᠲᠠᠢ ᠬᠠᠮᠳᠤᠪᠠᠷ ᠬᠢᠷᠢᠨ | ᠮᠤᠵᠢ ᠶᠢᠨ ᠵᠠᠰᠠᠭ ᠵᠠᠬᠢᠷᠭᠠᠨ ᠤ ᠪᠠᠶᠢᠭᠤᠯᠤᠮᠵᠢ ᠳᠤ ᠬᠠᠷᠢᠶᠠᠯᠠᠭᠤᠯᠪᠠ᠃ 1979 ᠣᠨ ᠤ 8 ᠰᠠᠷ᠎ᠠ ᠳᠤ᠂ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠳᠤ | ᠪᠤᠴᠠᠭᠠᠨ ᠬᠠᠷᠢᠶᠠᠯᠠᠭᠤᠯᠵᠤ᠂ 1980 ᠣᠨ ᠤ 7 ᠰᠠᠷ᠎ᠠ ᠳᠤ᠂ ᠬᠢᠩᠭᠠᠨ ᠠᠶᠢᠮᠠᠭ ᠤᠨ ᠪᠠᠶᠢᠭᠤᠯᠤᠮᠵᠢ ᠶᠢ | ᠰᠡᠷᠭᠦᠭᠡᠵᠦ᠂ ᠲᠤᠰ ᠬᠤᠰᠢᠭᠤ ᠶᠢ ᠬᠢᠩᠭᠠᠨ ᠠᠶᠢᠮᠠᠭ ᠲᠤ ᠬᠠᠷᠢᠶᠠᠯᠠᠭᠤᠯᠵᠠᠢ᠃ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤ ᠪᠣᠯ ᠦᠨᠢᠶ᠎ᠡ ᠤᠳᠠᠭᠤᠨ ᠲᠡᠦᠭᠡ ᠪᠠ ᠭᠡᠷᠡᠯ ᠬᠢᠯᠠᠯᠵᠠᠮ᠎ᠠ ᠰᠤᠶᠤᠯ ᠲᠠᠢ ᠪᠦᠭᠡᠳ ᠤᠶᠢᠷ᠎ᠠ | ᠦᠶ᠎ᠡ ᠶᠢᠨ ᠲᠡᠦᠭᠡᠨ ᠳᠤ ᠤᠷᠳᠤ ᠤᠳᠠᠭᠠᠨ ᠭᠠᠰᠦᠭᠤᠨ ᠵᠦᠳᠡᠭᠦᠷᠢᠳᠦ ᠣᠨ ᠰᠠᠷ᠎ᠠ ᠶᠢ ᠦᠩᠭᠡᠷᠡᠭᠡᠵᠦ᠂ | ᠣᠳᠤᠬᠠᠨ ᠳᠤ ᠦᠩᠭᠡ ᠭᠡᠷᠡᠯᠲᠦ ᠲᠡᠦᠭᠡ ᠪᠤᠯᠵᠤ ᠬᠤᠴᠤᠷᠴᠠᠢ᠃ | 1946 ᠣᠨ ᠠᠴᠠ ᠡᠬᠢᠯᠡᠵᠦ᠂ ᠴᠧᠩᠳᠤ ᠤᠨ ︽ᠲᠦᠷᠪᠡᠨ ᠰᠠᠷᠠᠶᠢᠨ ᠭᠤᠷᠪᠠᠨ ᠤ ᠬᠤᠷᠠᠯᠳᠤᠭᠠᠨ » ᠤ | ᠲᠠᠷᠠᠭ᠎ᠠ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠬᠦᠳᠡᠯᠭᠡᠭᠡᠨ ᠢ ᠨᠢᠭᠡᠳᠦᠯᠳᠡᠢ ᠪᠤᠯᠭᠠᠵᠤ᠂ ᠲᠤᠰ ᠵᠢᠯ ᠳᠤ᠂ | ᠲᠤᠮᠳᠠᠳᠤ ᠤᠯᠤᠰ ᠤᠨ ᠡᠪ ᠬᠠᠮᠳᠤ ᠨᠠᠮ ᠤᠨ ᠯᠢᠶᠦᠦᠰᠢ ᠮᠤᠵᠢ ᠶᠢᠨ ᠬᠤᠷᠢᠶ᠎ᠠ ᠠᠴᠠ ᠨᠠᠮ ᠤᠨ ᠲᠥᠪ ᠬᠤᠷᠢᠶᠠᠨ ᠤ | ᠲᠣᠭᠲᠠᠭᠠᠭᠰᠠᠨ ︽ᠲᠠᠷᠳᠠᠩ ᠵᠠᠮ ᠢ ᠲᠡᠯᠭᠡᠨ᠂ ᠬᠤᠶᠠᠷ ᠡᠳᠡᠭᠡᠳ ᠢ ᠡᠵᠡᠯᠡᠬᠦ︾ ᠠᠷᠭ᠎ᠠ ᠪᠣᠳᠤᠯᠭ᠎ᠠ ᠳᠤ | ᠦᠨᠳᠦᠰᠦᠯᠡᠵᠦ᠂ ᠵᠡᠬᠦᠨ ᠬᠤᠶᠢᠲᠤ ᠣᠷᠤᠨ ᠤ ᠰᠠᠭᠤᠷᠢᠨ ᠭᠠᠵᠠᠷ ᠢ ᠪᠠᠶᠢᠭᠤᠯᠤᠨ ᠪᠠᠬᠢᠵᠢᠬᠦᠯᠬᠦ ᠬᠠᠷᠠᠯᠲᠠ ᠶᠢ | ᠲᠤᠷᠠᠳᠴᠦ᠂ ᠵᠡᠬᠦᠨ ᠬᠤᠶᠢᠳᠤ ᠣᠷᠤᠨ ᠤ ᠪᠠᠷᠠᠭᠤᠨ ᠵᠠᠬ᠎ᠠ ᠲᠡᠰᠢ ᠦᠪᠦᠷ ᠮᠤᠩᠭᠤᠯ ᠤᠨ ᠵᠡᠬᠦᠨ ᠤᠷᠤᠨ ᠤ | ᠰᠠᠭᠤᠷᠢᠨ ᠭᠠᠵᠠᠷ ᠢ ᠨᠡᠭᠡᠭᠡᠭᠰᠡᠨ ᠠᠴᠠ ᠪᠠᠷᠠᠭᠤᠨ ᠬᠤᠷᠴᠢᠨ ᠳᠤᠮᠳᠠᠳᠤ ᠬᠤᠰᠢᠭᠤᠨ ︵ᠤᠳᠤ ᠶᠢᠨ ᠳᠠᠭᠤᠳᠠᠯᠭ᠎ᠠ ᠨᠢ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠣᠳᠤ ᠪᠣᠯᠳᠠᠯ᠎ᠠ ᠬᠡᠷᠡᠭᠯᠡᠭᠰᠡᠭᠡᠷ᠂ ᠮᠤᠩᠭᠤᠯ ᠬᠢᠲᠠᠳ ᠪᠠ ᠡᠯ᠎ᠡ | ᠦᠨᠳᠦᠰᠦᠲᠡᠨ ᠤ ᠲᠠᠪᠰᠢᠭᠰᠠᠨ ᠵᠠᠯᠠᠭᠤᠴᠤᠤᠯ ᠠᠴᠠ ᠲᠣᠮᠳᠠᠳᠤ ᠤᠯᠤᠰ ᠤᠨ ᠡᠪ ᠬᠠᠮᠳᠤ ᠨᠠᠮ ᠤᠨ ᠦᠵᠡᠯ | ᠲᠠᠨᠢᠯᠲᠠ ᠶᠢ ᠬᠦᠯᠢᠶᠡᠨ ᠠᠪᠴᠤ᠂ ᠪᠠᠷᠠᠭᠤᠨ ᠬᠤᠷᠴᠢᠨ ᠳᠤᠮᠳᠠᠳᠤ ᠬᠤᠰᠢᠭᠤᠨ ᠳᠤ ᠬᠤᠪᠢᠰᠬᠠᠯ ᠤᠨ ᠲᠦᠯᠦ ᠶᠢ | ᠲᠦᠷᠢᠯᠵᠡᠬᠦᠯᠵᠦ᠂ ᠬᠤᠪᠢᠰᠬᠠᠯ ᠤᠨ ᠦᠷ᠎ᠡ ᠶᠢ ᠰᠠᠴᠤᠭᠰᠠᠨ ᠪᠠᠶᠢᠨ᠎ᠠ᠃ | ᠴᠢᠯᠦᠭᠡᠯᠡᠯᠲᠡ ᠶᠢᠨ ᠲᠠᠶᠢᠨ ᠤ ᠦᠭᠡ ᠶᠢᠨ ᠦᠶ᠎ᠡ ᠳᠤ᠂ ᠨᠠᠮ ᠵᠠᠰᠠᠭ ᠤᠨ ᠵᠤᠬᠢᠶᠠᠨ ᠪᠠᠶᠢᠭᠤᠯᠤᠯᠲᠠ | ᠲᠤᠮᠤᠭᠠᠵᠢᠨ ᠬᠦᠴᠦᠷᠭᠡᠭᠵᠢᠵᠦ᠂ ᠨᠢᠭᠤᠴᠠ ᠲᠠᠯᠳᠠ ᠠᠴᠠ ᠢᠯᠡ ᠪᠣᠯᠣᠨ ᠬᠦᠭᠵᠢᠭᠡᠳ᠂ ᠪᠦᠬᠦ ᠬᠤᠰᠢᠭᠤᠨ ᠤ | ᠠᠷᠠᠳ ᠲᠦᠮᠡᠨ ᠢ ᠣᠳᠤᠷᠢᠳᠤᠨ ᠲᠡᠭᠡᠷᠡᠮ ᠢ ᠤᠰᠠᠳᠬᠠᠨ ᠬᠠᠷᠬᠢᠰ ᠢ ᠡᠰᠡᠷᠬᠦᠴᠡᠬᠦ ᠲᠡᠮᠡᠴᠡᠯ ᠢ ᠦᠷᠨᠢᠭᠦᠯᠵᠦ᠂ ᠪᠦᠬᠦ | ᠤᠯᠤᠰ ᠤᠨ ᠴᠢᠯᠦᠭᠡᠯᠡᠯᠲᠡ ᠶᠢᠨ ᠲᠠᠶᠢᠨ ᠤ ᠢᠯᠠᠯᠲᠠ ᠳᠤ ᠬᠦᠴᠦᠲᠡᠢ ᠲᠡᠮᠵᠢᠯᠭᠡ ᠥᠭᠪᠡ᠃ ᠨᠡᠶᠢᠭᠡᠮ ᠵᠢᠷᠦᠮᠳᠦ | ᠦᠭᠡᠷᠡᠴᠢᠯᠡᠯᠲᠠ ᠶᠢᠨ ᠦᠨᠳᠦᠰᠦᠨ ᠳᠡᠭᠡᠨ ᠪᠡᠶᠡᠯᠡᠬᠦᠯᠵᠦ᠂ ᠨᠡᠶᠢᠭᠡᠮ ᠵᠢᠷᠦᠮᠲᠤ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠵᠤ ᠪᠠᠶᠢᠬᠤ ᠦᠶ᠎ᠡ ᠳᠤ᠂ ᠬᠤᠰᠢᠭᠤᠨ ᠤ ᠨᠠᠮ ᠵᠠᠰᠠᠭ ᠴᠢᠷᠢᠭ ᠤᠨ ᠵᠤᠬᠢᠶᠠᠨ ᠪᠠᠶᠢᠭᠤᠯᠤᠯᠲᠠ ᠡᠳᠦᠷ | ᠢᠷᠡᠬᠦᠶ᠎ᠡ ᠲᠡᠭᠦᠯᠳᠡᠷᠵᠢᠵᠦ᠂ ᠨᠢᠭᠡᠳᠦᠮᠠᠯ ᠹᠷᠦᠨᠲ ᠪᠠ ᠤᠯᠠᠨ ᠲᠦᠮᠡᠨ ᠤ ᠵᠤᠬᠢᠶᠠᠨ ᠪᠠᠶᠢᠭᠤᠯᠤᠯᠲᠠ ᠶᠢ ᠪᠠᠰᠠ | ᠪᠠᠶᠢᠭᠤᠯᠤᠨ ᠲᠡᠭᠦᠯᠲᠡᠷᠵᠢᠬᠦᠯᠦᠨ᠂ ᠪᠦᠬᠦ ᠬᠤᠰᠢᠭᠤᠨ ᠤ ᠠᠷᠠᠳ ᠲᠦᠮᠡᠨ ᠢ ᠢᠳᠡᠪᠬᠢᠲᠠᠢ ᠤᠳᠤᠷᠢᠳᠴᠤ᠂ | ᠲᠠᠷᠢᠶᠠᠯᠠᠩ ᠤᠨ ᠬᠤᠷᠰᠢᠶᠠᠵᠢᠯᠲᠠ ᠪᠠ ᠬᠦᠷᠦᠩᠭᠡᠳᠤ ᠶᠤᠰᠤᠨ ᠤ ᠦᠢᠯᠡᠳᠪᠦᠷᠢ ᠬᠤᠳᠠᠯᠳᠤᠭᠠᠨ ᠳᠤ ᠨᠡᠶᠢᠭᠡᠮ | ᠵᠢᠷᠦᠮᠲᠤ ᠦᠭᠡᠷᠡᠴᠢᠯᠡᠯᠲᠠ ᠬᠢᠬᠦ ᠠᠵᠢᠯ ᠢ ᠠᠯᠬᠤᠮ ᠲᠠᠷᠠᠭ᠎ᠠ ᠲᠠᠢ ᠶᠠᠪᠤᠭᠳᠠᠭᠤᠯᠵᠤ᠂ ᠨᠡᠶᠢᠭᠡᠮ ᠵᠢᠷᠦᠮ ᠤᠨ ︽ᠨᠢᠭᠡ | ᠬᠤᠪᠢᠷᠠᠭᠤᠯᠵᠤ ᠭᠤᠷᠪᠠ ᠦᠭᠡᠷᠡᠴᠢᠯᠡᠬᠦ︾ ᠬᠤᠪᠢᠰᠬᠠᠯ ᠤᠨ ᠡᠭᠦᠷᠭᠡ ᠶᠢ ᠢᠯᠠᠯᠲᠠᠲᠠᠢ ᠪᠡᠶᠡᠯᠡᠬᠦᠯᠦᠭᠡᠳ᠂ 1957 | ᠣᠨ ᠳᠤ ᠨᠡᠶᠢᠭᠡᠮ ᠵᠢᠷᠦᠮᠳᠤ ᠪᠠᠶᠢᠭᠤᠯᠤᠯᠲᠠ ᠶᠢᠨ ᠦᠷᠨᠢᠯᠲᠠ ᠶᠢ ᠮᠠᠰᠢ ᠲᠦᠷᠭᠡᠨ ᠢᠶᠠᠷ ᠠᠬᠢᠭᠤᠯᠪᠠ᠃ | ᠡᠨᠡ ᠬᠤᠭᠤᠴᠠᠭᠠᠨ ᠳᠤ᠂ ᠬᠡᠳᠦ᠋ᠢᠪᠡᠷ ᠨᠡᠯᠢᠶᠡᠳ ᠬᠦᠨᠳᠦ ᠨᠤᠴᠢᠲᠠᠢ ᠪᠤᠷᠤᠭᠤ ᠭᠠᠷᠴᠤ᠂ ᠬᠤᠰᠢᠭᠤᠨ ᠤ ᠨᠠᠮ ᠤᠨ | ᠬᠤᠷᠢᠶ᠎ᠠ ᠵᠠᠰᠠᠭ ᠤᠨ ᠤᠷᠳᠤᠨ ᠪᠠ ᠨᠢᠭᠡ ᠪᠦᠯᠦᠭ ᠦᠨᠳᠦᠰᠦᠨ ᠱᠠᠳᠤᠨ ᠤ ᠨᠠᠮ ᠵᠠᠰᠠᠭ ᠤᠨ ᠵᠤᠬᠢᠶᠠᠨ | ᠪᠠᠶᠢᠭᠤᠯᠤᠯᠲᠠ ᠵᠢᠴᠢ ᠺᠠᠳ᠋ᠷ ᠨᠤᠭᠤᠷᠠᠯ ᠳᠤ ᠤᠴᠠᠷᠠᠭᠰᠠᠨ ᠤ ᠲᠡᠭᠡᠷ᠎ᠡ ᠪᠠᠶᠢᠭᠠᠯᠢ ᠶᠢᠨ ᠭᠠᠮᠰᠢᠭ ᠲᠠᠪᠬᠤᠯᠠᠭᠰᠠᠨ ᠵᠡᠷᠭᠡ | ᠰᠢᠯᠲᠠᠭᠠᠨ ᠠᠴᠠ ᠪᠤᠯᠵᠤ᠂ ᠤᠯᠤᠰ ᠠᠷᠠᠳ ᠤᠨ ᠠᠵᠤ ᠠᠬᠤᠢ 1959 ᠣᠨ ᠠᠴᠠ 1961 ᠣᠨ ᠪᠤᠯᠳᠠᠯ᠎ᠠ | ᠬᠦᠨᠳᠦ ᠨᠤᠴᠢᠲᠠᠢ ᠪᠡᠷᠭᠡᠰᠢᠶᠠᠯ ᠳᠤ ᠤᠴᠠᠷᠠᠭᠰᠠᠨ ᠦᠶ᠎ᠡ ᠳᠤ᠂ ᠮᠠᠨ ᠤ ᠨᠠᠮ ᠴᠠᠭ ᠲᠣᠬᠠᠢ ᠳᠤᠨᠢ ᠲᠦᠷᠦ ᠶᠢᠨ | ᠪᠤᠳᠤᠯᠭ᠎ᠠ ᠪᠠᠨ ᠦᠭᠡᠷᠡᠴᠢᠯᠡᠨ᠂ ᠤᠯᠤᠰ ᠠᠷᠠᠳ ᠤᠨ ᠠᠵᠤ ᠠᠬᠤᠢ ᠶᠢ ᠪᠦᠬᠦ ᠲᠠᠯ᠎ᠠ ᠪᠠᠷ ᠲᠣᠬᠢᠷᠠᠭᠤᠯᠤᠨ | ᠬᠦᠭᠵᠢᠭᠦᠯᠵᠦ᠂ ᠲᠠᠬᠢᠨᠲᠠ ᠨᠡᠯᠢᠶᠡᠳ ᠰᠠᠶᠢᠨ ᠬᠦᠭᠵᠢᠯᠲᠡ ᠶᠢᠨ ᠬᠠᠨᠳᠤᠰᠢ ᠢᠯᠡᠷᠡᠪᠡ᠃ ︽ᠰᠣᠶᠣᠯ ᠤᠨ | ᠬᠤᠪᠢᠰᠬᠠᠯ︾ ᠤᠨ ᠦᠶ᠎ᠡ ᠳᠤ᠂ ᠬᠤᠰᠢᠭᠤᠨ ᠤ ᠨᠠᠮ ᠵᠠᠰᠠᠭ ᠤᠨ ᠴᠡᠷᠢᠭ ᠤᠨ ᠵᠣᠬᠢᠶᠠᠨ ᠪᠠᠶᠢᠭᠤᠯᠤᠯᠲᠠ ᠬᠡᠳᠦ᠋ᠢᠪᠡᠷ | ᠬᠡᠰᠡᠭ ᠬᠤᠭᠤᠴᠠᠭ᠎ᠠ ᠰᠦᠢᠷᠡᠭᠰᠡᠨ ᠪᠤᠯᠪᠠᠴᠤ ᠲᠡᠮᠡᠢ ᠤᠳᠠᠯ ᠦᠭᠡᠢ ᠰᠡᠷᠬᠦᠵᠦ᠂ ᠬᠡᠳᠦ᠋ᠢᠪᠡᠷ ᠬᠦᠨᠳᠦ ᠨᠤᠴᠢᠲᠠᠢ ︽ | ᠵᠡᠭᠦᠨ︾ ᠤ ᠬᠡᠯᠪᠡᠷᠢᠯ ᠤᠨ ᠨᠦᠯᠦᠭᠡ ᠶᠢ ᠬᠦᠷᠳᠡᠭᠰᠡᠨ ᠪᠤᠯᠪᠠᠴᠤ ᠨᠠᠮ ᠵᠠᠰᠠᠭ ᠤᠯᠠᠨ ᠲᠦᠮᠡᠨ ᠤ ᠵᠤᠬᠢᠶᠠᠨ | ᠪᠠᠶᠢᠭᠤᠯᠤᠯᠲᠠ ᠶᠢ ᠴᠢᠩᠭᠠᠳᠬᠠᠭᠰᠠᠨ ᠠᠴᠠ ᠪᠣᠯᠵᠤ᠂ ᠡᠯ᠎ᠡ ᠲᠠᠯ᠎ᠠ ᠶᠢᠨ ᠠᠵᠢᠯ ᠢ ᠦᠨᠳᠦᠰᠦᠨ ᠳᠡᠭᠡᠨ ᠬᠡᠪ ᠤᠨ | ᠪᠠᠶᠢᠳᠠᠯ ᠲᠡᠰᠢ ᠬᠠᠨᠳᠤᠭᠤᠯᠵᠤ ᠴᠢᠳᠠᠭᠰᠠᠨ ᠪᠠᠶᠢᠨ᠎ᠠ᠃ | ᠨᠡᠶᠢᠭᠡᠮ ᠵᠢᠷᠤᠮᠳᠦ ᠣᠳᠤᠬᠢᠴᠢᠯᠠᠭᠰᠠᠨ ᠪᠦᠳᠦᠭᠡᠨ ᠪᠠᠶᠢᠭᠤᠯᠤᠯᠲᠠ ᠶᠢᠨ ᠰᠢᠨ᠎ᠡ ᠴᠠᠭ ᠦᠭᠡ ᠶᠢᠨ ᠦᠶ᠎ᠡ ᠳᠤ | ᠣᠷᠤᠭᠰᠠᠨ ᠤ ᠲᠠᠷᠠᠭ᠎ᠠ᠂ ᠣᠨᠴᠤᠭᠤᠶᠢᠯᠠᠨ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠭᠤᠷᠪᠠᠳᠤᠭᠠᠷ ᠪᠦᠬᠦ | ᠬᠤᠷᠠᠯᠳᠤᠭᠠᠨ ᠠᠴᠠ ᠨᠠᠰᠢ᠂ ᠬᠤᠰᠢᠭᠤᠨ ᠤ ᠨᠠᠮ ᠵᠠᠰᠠᠭ ᠴᠡᠷᠢᠭ ᠤᠯᠠᠨ ᠲᠦᠮᠡᠨ ᠤ ᠲᠠᠪᠤᠨ ᠶᠡᠭᠡ ᠰᠢᠰᠲᠧᠮ ᠤᠨ | ᠵᠤᠬᠢᠶᠠᠨ ᠪᠠᠶᠢᠭᠤᠯᠤᠯᠲᠠ ᠡᠳᠦᠷ ᠢᠷᠡᠬᠦᠶ᠎ᠡ ᠰᠡᠷᠬᠦᠨ ᠪᠤᠵᠠᠭᠠᠶᠢᠷᠠᠭᠰᠠᠨ ᠪᠠᠶᠢᠨ᠎ᠠ᠃ ᠲᠡᠭᠡᠷ᠎ᠡ ᠱᠠᠳᠤᠨ ᠤ ᠨᠠᠮ ᠪᠠ | ᠵᠠᠰᠠᠭ ᠤᠨ ᠤᠷᠳᠤᠨ ᠤ ᠤᠳᠤᠷᠢᠳᠤᠯᠭ᠎ᠠ ᠳᠤᠤᠷ᠎ᠠ᠂ ᠨᠠᠮ ᠤᠨ ᠵᠠᠮ ᠱᠤᠭᠤᠮ᠂ ᠴᠢᠭᠯᠡᠯᠲᠡ ᠪᠠ ᠲᠦᠷᠦ ᠤᠨ | ᠪᠤᠳᠤᠯᠢᠭ᠎ᠠ ᠶᠢ ᠬᠢᠨᠠᠮᠠᠭᠠᠢ ᠲᠤᠤᠱᠯᠠᠭᠤᠯᠵᠤ᠂ ᠲᠦᠷᠪᠡᠨ ᠦᠨᠳᠦᠰᠦᠨ ᠵᠠᠷᠴᠢᠮ ᠢ ᠪᠠᠷᠢᠮᠳᠠᠯᠠᠨ᠂ ᠭᠤᠶᠢᠪᠠᠰᠢ ᠦᠭᠡᠢ | ᠯᠠᠪᠳᠠᠭᠤᠨ ᠢᠶᠠᠷ ᠨᠠᠮ ᠤᠨ ᠲᠥᠪ ᠬᠤᠷᠢᠶ᠎ᠠ ᠲᠠᠢ ᠬᠠᠮᠳᠤ ᠦᠵᠡᠯ ᠰᠠᠨᠠᠭᠠᠨ ᠤ ᠬᠤᠪᠢ ᠳᠤ ᠤᠯᠤᠰ ᠲᠦᠷᠦ ᠤᠨ | ᠲᠠᠯ᠎ᠠ ᠪᠠᠷ ᠨᠢᠭᠡᠳᠦᠯᠲᠡᠢ ᠪᠠᠶᠢᠬᠤ ᠶᠢ ᠪᠠᠷᠢᠮᠳᠠᠯᠠᠵᠤ᠂ ᠠᠵᠤ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ | ᠬᠦᠨᠵᠡᠭᠡᠢ ᠦᠷᠨᠢᠭᠦᠯᠦᠨ᠂ ᠠᠵᠤ ᠠᠬᠤ ᠶᠢᠨ ᠪᠠᠶᠢᠭᠤᠯᠤᠯᠲᠠ ᠶᠢ ᠢᠳᠡᠪᠭᠢᠳᠡᠢ ᠶᠠᠪᠤᠭᠳᠠᠭᠤᠯᠵᠤ᠂ ᠨᠡᠶᠢᠭᠡᠮ ᠵᠢᠷᠤᠮᠲᠤ | ᠤᠶᠣᠨ ᠤ ᠪᠤᠯᠪᠠᠰᠤᠨ ᠪᠠ ᠪᠤᠳᠠᠰ ᠤᠨ ᠪᠤᠯᠪᠠᠰᠤᠨ ᠤ ᠪᠠᠶᠢᠭᠤᠯᠤᠯᠲᠠ ᠳᠤ ᠨᠡᠯᠢᠶᠡᠳ ᠶᠡᠭᠡ ᠠᠮᠵᠢᠯᠲᠠ ᠣᠯᠪᠠ᠃ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ | ᠲᠦᠯᠦᠭᠡᠯᠡᠭᠴᠢᠳ ᠤᠨ ᠬᠤᠷᠠᠯ ᠠᠴᠠ ᠬᠤᠶᠢᠰᠢ᠂ ᠪᠦᠬᠦ ᠬᠤᠰᠢᠭᠤᠨ ᠤ ᠡᠯ᠎ᠡ ᠱᠠᠳᠤᠨ ᠤ ᠨᠠᠮ ᠤᠨ ᠵᠤᠬᠢᠶᠠᠨ | ᠪᠠᠶᠢᠭᠤᠯᠤᠯᠲᠠ ᠠᠴᠠ ᠦᠷᠭᠡᠨ ᠤᠯᠠᠨ ᠲᠦᠮᠡᠨ ᠢ ᠪᠦᠯᠬᠦᠮᠳᠡᠭᠦᠯᠦᠨ ᠲᠠᠭᠠᠭᠤᠯᠵᠤ ︽ᠳ᠋ᠧᠩ ᠰᠢᠶᠤᠦ ᠫᠢᠩ ᠤᠨ | ᠣᠨᠤᠯ︾ ᠪᠠ ︽ᠭᠤᠷᠪᠠ ᠶᠢ ᠲᠦᠯᠦᠭᠡᠯᠡᠬᠦ︾ ᠶᠢᠨ ᠴᠢᠬᠤᠯᠠ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ | ᠰᠢᠨᠵᠢᠯᠡᠬᠦ ᠤᠬᠠᠭᠠᠨᠴᠢ ᠬᠦᠭ᠌ᠵᠢᠯᠲᠠ ᠶᠢᠨ ᠦᠵᠡᠯᠲᠠ ᠪᠠᠷ ᠪᠦᠬᠦ ᠲᠠᠯ᠎ᠠ ᠶᠢᠨ ᠠᠵᠢᠯ ᠢ ᠬᠠᠮᠤᠷᠤᠭᠤᠯᠵᠤ᠂ ᠠᠵᠤ | ᠠᠬᠤᠢ ᠶᠢᠨ ᠬᠦᠭᠵᠢᠯᠲᠡ ᠶᠢᠨ ᠱᠠᠭᠠᠷᠳᠠᠯᠭ᠎ᠠ ᠳᠤ ᠨᠠᠶᠢᠴᠡᠬᠦᠯᠬᠦ ᠶᠢᠨ ᠲᠦᠯᠦᠭᠡ᠂ ᠰᠢᠨ᠎ᠡ ᠬᠡᠯᠪᠡᠷᠢ ᠶᠢᠨ ᠠᠵᠤ | ᠦᠢᠯᠡᠳᠪᠦᠷᠢᠵᠢᠬᠦᠯᠦᠯᠲᠠ᠂ ᠬᠤᠲᠠ ᠪᠠᠯᠭᠠᠰᠤᠵᠢᠯᠠᠯᠲᠠ ᠪᠠ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰᠵᠢᠭᠦᠯᠦᠯᠲᠠ ᠶᠢᠨ ᠠᠬᠢᠴᠡ ᠶᠢ ᠲᠦᠯᠬᠢᠨ ᠲᠦᠷᠭᠡᠳᠭᠡᠪᠡ᠃ « ᠠᠷᠪᠠᠨ ᠬᠤᠶᠠᠳᠤᠭᠠᠷ ᠲᠠᠪᠤᠨ ᠵᠢᠯ » ᠤᠨ | ᠵᠠᠰᠠᠭ ᠤᠨ ᠤᠷᠳᠤᠨ ᠠᠴᠠ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠢ ᠤᠳᠤᠷᠢᠳᠤᠨ | ᠪᠦᠯᠬᠦᠮᠳᠡᠬᠦᠯᠵᠦ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ᠂ | ᠵᠢᠷᠭᠤᠳᠤᠭᠠᠷ ᠪᠦᠬᠦᠲᠡ ᠬᠤᠷᠠᠯᠳᠤᠭᠠᠨ ᠤ ᠵᠣᠷᠢᠭ ᠰᠠᠨᠠᠭ᠎ᠠ ᠪᠠ ᠰᠢ ᠶᠢᠨ ᠫᠢᠩ ᠶᠡᠷᠦᠩᠭᠡᠢ ᠱᠦᠵᠢ ᠶᠢᠨ ᠰᠢᠷᠢᠰ | ᠴᠢᠬᠤᠯᠠ ᠶᠠᠷᠢᠶ᠎ᠠ ᠪᠣᠯᠤᠨ ᠥᠪᠦᠷ ᠮᠤᠩᠭᠤᠯ ᠳᠤ ᠪᠠᠶᠢᠴᠠᠭᠠᠯᠲᠠ ᠬᠢᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠬᠦᠨᠵᠡᠭᠡᠢ ᠰᠤᠷᠤᠯᠴᠠᠨ᠂ ᠦᠪᠡᠷᠳᠡᠭᠡᠨ ᠵᠠᠰᠠᠬᠤ ᠤᠷᠤᠨ ᠤ ︽8337︾ ᠬᠦᠭᠵᠢᠯᠲᠡ ᠶᠢᠨ | ᠰᠡᠳᠬᠢᠮᠵᠢ ᠶᠢ ᠪᠦᠬᠦ ᠲᠠᠯ᠎ᠠ ᠪᠠᠷ ᠲᠤᠤᠱᠯᠠᠭᠤᠯᠤᠨ᠋ ᠬᠡᠷᠡᠭᠵᠢᠭᠦᠯᠵᠦ᠂ ᠡᠬᠡ ᠣᠷᠤᠨ ᠤ ᠤᠮᠠᠷᠠᠳᠤ ᠬᠢᠯᠢ ᠶᠢᠨ | ᠭᠤᠶᠣᠮᠰᠤᠭ ᠦᠵᠡᠮᠵᠢᠲᠤ ᠣᠷᠤᠨ ᠢ ᠪᠠᠶᠢᠭᠤᠯᠬᠤ ᠵᠠᠩᠭᠢᠯᠭ᠎ᠠ ᠶᠢᠨ ᠴᠠᠭ ᠲᠤ᠂ ᠠᠶᠢᠮᠠᠭ ᠤᠨ ᠨᠠᠮ ᠤᠨ ᠬᠤᠷᠢᠶ᠎ᠠ | ᠵᠠᠬᠢᠷᠭ᠎ᠠ ᠪᠠ ᠬᠤᠰᠢᠭᠤᠨ ᠤ ᠨᠠᠮ ᠤᠨ ᠵᠠᠰᠠᠭ ᠤᠨ ᠬᠤᠷᠢᠶᠠᠨ ᠤ ᠡᠯ᠎ᠡ ᠰᠢᠢᠳᠪᠦᠷᠢ ᠪᠠᠶᠢᠷᠢᠯᠠᠭᠤᠯᠤᠯᠲᠠ ᠪᠠᠷ᠂ | ᠵᠠᠰᠠᠭ ᠤᠨ ᠣᠷᠳᠤᠨ ᠤ ᠡᠷᠬᠡ ᠲᠤᠰᠢᠶᠠᠯ ᠢᠶᠠᠨ ᠬᠢᠨᠠᠮᠠᠭᠠᠢ ᠬᠡᠷᠡᠭᠵᠢᠬᠦᠯᠦᠨ᠂ ᠲᠤᠭᠳᠠᠭᠤᠨ ᠢᠶᠠᠷ ᠨᠡᠮᠡᠭᠳᠡᠬᠦᠯᠬᠦ᠂ | ᠦᠭᠡᠷᠡᠴᠢᠯᠡᠯᠲᠠ ᠶᠢ ᠠᠬᠢᠭᠤᠯᠬᠤ᠂ ᠪᠦᠲᠦᠴᠡ ᠶᠢ ᠵᠤᠬᠢᠴᠠᠭᠤᠯᠬᠤ᠂ ᠠᠷᠠᠳ ᠤᠨ ᠠᠮᠢᠳᠤᠷᠠᠯ ᠢ ᠢᠪᠡᠭᠡᠬᠦ᠂ ᠡᠶ᠎ᠡ | ᠨᠠᠶᠢᠷᠠᠮᠳᠠᠯ ᠢ ᠠᠬᠢᠭᠤᠯᠬᠤ ᠵᠡᠷᠭᠡ ᠡᠯ᠎ᠡ ᠲᠠᠯ᠎ᠠ ᠶᠢᠨ ᠠᠵᠢᠯ ᠢ ᠨᠢᠭᠡᠳᠦᠯᠲᠡᠢ ᠰᠠᠶᠢᠲᠤᠷ ᠬᠢᠵᠤ᠂ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠠᠶᠢᠭᠤᠯᠬᠤ ᠳᠤ ᠨᠡᠩ ᠯᠠᠪᠳᠠᠭᠤᠨ ᠪᠠᠳᠤ ᠠᠯᠬᠤᠮ ᠢᠶᠠᠷ ᠤᠷᠤᠭᠰᠢᠯᠠᠵᠤ ᠪᠠᠶᠢᠨᠠᠮ᠃ |