ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠰᠤᠶᠤᠯ ᠵᠤᠭᠠᠴᠠᠯ ᠤᠨ ᠲᠤᠶᠢᠮᠤ ᠪᠠᠶᠢᠳᠠᠯ
ᠨᠡᠶᠢᠲᠡᠯᠡᠭᠰᠡᠨ ᠴᠠᠭ᠄
2017/6/27
      ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ           ᠰᠤᠶᠤᠯ ᠵᠤᠭᠠᠴᠠᠯ ᠤᠨ ᠲᠤᠶᠢᠮᠤ ᠪᠠᠶᠢᠳᠠᠯ       ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤ ᠶᠡᠭᠡ ᠭᠢᠩᠭᠠᠨ ᠲᠠᠪᠠᠭᠠᠨ ᠤ ᠡᠮᠤᠨ᠎ᠠ ᠬᠤᠷᠮᠤᠢ᠂ ᠬᠤᠷᠴᠢᠨ ᠤ ᠡᠯᠡᠰᠦᠷᠭᠡᠭ ᠭᠠᠵᠠᠷ ᠤᠨ ᠤᠮᠠᠷᠠᠳᠤ ᠭᠡᠰᠡᠭ ᠲᠤ ᠪᠠᠶᠢᠷᠢᠯᠠᠵᠤ᠂ ᠬᠢᠩᠭᠠᠨ ᠠᠶᠢᠮᠠᠭ ᠤᠨ ᠬᠠᠮᠤᠭ ᠡᠮᠤᠨᠡᠳᠤ ᠭᠡᠰᠡᠭ ᠤᠨ ᠬᠤᠰᠢᠭᠤ ᠪᠢᠯᠠ᠃ ᠤᠮᠠᠷᠠᠳᠤ ᠭᠡᠰᠡᠭ ᠢᠶᠠᠷ ᠢᠶᠠᠨ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤ ᠪᠠ ᠲᠦᠴᠢᠤᠸᠠᠨ ᠰᠢᠶᠠᠨ ᠲᠠᠢ ᠬᠦᠷᠰᠢᠯᠡᠵᠤ᠂ ᠵᠡᠬᠦᠨ ᠭᠡᠰᠡᠭ ᠢᠶᠠᠷ ᠢᠶᠠᠨ ᠭᠢᠷᠢᠨ ᠮᠤᠵᠢ ᠶᠢᠨ ᠲᠦᠩ ᠢᠤᠢ ᠰᠢᠶᠠᠨ᠂ ᠲᠤᠤ ᠨᠠᠨ ᠬᠤᠳᠠ ᠲᠠᠢ  ᠵᠠᠬ᠎ᠠ ᠨᠡᠶᠢᠯᠡᠵᠦ᠂ ᠡᠮᠤᠨ᠎ᠠ ᠭᠡᠰᠡᠭ ᠢᠶᠠᠷ ᠢᠶᠠᠨ ᠲᠦᠩᠯᠢᠶᠤᠤ ᠬᠤᠳᠠᠨ ᠤ ᠬᠤᠷᠴᠢᠨ ᠵᠡᠬᠦᠨ ᠭᠠᠷᠤᠨ ᠲᠤᠮᠳᠠᠳᠤ ᠬᠤᠰᠢᠭᠤ ᠲᠠᠢ ᠵᠠᠯᠭᠠᠯᠳᠤᠨ᠂ ᠪᠠᠷᠠᠭᠤᠨ ᠭᠡᠰᠡᠭ ᠢᠶᠠᠷ ᠢᠶᠠᠨ ᠲᠦᠩᠯᠢᠶᠤᠤ ᠬᠤᠳᠠᠨ ᠤ ᠵᠠᠷᠤᠤᠨ ᠬᠤᠰᠢᠭᠤ᠂ ᠬᠤᠤᠯᠢᠨ ᠭᠤᠤᠯ ᠬᠤᠳᠠ ᠪᠠ ᠰᠢᠯᠢᠨ ᠭᠤᠤᠯ ᠠᠶᠢᠮᠠᠭ ᠤᠨ ᠵᠡᠬᠦᠨ ᠦᠵᠤᠮᠤᠴᠢᠨ ᠬᠤᠰᠢᠭᠤ ᠲᠠᠢ  