ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠤᠶᠢᠮᠤ ᠪᠠᠶᠢᠳᠠᠯ
ᠨᠡᠶᠢᠲᠡᠯᠡᠭᠰᠡᠨ ᠴᠠᠭ᠄
2017/6/27
             ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ    ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤ ᠪᠣᠯ ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠤᠨ ᠤ ᠵᠡᠬᠦᠨ ᠭᠡᠰᠡᠭ ᠲᠤ ᠪᠠᠶᠢᠷᠢᠯᠠᠵᠤ᠂ ᠬᠢᠩᠭᠠᠨ ᠠᠶᠢᠮᠠᠭ ᠤᠨ ᠡᠮᠦᠨ᠎ᠡ ᠬᠡᠰᠡᠭ ᠪᠦᠭᠡᠳ ᠶᠡᠭᠡ ᠬᠢᠩᠭᠠᠨ ᠳᠠᠪᠠᠭᠠᠨ ᠤ ᠡᠮᠦᠨ᠎ᠡ ᠬᠤᠷᠮᠤᠢ ᠶᠢᠨ ᠵᠠᠬ᠎ᠠ ᠭᠠᠵᠠᠷ ᠪᠣᠯᠣᠨ᠎ᠠ᠃ ᠤᠮᠠᠷᠠᠳᠤ ᠬᠡᠰᠡᠭ ᠨᠢ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠪᠠ ᠲᠦᠴᠢᠥᠸᠠᠨ ᠰᠢᠶᠠᠨ ᠲᠠᠢ ᠨᠡᠶᠢᠯᠡᠵᠦ᠂ ᠵᠡᠭᠦᠨ ᠢᠶᠠᠷ ᠢᠶᠠᠨ ᠭᠢᠷᠢᠨ ᠮᠤᠵᠢ ᠶᠢᠨ ᠲᠤᠤᠨᠠᠨ ᠬᠤᠲᠠ ᠲᠦᠩ ᠢᠥᠢ ᠰᠢᠶᠠᠨ ᠲᠠᠢ ᠨᠡᠶᠢᠯᠡᠵᠦ᠂ ᠡᠮᠦᠨᠡᠭᠦᠷ ᠢᠶᠠᠷ ᠢᠶᠠᠨ ᠲᠦᠩᠯᠢᠶᠦᠦ ᠬᠤᠲᠠᠨ ᠤ ᠬᠤᠷᠴᠢᠨ ᠵᠡᠬᠦᠨ ᠭᠠᠷᠤᠨ ᠲᠤᠮᠳᠠᠳᠤ ᠬᠤᠰᠢᠭᠤ ᠲᠠᠢ ᠬᠤᠯᠪᠤᠯᠳᠤᠵᠤ᠂ ᠪᠠᠷᠠᠭᠤᠨ ᠢᠶᠠᠷ ᠢᠶᠠᠷ ᠲᠦᠩᠯᠢᠶᠦᠦ ᠬᠤᠲᠠᠨ ᠤ ᠵᠠᠷᠤᠳ ᠬᠤᠰᠢᠭᠤᠨ ᠪᠠ ᠬᠤᠤᠯᠢ᠊ ᠬᠤᠲᠠᠨ ᠵᠢᠴᠢ ᠰᠢᠯᠢ ᠶᠢᠨ ᠭᠤᠤᠯ ᠠᠶᠢᠮᠠᠭ ᠤᠨ ᠵᠡᠬᠦᠨ ᠦᠵᠡᠮᠦᠴᠢᠨ ᠬᠤᠰᠢᠭᠤ ᠲᠠᠢ ᠬᠦᠷᠰᠢᠯᠡᠵᠦ ᠪᠤᠢ᠃ ᠭᠠᠵᠠᠷ ᠵᠦᠢ ᠶᠢᠨ ᠪᠠᠶᠢᠷᠢᠰᠢᠯ ᠨᠢ ᠤᠮᠠᠷᠠᠳᠤ ᠦᠷᠭᠡᠷᠢᠭ ᠤᠨ 44。14、 ᠊᠊᠊᠊᠊᠊᠊᠊᠊᠊᠊ 46。41、᠂ ᠵᠡᠬᠦᠨ ᠤᠷᠳᠤᠷᠢᠭ ᠤᠨ 119。34、 ᠊᠊᠊᠊᠊᠊᠊᠊᠊᠊᠊ 122。18、᠃ ᠵᠠᠭᠠᠭ ᠬᠢᠯᠢ ᠨᠢ ᠪᠠᠷᠠᠭᠤᠨ ᠬᠤᠶᠢᠨ᠎ᠠ ᠵᠡᠬᠦᠨ ᠡᠮᠦᠨᠡᠰᠢ ᠢᠪᠴᠤᠤ ᠤᠷᠳᠤ ᠬᠡᠯᠪᠡᠷᠢᠳᠡᠢ᠂ ᠡᠮᠦᠨ᠎ᠡ ᠤᠮᠠᠷ᠎ᠠ ᠶᠢᠨ ᠤᠷᠳᠤ ᠨᠢ 54 ᠺᠢᠯᠤᠮᠧᠲᠷ᠂ ᠵᠡᠬᠦᠨ ᠪᠠᠷᠠᠭᠤᠨ ᠤ ᠦᠷᠭᠡᠨ ᠨᠢ 600  ᠺᠢᠯᠤᠮᠧᠲᠷ᠂ ᠶᠡᠷᠦᠩᠭᠡᠢ ᠲᠠᠯᠠᠪᠡᠢ ᠨᠢ 15613 ᠲᠡᠭᠰᠢ ᠲᠦᠷᠪᠡᠯᠵᠢᠨ ᠺᠢᠯᠤᠮᠧᠲᠷ᠃ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠨᠠᠮ ᠵᠠᠰᠠᠭ ᠤᠨ ᠪᠠᠶᠢᠭᠤᠯᠤᠯᠭ᠎ᠠ ᠶᠢᠨ ᠰᠠᠭᠤᠭ᠎ᠠ ᠭᠠᠵᠠᠷ ᠨᠢ ᠪᠠᠶᠠᠨᠬᠤᠰᠢᠭᠤ ᠪᠠᠯᠭᠠᠰᠤ᠃ ᠪᠦᠬᠦ ᠬᠤᠰᠢᠭᠤᠨ ᠳᠤ 6 ᠰᠤᠮᠤ᠂ 6 ᠪᠠᠯᠭᠠᠰᠤ᠂ 2 ᠬᠠᠮᠢᠶᠠᠷᠤᠯᠲᠠ ᠶᠢᠨ ᠣᠷᠤᠨ᠂ 25 ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ᠂ 173 ᠭᠠᠴᠠᠭ᠎ᠠ᠂ 456 ᠠᠶᠢᠯ ᠬᠠᠷᠢᠶᠠᠯᠠᠭᠲᠠᠵᠤ᠂ 60618 ᠡᠷᠦᠭᠡ᠂ 257670 ᠬᠦᠮᠦᠨ ᠠᠮᠠ ᠲᠠᠢ᠂ ᠡᠭᠦᠨ ᠳᠤ ᠮᠤᠩᠭᠤᠯ ᠦᠨᠳᠦᠰᠦᠲᠡᠨ 219226 ᠬᠦᠮᠦᠨ ᠪᠠᠶᠢᠵᠦ᠂ ᠶᠡᠷᠦᠩᠬᠡᠢ ᠬᠦᠮᠦᠨ ᠠᠮᠠᠨ ᠤ 85.09%᠎ ᠶᠢ ᠡᠵᠡᠯᠡᠨ᠎ᠡ᠃    ᠦᠪᠦᠷ ᠮᠤᠩᠭᠤᠯ ᠤᠨ ᠦᠪᠠᠷᠳᠡᠭᠡᠨ ᠵᠠᠰᠠᠬᠤ ᠣᠷᠤᠨ 1947 ᠣᠨ ᠤ ᠲᠠᠪᠤᠨ ᠰᠠᠷᠠᠶᠢᠨ ᠨᠢᠭᠡᠨ ᠤ ᠡᠳᠦᠷ ᠪᠠᠶᠢᠭᠤᠯᠤᠭᠳᠠᠵᠤ᠂ ᠲᠤᠰ ᠬᠤᠰᠢᠭᠤ ᠶᠢ ᠬᠢᠩᠭᠠᠨ ᠠᠶᠢᠮᠠᠭ ᠲᠤ ᠬᠠᠷᠢᠶᠠᠯᠠᠭᠤᠯᠪᠠ᠃ 1949 ᠤᠨ ᠤ 3 ᠰᠠᠷ᠎ᠠ ᠳᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠭᠡᠬᠦ ᠳᠠᠭᠤᠳᠠᠯᠭ᠎ᠠ ᠳᠤ ᠰᠡᠷᠬᠦᠬᠡᠵᠦ᠂ ᠤᠯᠤᠰ ᠪᠠᠶᠢᠭᠤᠯᠤᠭᠳᠠᠭᠰᠠᠨ ᠤ ᠲᠠᠷᠠᠭ᠎ᠠ᠂ 1953 ᠣᠨ ᠤ 2 ᠰᠠᠷ᠎ᠠ ᠳᠤ᠂ ᠤᠤᠯ ᠤᠨ ᠵᠢᠷᠢᠮ ᠤᠨ ᠴᠢᠭᠤᠯᠭᠠᠨ᠂ ᠬᠢᠩᠭᠠᠨ ᠠᠶᠢᠮᠠᠭ᠂ ᠬᠦᠯᠦᠨ ᠨᠤᠨ ᠠᠶᠢᠮᠠᠭ ᠤᠨ ᠵᠠᠰᠠᠭ ᠵᠠᠬᠢᠷᠭᠠᠨ ᠤ ᠪᠠᠶᠢᠭᠤᠯᠤᠮᠵᠢ ᠶᠢ ᠬᠦᠴᠦᠨ ᠦᠭᠡᠢ ᠪᠤᠯᠭᠠᠵᠤ᠂ ᠦᠪᠦᠷ ᠮᠤᠩᠭᠤᠯ ᠤᠨ ᠵᠡᠬᠦᠨ ᠣᠷᠤᠨ ᠤ ᠵᠠᠬᠢᠷᠭ᠎ᠠ ᠶᠢ ᠪᠠᠶᠢᠭᠤᠯᠤᠭᠰᠠᠨ ᠤ ᠲᠠᠷᠠᠭ᠎ᠠ᠂ ᠲᠤᠰ ᠬᠤᠰᠢᠭᠤ ᠶᠢ ᠬᠠᠷᠢᠶᠠᠯᠠᠭᠤᠯᠪᠠ᠃1954 ᠣᠨ ᠤ ᠪᠠᠨ ᠰᠠᠷ᠎ᠠ ᠳᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠠᠴᠠ ᠵᠡᠬᠦᠨ ᠣᠷᠤᠨ ᠤ ᠵᠠᠬᠢᠷᠭ᠎ᠠ ᠶᠢ ᠬᠦᠴᠦᠨ ᠦᠭᠡᠢ ᠪᠤᠯᠭᠠᠭᠰᠠᠨ ᠠᠴᠠ ᠲᠣᠰ ᠬᠤᠰᠢᠭᠤ ᠶᠢ ᠬᠦᠯᠦᠨ ᠪᠤᠶᠢᠷ ᠠᠶᠢᠮᠠᠭ ᠲᠤ ᠬᠠᠷᠢᠶᠠᠯᠠᠭᠤᠯᠵᠠᠢ᠃ 1959 ᠣᠨ ᠤ 9 ᠰᠠᠷ᠎ᠠ ᠳᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠤᠨ ᠠᠴᠠ ᠲᠦᠴᠢᠥᠸᠠᠨ ᠰᠢᠶᠠᠨ ᠤ ᠪᠠᠶᠢᠭᠤᠯᠤᠮᠵᠢ ᠶᠢ ᠬᠦᠴᠦᠨ ᠦᠭᠡᠢ ᠪᠤᠯᠭᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠠ ᠲᠦᠴᠢᠥᠸᠠᠨ ᠰᠢᠢᠶᠠᠨ ᠢ ᠨᠡᠶᠢᠯᠡᠬᠦᠯᠦᠨ᠂ ᠲᠠᠭᠤᠳᠠᠯᠭ᠎ᠠ ᠶᠢ ᠨᠢ ᠮᠦᠨᠴᠦ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠭᠡᠵᠦ ᠨᠡᠷᠡᠯᠡᠭᠡᠳ᠂ ᠬᠤᠰᠢᠭᠤᠨ ᠤ ᠵᠠᠰᠠᠭ ᠤᠨ ᠤᠷᠳᠤᠨ ᠢ ᠲᠦᠴᠢᠥᠸᠠᠨ ᠪᠠᠯᠭᠠᠰᠤ ᠳᠤ ᠨᠡᠭᠦᠯᠭᠡᠪᠡ᠃ 1962 ᠣᠨ ᠤ 3 ᠰᠠᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠵᠦᠪᠰᠢᠶᠠᠷᠠᠯ ᠪᠠᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠠ ᠲᠦᠴᠢᠥᠸᠠᠨ ᠰᠢᠶᠠᠨ ᠤ ᠪᠠᠶᠢᠭᠤᠯᠤᠮᠵᠢ ᠶᠢ ᠰᠠᠯᠭᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠨᠢ ᠪᠠᠶᠠᠨᠬᠤᠰᠢᠭᠤ ᠪᠠᠯᠭᠠᠰᠤᠨ ︵ᠤᠤᠯ ᠤᠨ ᠪᠠᠶᠠᠨᠬᠤᠰᠢᠭᠤ ᠬᠡᠶᠢᠳ ᠤᠨ ᠰᠦᠮ᠎ᠡ ᠶᠢᠨ ᠬᠠᠭᠤᠴᠢᠨ ᠪᠠᠭᠤᠷᠢ︶᠎ ᠳᠤ ᠨᠡᠭᠦᠪᠡ᠃    1965 ᠣᠨ ᠤ 10 ᠰᠠᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢ ᠵᠢᠷᠢᠮ ᠠᠶᠢᠮᠠᠭ ᠲᠤ ᠬᠠᠷᠢᠶᠠᠯᠠᠭᠤᠯᠵᠤ᠂ 1969 ᠣᠨ ᠤ 8 ᠰᠠᠷ᠎ᠠ ᠳᠤ᠂ ᠵᠢᠷᠢᠮ ᠠᠶᠢᠮᠠᠭ ᠲᠠᠢ ᠬᠠᠮᠳᠤᠪᠠᠷ ᠬᠢᠷᠢᠨ ᠮᠤᠵᠢ ᠶᠢᠨ ᠵᠠᠰᠠᠭ ᠵᠠᠬᠢᠷᠭᠠᠨ ᠤ ᠪᠠᠶᠢᠭᠤᠯᠤᠮᠵᠢ ᠳᠤ ᠬᠠᠷᠢᠶᠠᠯᠠᠭᠤᠯᠪᠠ᠃ 1979 ᠣᠨ ᠤ 8 ᠰᠠᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠳᠤ ᠪᠤᠴᠠᠭᠠᠨ ᠬᠠᠷᠢᠶᠠᠯᠠᠭᠤᠯᠵᠤ᠂ 1980 ᠣᠨ ᠤ 7 ᠰᠠᠷ᠎ᠠ ᠳᠤ᠂ ᠬᠢᠩᠭᠠᠨ ᠠᠶᠢᠮᠠᠭ ᠤᠨ ᠪᠠᠶᠢᠭᠤᠯᠤᠮᠵᠢ ᠶᠢ ᠰᠡᠷᠭᠦᠭᠡᠵᠦ᠂ ᠲᠤᠰ ᠬᠤᠰᠢᠭᠤ ᠶᠢ ᠬᠢᠩᠭᠠᠨ ᠠᠶᠢᠮᠠᠭ ᠲᠤ ᠬᠠᠷᠢᠶᠠᠯᠠᠭᠤᠯᠵᠠᠢ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠣᠯ ᠦᠨᠢᠶ᠎ᠡ ᠤᠳᠠᠭᠤᠨ ᠲᠡᠦᠭᠡ ᠪᠠ ᠭᠡᠷᠡᠯ ᠬᠢᠯᠠᠯᠵᠠᠮ᠎ᠠ ᠰᠤᠶᠤᠯ ᠲᠠᠢ ᠪᠦᠭᠡᠳ ᠤᠶᠢᠷ᠎ᠠ ᠦᠶ᠎ᠡ ᠶᠢᠨ ᠲᠡᠦᠭᠡᠨ ᠳᠤ ᠤᠷᠳᠤ ᠤᠳᠠᠭᠠᠨ ᠭᠠᠰᠦᠭᠤᠨ ᠵᠦᠳᠡᠭᠦᠷᠢᠳᠦ ᠣᠨ ᠰᠠᠷ᠎ᠠ ᠶᠢ ᠦᠩᠭᠡᠷᠡᠭᠡᠵᠦ᠂ ᠣᠳᠤᠬᠠᠨ ᠳᠤ ᠦᠩᠭᠡ ᠭᠡᠷᠡᠯᠲᠦ ᠲᠡᠦᠭᠡ ᠪᠤᠯᠵᠤ ᠬᠤᠴᠤᠷᠴᠠᠢ᠃    1946 ᠣᠨ ᠠᠴᠠ ᠡᠬᠢᠯᠡᠵᠦ᠂ ᠴᠧᠩᠳᠤ ᠤᠨ ︽ᠲᠦᠷᠪᠡᠨ ᠰᠠᠷᠠᠶᠢᠨ ᠭᠤᠷᠪᠠᠨ ᠤ ᠬᠤᠷᠠᠯᠳᠤᠭᠠᠨ »᠎ ᠤ ᠲᠠᠷᠠᠭ᠎ᠠ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠬᠦᠳᠡᠯᠭᠡᠭᠡᠨ ᠢ ᠨᠢᠭᠡᠳᠦᠯᠳᠡᠢ ᠪᠤᠯᠭᠠᠵᠤ᠂ ᠲᠤᠰ ᠵᠢᠯ ᠳᠤ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠯᠢᠶᠦᠦᠰᠢ ᠮᠤᠵᠢ ᠶᠢᠨ ᠬᠤᠷᠢᠶ᠎ᠠ ᠠᠴᠠ ᠨᠠᠮ ᠤᠨ ᠲᠥᠪ ᠬᠤᠷᠢᠶᠠᠨ ᠤ ᠲᠣᠭᠲᠠᠭᠠᠭᠰᠠᠨ ︽ᠲᠠᠷᠳᠠᠩ ᠵᠠᠮ ᠢ ᠲᠡᠯᠭᠡᠨ᠂ ᠬᠤᠶᠠᠷ ᠡᠳᠡᠭᠡᠳ ᠢ ᠡᠵᠡᠯᠡᠬᠦ︾ ᠠᠷᠭ᠎ᠠ ᠪᠣᠳᠤᠯᠭ᠎ᠠ ᠳᠤ ᠦᠨᠳᠦᠰᠦᠯᠡᠵᠦ᠂ ᠵᠡᠬᠦᠨ ᠬᠤᠶᠢᠲᠤ ᠣᠷᠤᠨ ᠤ ᠰᠠᠭᠤᠷᠢᠨ ᠭᠠᠵᠠᠷ ᠢ ᠪᠠᠶᠢᠭᠤᠯᠤᠨ ᠪᠠᠬᠢᠵᠢᠬᠦᠯᠬᠦ ᠬᠠᠷᠠᠯᠲᠠ ᠶᠢ ᠲᠤᠷᠠᠳᠴᠦ᠂ ᠵᠡᠬᠦᠨ ᠬᠤᠶᠢᠳᠤ ᠣᠷᠤᠨ ᠤ ᠪᠠᠷᠠᠭᠤᠨ ᠵᠠᠬ᠎ᠠ ᠲᠡᠰᠢ ᠦᠪᠦᠷ ᠮᠤᠩᠭᠤᠯ ᠤᠨ ᠵᠡᠬᠦᠨ ᠤᠷᠤᠨ ᠤ ᠰᠠᠭᠤᠷᠢᠨ ᠭᠠᠵᠠᠷ ᠢ ᠨᠡᠭᠡᠭᠡᠭᠰᠡᠨ ᠠᠴᠠ ᠪᠠᠷᠠᠭᠤᠨ ᠬᠤᠷᠴᠢᠨ ᠳᠤᠮᠳᠠᠳᠤ ᠬᠤᠰᠢᠭᠤᠨ ︵ᠤᠳᠤ ᠶᠢᠨ ᠳᠠᠭᠤᠳᠠᠯᠭ᠎ᠠ ᠨᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠣᠳᠤ ᠪᠣᠯᠳᠠᠯ᠎ᠠ ᠬᠡᠷᠡᠭᠯᠡᠭᠰᠡᠭᠡᠷ᠂ ᠮᠤᠩᠭᠤᠯ ᠬᠢᠲᠠᠳ ᠪᠠ ᠡᠯ᠎ᠡ ᠦᠨᠳᠦᠰᠦᠲᠡᠨ ᠤ ᠲᠠᠪᠰᠢᠭᠰᠠᠨ ᠵᠠᠯᠠᠭᠤᠴᠤᠤᠯ ᠠᠴᠠ ᠲᠣᠮᠳᠠᠳᠤ ᠤᠯᠤᠰ ᠤᠨ ᠡᠪ ᠬᠠᠮᠳᠤ ᠨᠠᠮ ᠤᠨ ᠦᠵᠡᠯ ᠲᠠᠨᠢᠯᠲᠠ ᠶᠢ ᠬᠦᠯᠢᠶᠡᠨ ᠠᠪᠴᠤ᠂ ᠪᠠᠷᠠᠭᠤᠨ ᠬᠤᠷᠴᠢᠨ ᠳᠤᠮᠳᠠᠳᠤ ᠬᠤᠰᠢᠭᠤᠨ ᠳᠤ ᠬᠤᠪᠢᠰᠬᠠᠯ ᠤᠨ ᠲᠦᠯᠦ ᠶᠢ ᠲᠦᠷᠢᠯᠵᠡᠬᠦᠯᠵᠦ᠂ ᠬᠤᠪᠢᠰᠬᠠᠯ ᠤᠨ ᠦᠷ᠎ᠡ ᠶᠢ ᠰᠠᠴᠤᠭᠰᠠᠨ ᠪᠠᠶᠢᠨ᠎ᠠ᠃    ᠴᠢᠯᠦᠭᠡᠯᠡᠯᠲᠡ ᠶᠢᠨ ᠲᠠᠶᠢᠨ ᠤ ᠦᠭᠡ ᠶᠢᠨ ᠦᠶ᠎ᠡ ᠳᠤ᠂ ᠨᠠᠮ ᠵᠠᠰᠠᠭ ᠤᠨ ᠵᠤᠬᠢᠶᠠᠨ ᠪᠠᠶᠢᠭᠤᠯᠤᠯᠲᠠ ᠲᠤᠮᠤᠭᠠᠵᠢᠨ ᠬᠦᠴᠦᠷᠭᠡᠭᠵᠢᠵᠦ᠂ ᠨᠢᠭᠤᠴᠠ ᠲᠠᠯᠳᠠ ᠠᠴᠠ ᠢᠯᠡ ᠪᠣᠯᠣᠨ ᠬᠦᠭᠵᠢᠭᠡᠳ᠂ ᠪᠦᠬᠦ ᠬᠤᠰᠢᠭᠤᠨ ᠤ ᠠᠷᠠᠳ ᠲᠦᠮᠡᠨ ᠢ ᠣᠳᠤᠷᠢᠳᠤᠨ ᠲᠡᠭᠡᠷᠡᠮ ᠢ ᠤᠰᠠᠳᠬᠠᠨ ᠬᠠᠷᠬᠢᠰ ᠢ ᠡᠰᠡᠷᠬᠦᠴᠡᠬᠦ ᠲᠡᠮᠡᠴᠡᠯ ᠢ ᠦᠷᠨᠢᠭᠦᠯᠵᠦ᠂ ᠪᠦᠬᠦ ᠤᠯᠤᠰ ᠤᠨ ᠴᠢᠯᠦᠭᠡᠯᠡᠯᠲᠡ ᠶᠢᠨ ᠲᠠᠶᠢᠨ ᠤ ᠢᠯᠠᠯᠲᠠ ᠳᠤ ᠬᠦᠴᠦᠲᠡᠢ ᠲᠡᠮᠵᠢᠯᠭᠡ ᠥᠭᠪᠡ᠃ ᠨᠡᠶᠢᠭᠡᠮ ᠵᠢᠷᠦᠮᠳᠦ ᠦᠭᠡᠷᠡᠴᠢᠯᠡᠯᠲᠠ ᠶᠢᠨ ᠦᠨᠳᠦᠰᠦᠨ ᠳᠡᠭᠡᠨ ᠪᠡᠶᠡᠯᠡᠬᠦᠯᠵᠦ᠂ ᠨᠡᠶᠢᠭᠡᠮ ᠵᠢᠷᠦᠮᠲᠤ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠵᠤ ᠪᠠᠶᠢᠬᠤ ᠦᠶ᠎ᠡ ᠳᠤ᠂ ᠬᠤᠰᠢᠭᠤᠨ ᠤ ᠨᠠᠮ ᠵᠠᠰᠠᠭ ᠴᠢᠷᠢᠭ ᠤᠨ ᠵᠤᠬᠢᠶᠠᠨ ᠪᠠᠶᠢᠭᠤᠯᠤᠯᠲᠠ ᠡᠳᠦᠷ ᠢᠷᠡᠬᠦᠶ᠎ᠡ ᠲᠡᠭᠦᠯᠳᠡᠷᠵᠢᠵᠦ᠂ ᠨᠢᠭᠡᠳᠦᠮᠠᠯ ᠹᠷᠦᠨᠲ ᠪᠠ ᠤᠯᠠᠨ ᠲᠦᠮᠡᠨ ᠤ ᠵᠤᠬᠢᠶᠠᠨ ᠪᠠᠶᠢᠭᠤᠯᠤᠯᠲᠠ ᠶᠢ ᠪᠠᠰᠠ ᠪᠠᠶᠢᠭᠤᠯᠤᠨ ᠲᠡᠭᠦᠯᠲᠡᠷᠵᠢᠬᠦᠯᠦᠨ᠂ ᠪᠦᠬᠦ ᠬᠤᠰᠢᠭᠤᠨ ᠤ ᠠᠷᠠᠳ ᠲᠦᠮᠡᠨ ᠢ ᠢᠳᠡᠪᠬᠢᠲᠠᠢ ᠤᠳᠤᠷᠢᠳᠴᠤ᠂ ᠲᠠᠷᠢᠶᠠᠯᠠᠩ ᠤᠨ ᠬᠤᠷᠰᠢᠶᠠᠵᠢᠯᠲᠠ ᠪᠠ ᠬᠦᠷᠦᠩᠭᠡᠳᠤ ᠶᠤᠰᠤᠨ ᠤ ᠦᠢᠯᠡᠳᠪᠦᠷᠢ ᠬᠤᠳᠠᠯᠳᠤᠭᠠᠨ ᠳᠤ ᠨᠡᠶᠢᠭᠡᠮ ᠵᠢᠷᠦᠮᠲᠤ ᠦᠭᠡᠷᠡᠴᠢᠯᠡᠯᠲᠠ ᠬᠢᠬᠦ ᠠᠵᠢᠯ ᠢ ᠠᠯᠬᠤᠮ ᠲᠠᠷᠠᠭ᠎ᠠ ᠲᠠᠢ ᠶᠠᠪᠤᠭᠳᠠᠭᠤᠯᠵᠤ᠂ ᠨᠡᠶᠢᠭᠡᠮ ᠵᠢᠷᠦᠮ ᠤᠨ ︽ᠨᠢᠭᠡ ᠬᠤᠪᠢᠷᠠᠭᠤᠯᠵᠤ ᠭᠤᠷᠪᠠ ᠦᠭᠡᠷᠡᠴᠢᠯᠡᠬᠦ︾ ᠬᠤᠪᠢᠰᠬᠠᠯ ᠤᠨ ᠡᠭᠦᠷᠭᠡ ᠶᠢ ᠢᠯᠠᠯᠲᠠᠲᠠᠢ ᠪᠡᠶᠡᠯᠡᠬᠦᠯᠦᠭᠡᠳ᠂ 1957 ᠣᠨ ᠳᠤ ᠨᠡᠶᠢᠭᠡᠮ ᠵᠢᠷᠦᠮᠳᠤ ᠪᠠᠶᠢᠭᠤᠯᠤᠯᠲᠠ ᠶᠢᠨ ᠦᠷᠨᠢᠯᠲᠠ ᠶᠢ ᠮᠠᠰᠢ ᠲᠦᠷᠭᠡᠨ ᠢᠶᠠᠷ ᠠᠬᠢᠭᠤᠯᠪᠠ᠃ᠡᠨᠡ ᠬᠤᠭᠤᠴᠠᠭᠠᠨ ᠳᠤ᠂ ᠬᠡᠳᠦ᠋ᠢᠪᠡᠷ ᠨᠡᠯᠢᠶᠡᠳ ᠬᠦᠨᠳᠦ ᠨᠤᠴᠢᠲᠠᠢ ᠪᠤᠷᠤᠭᠤ ᠭᠠᠷᠴᠤ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠪᠠ ᠨᠢᠭᠡ ᠪᠦᠯᠦᠭ ᠦᠨᠳᠦᠰᠦᠨ ᠱᠠᠳᠤᠨ ᠤ ᠨᠠᠮ ᠵᠠᠰᠠᠭ ᠤᠨ ᠵᠤᠬᠢᠶᠠᠨ ᠪᠠᠶᠢᠭᠤᠯᠤᠯᠲᠠ ᠵᠢᠴᠢ ᠺᠠᠳ᠋ᠷ ᠨᠤᠭᠤᠷᠠᠯ ᠳᠤ ᠤᠴᠠᠷᠠᠭᠰᠠᠨ ᠤ ᠲᠡᠭᠡᠷ᠎ᠡ ᠪᠠᠶᠢᠭᠠᠯᠢ ᠶᠢᠨ ᠭᠠᠮᠰᠢᠭ ᠲᠠᠪᠬᠤᠯᠠᠭᠰᠠᠨ ᠵᠡᠷᠭᠡ ᠰᠢᠯᠲᠠᠭᠠᠨ ᠠᠴᠠ ᠪᠤᠯᠵᠤ᠂ ᠤᠯᠤᠰ ᠠᠷᠠᠳ ᠤᠨ ᠠᠵᠤ ᠠᠬᠤᠢ 1959 ᠣᠨ ᠠᠴᠠ 1961 ᠣᠨ ᠪᠤᠯᠳᠠᠯ᠎ᠠ ᠬᠦᠨᠳᠦ ᠨᠤᠴᠢᠲᠠᠢ ᠪᠡᠷᠭᠡᠰᠢᠶᠠᠯ ᠳᠤ ᠤᠴᠠᠷᠠᠭᠰᠠᠨ ᠦᠶ᠎ᠡ ᠳᠤ᠂ ᠮᠠᠨ ᠤ ᠨᠠᠮ ᠴᠠᠭ ᠲᠣᠬᠠᠢ ᠳᠤᠨᠢ ᠲᠦᠷᠦ ᠶᠢᠨ ᠪᠤᠳᠤᠯᠭ᠎ᠠ ᠪᠠᠨ ᠦᠭᠡᠷᠡᠴᠢᠯᠡᠨ᠂ ᠤᠯᠤᠰ ᠠᠷᠠᠳ ᠤᠨ ᠠᠵᠤ ᠠᠬᠤᠢ ᠶᠢ ᠪᠦᠬᠦ ᠲᠠᠯ᠎ᠠ ᠪᠠᠷ ᠲᠣᠬᠢᠷᠠᠭᠤᠯᠤᠨ ᠬᠦᠭᠵᠢᠭᠦᠯᠵᠦ᠂ ᠲᠠᠬᠢᠨᠲᠠ ᠨᠡᠯᠢᠶᠡᠳ ᠰᠠᠶᠢᠨ ᠬᠦᠭᠵᠢᠯᠲᠡ ᠶᠢᠨ ᠬᠠᠨᠳᠤᠰᠢ ᠢᠯᠡᠷᠡᠪᠡ᠃ ︽ᠰᠣᠶᠣᠯ ᠤᠨ ᠬᠤᠪᠢᠰᠬᠠᠯ︾᠎ ᠤᠨ ᠦᠶ᠎ᠡ ᠳᠤ᠂ ᠬᠤᠰᠢᠭᠤᠨ ᠤ ᠨᠠᠮ ᠵᠠᠰᠠᠭ ᠤᠨ ᠴᠡᠷᠢᠭ ᠤᠨ ᠵᠣᠬᠢᠶᠠᠨ ᠪᠠᠶᠢᠭᠤᠯᠤᠯᠲᠠ ᠬᠡᠳᠦ᠋ᠢᠪᠡᠷ ᠬᠡᠰᠡᠭ ᠬᠤᠭᠤᠴᠠᠭ᠎ᠠ ᠰᠦᠢᠷᠡᠭᠰᠡᠨ ᠪᠤᠯᠪᠠᠴᠤ ᠲᠡᠮᠡᠢ ᠤᠳᠠᠯ ᠦᠭᠡᠢ ᠰᠡᠷᠬᠦᠵᠦ᠂ ᠬᠡᠳᠦ᠋ᠢᠪᠡᠷ ᠬᠦᠨᠳᠦ ᠨᠤᠴᠢᠲᠠᠢ ︽ᠵᠡᠭᠦᠨ︾᠎ ᠤ ᠬᠡᠯᠪᠡᠷᠢᠯ ᠤᠨ ᠨᠦᠯᠦᠭᠡ ᠶᠢ ᠬᠦᠷᠳᠡᠭᠰᠡᠨ ᠪᠤᠯᠪᠠᠴᠤ ᠨᠠᠮ ᠵᠠᠰᠠᠭ ᠤᠯᠠᠨ ᠲᠦᠮᠡᠨ ᠤ ᠵᠤᠬᠢᠶᠠᠨ ᠪᠠᠶᠢᠭᠤᠯᠤᠯᠲᠠ ᠶᠢ ᠴᠢᠩᠭᠠᠳᠬᠠᠭᠰᠠᠨ ᠠᠴᠠ ᠪᠣᠯᠵᠤ᠂ ᠡᠯ᠎ᠡ ᠲᠠᠯ᠎ᠠ ᠶᠢᠨ ᠠᠵᠢᠯ ᠢ ᠦᠨᠳᠦᠰᠦᠨ ᠳᠡᠭᠡᠨ ᠬᠡᠪ ᠤᠨ ᠪᠠᠶᠢᠳᠠᠯ ᠲᠡᠰᠢ ᠬᠠᠨᠳᠤᠭᠤᠯᠵᠤ ᠴᠢᠳᠠᠭᠰᠠᠨ ᠪᠠᠶᠢᠨ᠎ᠠ᠃    ᠨᠡᠶᠢᠭᠡᠮ ᠵᠢᠷᠤᠮᠳᠦ ᠣᠳᠤᠬᠢᠴᠢᠯᠠᠭᠰᠠᠨ ᠪᠦᠳᠦᠭᠡᠨ ᠪᠠᠶᠢᠭᠤᠯᠤᠯᠲᠠ ᠶᠢᠨ ᠰᠢᠨ᠎ᠡ ᠴᠠᠭ ᠦᠭᠡ ᠶᠢᠨ ᠦᠶ᠎ᠡ ᠳᠤ ᠣᠷᠤᠭᠰᠠᠨ ᠤ ᠲᠠᠷᠠᠭ᠎ᠠ᠂ ᠣᠨᠴᠤᠭᠤᠶᠢᠯᠠᠨ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠭᠤᠷᠪᠠᠳᠤᠭᠠᠷ ᠪᠦᠬᠦ ᠬᠤᠷᠠᠯᠳᠤᠭᠠᠨ ᠠᠴᠠ ᠨᠠᠰᠢ᠂ ᠬᠤᠰᠢᠭᠤᠨ ᠤ ᠨᠠᠮ ᠵᠠᠰᠠᠭ ᠴᠡᠷᠢᠭ ᠤᠯᠠᠨ ᠲᠦᠮᠡᠨ ᠤ ᠲᠠᠪᠤᠨ ᠶᠡᠭᠡ ᠰᠢᠰᠲᠧᠮ ᠤᠨ ᠵᠤᠬᠢᠶᠠᠨ ᠪᠠᠶᠢᠭᠤᠯᠤᠯᠲᠠ ᠡᠳᠦᠷ ᠢᠷᠡᠬᠦᠶ᠎ᠡ ᠰᠡᠷᠬᠦᠨ ᠪᠤᠵᠠᠭᠠᠶᠢᠷᠠᠭᠰᠠᠨ ᠪᠠᠶᠢᠨ᠎ᠠ᠃ ᠲᠡᠭᠡᠷ᠎ᠡ ᠱᠠᠳᠤᠨ ᠤ ᠨᠠᠮ ᠪᠠ ᠵᠠᠰᠠᠭ ᠤᠨ ᠤᠷᠳᠤᠨ ᠤ ᠤᠳᠤᠷᠢᠳᠤᠯᠭ᠎ᠠ ᠳᠤᠤᠷ᠎ᠠ᠂ ᠨᠠᠮ ᠤᠨ ᠵᠠᠮ ᠱᠤᠭᠤᠮ᠂ ᠴᠢᠭᠯᠡᠯᠲᠡ ᠪᠠ ᠲᠦᠷᠦ ᠤᠨ ᠪᠤᠳᠤᠯᠢᠭ᠎ᠠ ᠶᠢ ᠬᠢᠨᠠᠮᠠᠭᠠᠢ ᠲᠤᠤᠱᠯᠠᠭᠤᠯᠵᠤ᠂ ᠲᠦᠷᠪᠡᠨ ᠦᠨᠳᠦᠰᠦᠨ ᠵᠠᠷᠴᠢᠮ ᠢ ᠪᠠᠷᠢᠮᠳᠠᠯᠠᠨ᠂ ᠭᠤᠶᠢᠪᠠᠰᠢ ᠦᠭᠡᠢ ᠯᠠᠪᠳᠠᠭᠤᠨ ᠢᠶᠠᠷ ᠨᠠᠮ ᠤᠨ ᠲᠥᠪ ᠬᠤᠷᠢᠶ᠎ᠠ ᠲᠠᠢ ᠬᠠᠮᠳᠤ ᠦᠵᠡᠯ ᠰᠠᠨᠠᠭᠠᠨ ᠤ ᠬᠤᠪᠢ ᠳᠤ ᠤᠯᠤᠰ ᠲᠦᠷᠦ ᠤᠨ ᠲᠠᠯ᠎ᠠ ᠪᠠᠷ ᠨᠢᠭᠡᠳᠦᠯᠲᠡᠢ ᠪᠠᠶᠢᠬᠤ ᠶᠢ ᠪᠠᠷᠢᠮᠳᠠᠯᠠᠵᠤ᠂ ᠠᠵᠤ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠬᠦᠨᠵᠡᠭᠡᠢ ᠦᠷᠨᠢᠭᠦᠯᠦᠨ᠂ ᠠᠵᠤ ᠠᠬᠤ ᠶᠢᠨ ᠪᠠᠶᠢᠭᠤᠯᠤᠯᠲᠠ ᠶᠢ ᠢᠳᠡᠪᠭᠢᠳᠡᠢ ᠶᠠᠪᠤᠭᠳᠠᠭᠤᠯᠵᠤ᠂ ᠨᠡᠶᠢᠭᠡᠮ ᠵᠢᠷᠤᠮᠲᠤ ᠤᠶᠣᠨ ᠤ ᠪᠤᠯᠪᠠᠰᠤᠨ ᠪᠠ ᠪᠤᠳᠠᠰ ᠤᠨ ᠪᠤᠯᠪᠠᠰᠤᠨ ᠤ ᠪᠠᠶᠢᠭᠤᠯᠤᠯᠲᠠ ᠳᠤ ᠨᠡᠯᠢᠶᠡᠳ ᠶᠡᠭᠡ ᠠᠮᠵᠢᠯᠲᠠ ᠣᠯᠪᠠ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠠᠴᠠ ᠬᠤᠶᠢᠰᠢ᠂ ᠪᠦᠬᠦ ᠬᠤᠰᠢᠭᠤᠨ ᠤ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠠᠴᠠ ᠦᠷᠭᠡᠨ ᠤᠯᠠᠨ ᠲᠦᠮᠡᠨ ᠢ ᠪᠦᠯᠬᠦᠮᠳᠡᠭᠦᠯᠦᠨ ᠲᠠᠭᠠᠭᠤᠯᠵᠤ ︽ᠳ᠋ᠧᠩ ᠰᠢᠶᠤᠦ ᠫᠢᠩ ᠤᠨ ᠣᠨᠤᠯ︾ ᠪᠠ ︽ᠭᠤᠷᠪᠠ ᠶᠢ ᠲᠦᠯᠦᠭᠡᠯᠡᠬᠦ︾᠎ ᠶᠢᠨ ᠴᠢᠬᠤᠯᠠ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠰᠢᠨᠵᠢᠯᠡᠬᠦ ᠤᠬᠠᠭᠠᠨᠴᠢ ᠬᠦᠭ᠌ᠵᠢᠯᠲᠠ ᠶᠢᠨ ᠦᠵᠡᠯᠲᠠ ᠪᠠᠷ ᠪᠦᠬᠦ ᠲᠠᠯ᠎ᠠ ᠶᠢᠨ ᠠᠵᠢᠯ ᠢ ᠬᠠᠮᠤᠷᠤᠭᠤᠯᠵᠤ᠂ ᠠᠵᠤ ᠠᠬᠤᠢ ᠶᠢᠨ ᠬᠦᠭᠵᠢᠯᠲᠡ ᠶᠢᠨ ᠱᠠᠭᠠᠷᠳᠠᠯᠭ᠎ᠠ ᠳᠤ ᠨᠠᠶᠢᠴᠡᠬᠦᠯᠬᠦ ᠶᠢᠨ ᠲᠦᠯᠦᠭᠡ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠬᠦᠯᠦᠯᠲᠠ᠂ ᠬᠤᠲᠠ ᠪᠠᠯᠭᠠᠰᠤᠵᠢᠯᠠᠯᠲᠠ ᠪᠠ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠦᠯᠦᠯᠲᠠ ᠶᠢᠨ ᠠᠬᠢᠴᠡ ᠶᠢ ᠲᠦᠯᠬᠢᠨ ᠲᠦᠷᠭᠡᠳᠭᠡᠪᠡ᠃ « ᠠᠷᠪᠠᠨ ᠬᠤᠶᠠᠳᠤᠭᠠᠷ ᠲᠠᠪᠤᠨ ᠵᠢᠯ »᠎ ᠤᠨ ᠵᠠᠰᠠᠭ ᠤᠨ ᠤᠷᠳᠤᠨ ᠠᠴᠠ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠢ ᠤᠳᠤᠷᠢᠳᠤᠨ ᠪᠦᠯᠬᠦᠮᠳᠡᠬᠦᠯᠵᠦ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠲᠡ ᠬᠤᠷᠠᠯᠳᠤᠭᠠᠨ ᠤ ᠵᠣᠷᠢᠭ ᠰᠠᠨᠠᠭ᠎ᠠ ᠪᠠ ᠰᠢ ᠶᠢᠨ ᠫᠢᠩ ᠶᠡᠷᠦᠩᠭᠡᠢ ᠱᠦᠵᠢ ᠶᠢᠨ ᠰᠢᠷᠢᠰ ᠴᠢᠬᠤᠯᠠ ᠶᠠᠷᠢᠶ᠎ᠠ ᠪᠣᠯᠤᠨ ᠥᠪᠦᠷ ᠮᠤᠩᠭᠤᠯ ᠳᠤ ᠪᠠᠶᠢᠴᠠᠭᠠᠯᠲᠠ ᠬᠢᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠦᠨᠵᠡᠭᠡᠢ ᠰᠤᠷᠤᠯᠴᠠᠨ᠂ ᠦᠪᠡᠷᠳᠡᠭᠡᠨ ᠵᠠᠰᠠᠬᠤ ᠤᠷᠤᠨ ᠤ  ︽8337︾ ᠬᠦᠭᠵᠢᠯᠲᠡ ᠶᠢᠨ ᠰᠡᠳᠬᠢᠮᠵᠢ ᠶᠢ ᠪᠦᠬᠦ ᠲᠠᠯ᠎ᠠ ᠪᠠᠷ ᠲᠤᠤᠱᠯᠠᠭᠤᠯᠤᠨ᠋ ᠬᠡᠷᠡᠭᠵᠢᠭᠦᠯᠵᠦ᠂ ᠡᠬᠡ ᠣᠷᠤᠨ ᠤ ᠤᠮᠠᠷᠠᠳᠤ ᠬᠢᠯᠢ ᠶᠢᠨ ᠭᠤᠶᠣᠮᠰᠤᠭ ᠦᠵᠡᠮᠵᠢᠲᠤ ᠣᠷᠤᠨ ᠢ ᠪᠠᠶᠢᠭᠤᠯᠬᠤ ᠵᠠᠩᠭᠢᠯᠭ᠎ᠠ ᠶᠢᠨ ᠴᠠᠭ ᠲᠤ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠪᠠ ᠬᠤᠰᠢᠭᠤᠨ ᠤ ᠨᠠᠮ ᠤᠨ ᠵᠠᠰᠠᠭ ᠤᠨ ᠬᠤᠷᠢᠶᠠᠨ ᠤ ᠡᠯ᠎ᠡ ᠰᠢᠢᠳᠪᠦᠷᠢ ᠪᠠᠶᠢᠷᠢᠯᠠᠭᠤᠯᠤᠯᠲᠠ ᠪᠠᠷ᠂ ᠵᠠᠰᠠᠭ ᠤᠨ ᠣᠷᠳᠤᠨ ᠤ ᠡᠷᠬᠡ ᠲᠤᠰᠢᠶᠠᠯ ᠢᠶᠠᠨ ᠬᠢᠨᠠᠮᠠᠭᠠᠢ ᠬᠡᠷᠡᠭᠵᠢᠬᠦᠯᠦᠨ᠂ ᠲᠤᠭᠳᠠᠭᠤᠨ ᠢᠶᠠᠷ ᠨᠡᠮᠡᠭᠳᠡᠬᠦᠯᠬᠦ᠂ ᠦᠭᠡᠷᠡᠴᠢᠯᠡᠯᠲᠠ ᠶᠢ ᠠᠬᠢᠭᠤᠯᠬᠤ᠂ ᠪᠦᠲᠦᠴᠡ ᠶᠢ ᠵᠤᠬᠢᠴᠠᠭᠤᠯᠬᠤ᠂ ᠠᠷᠠᠳ ᠤᠨ ᠠᠮᠢᠳᠤᠷᠠᠯ ᠢ ᠢᠪᠡᠭᠡᠬᠦ᠂ ᠡᠶ᠎ᠡ ᠨᠠᠶᠢᠷᠠᠮᠳᠠᠯ ᠢ ᠠᠬᠢᠭᠤᠯᠬᠤ ᠵᠡᠷᠭᠡ ᠡᠯ᠎ᠡ ᠲᠠᠯ᠎ᠠ ᠶᠢᠨ ᠠᠵᠢᠯ ᠢ ᠨᠢᠭᠡᠳᠦᠯᠲᠡᠢ ᠰᠠᠶᠢᠲᠤᠷ ᠬᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠨᠡᠩ ᠯᠠᠪᠳᠠᠭᠤᠨ ᠪᠠᠳᠤ ᠠᠯᠬᠤᠮ ᠢᠶᠠᠷ ᠤᠷᠤᠭᠰᠢᠯᠠᠵᠤ ᠪᠠᠶᠢᠨᠠᠮ᠃
 
ᠢᠷᠡᠯᠲᠡ᠄ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号