ᠬᠦᠷᠰᠢ ᠵᠡᠷᠭᠡᠯᠡᠳᠤᠵᠦ ᠪᠤᠢ᠃  ᠪᠦᠬᠦ ᠬᠤᠰᠢᠭᠤ ᠨᠢ ᠪᠠᠷᠠᠭᠤᠨ ᠬᠤᠶᠢᠨ᠎ᠠ ᠠᠴᠠ ᠵᠡᠬᠦᠨ ᠡᠮᠤᠨ᠎ᠠ ᠵᠦᠭ ᠲᠡᠭᠡᠨ  ᠨᠠᠷᠢᠨ ᠣᠷᠲᠤ ᠬᠡᠯᠪᠡᠷᠢ ᠪᠠᠷ ᠪᠠᠶᠢᠷᠢᠯᠠᠵᠦ᠂  ᠡᠮᠤᠨᠡᠰᠢ ᠤᠮᠠᠷᠠᠰᠢ ᠪᠠᠨ 310 ᠺᠢᠯᠤᠮᠧᠲᠷ᠂  ᠵᠡᠭᠦᠨᠰᠢ ᠪᠠᠷᠠᠭᠤᠡᠰᠢ ᠪᠠᠨ 55 ᠺᠢᠯᠤᠮᠧᠲᠷ᠂ ᠨᠤᠲᠤᠭ ᠳᠡᠪᠢᠰᠭᠡᠷ ᠤᠨ ᠶᠡᠷᠤᠩᠭᠡᠢ ᠲᠡᠯᠡᠪᠡᠢ 15613 ᠲᠡᠭᠰᠢ ᠳᠦᠷᠪᠡᠯᠵᠢᠨ ᠺᠢᠯᠤᠮᠧᠲᠷ᠂ ᠪᠦᠬᠦ ᠬᠤᠰᠢᠭᠤᠨ ᠳᠤ ᠲᠠᠷᠢᠶᠠᠨ ᠭᠠᠵᠠᠷ 270 ᠲᠦᠮᠡᠨ ᠮᠤ᠋᠂  ᠡᠪᠡᠰᠤᠨ ᠲᠠᠯᠠᠪᠤᠷ 1300 ᠲᠦᠮᠠᠨ ᠮᠤ᠋᠂ ᠤᠶᠢᠳᠤ ᠤᠷᠤᠨ 355 ᠲᠦᠮᠠᠨ ᠮᠤ᠋ ᠪᠠᠶᠢᠵᠤ᠂ ᠤᠢ ᠰᠢᠭᠤᠢ ᠶᠢᠨ ᠪᠦᠷᠬᠦᠴᠠ ᠶᠢᠨ ᠨᠤᠷᠮ᠎ᠠ ᠨᠢ 18.91%᠃ ᠪᠦᠬᠦ ᠬᠤᠰᠢᠭᠤᠨ ᠳᠤ᠂ 12 ᠰᠤᠮᠤ᠂ 173 ᠭᠠᠴᠠᠭ᠎ᠠ᠂ 26 ᠨᠡᠶᠢᠭᠡᠮ ᠤᠨ ᠲᠤᠭᠤᠷᠢᠭ᠂ 464 ᠠᠶᠢᠯ ᠬᠠᠷᠢᠶᠠᠯᠠᠭᠳᠠᠵᠤ᠂ ᠪᠦᠬᠦ ᠬᠦᠮᠤᠨ ᠠᠮᠠ ᠨᠢ 25.39 ᠲᠦᠮᠠ᠂ ᠡᠬᠦᠨ ᠤ ᠲᠤᠳᠤᠷ᠎ᠠ ᠮᠤᠩᠭᠤᠯ ᠦᠡᠳᠤᠰᠤᠳᠡᠨ ᠤ ᠬᠦᠮᠤᠨ ᠠᠮᠠ ᠨᠢ 22 ᠲᠦᠮᠠ᠂ ᠪᠦᠬᠦᠶᠢᠯᠠ ᠬᠦᠮᠤᠨ ᠠᠮᠠᠨ ᠲᠤᠭᠠᠨ ᠤ 86.4% ᠎ ᠶᠢ ᠡᠵᠡᠯᠠᠨ᠂ ᠪᠦᠬᠦ ᠤᠷᠤᠨ ᠤ ᠭᠡᠪᠴᠢᠶᠠᠨ ᠳᠤ ᠮᠤᠩᠭᠤᠯ ᠦᠡᠳᠤᠰᠤᠳᠡᠨ ᠤ ᠬᠦᠮᠤᠨ ᠠᠮᠠ ᠶᠢᠨ ᠬᠠᠷᠢᠴᠠᠯ ᠢᠶᠠᠷ ᠬᠠᠮᠤᠭ ᠢᠯᠡᠬᠦᠤ ᠴᠦᠭᠡᠨ ᠲᠤᠭᠠᠳᠤ ᠦᠡᠳᠤᠰᠤᠳᠡᠨ ᠨᠢᠭᠳᠡᠷᠠᠨ ᠰᠠᠭᠤᠷᠢᠰᠢᠭᠰᠠᠨ ᠬᠤᠰᠢᠭᠤ ᠪᠢᠯᠠ᠃     ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤ᠂ ᠡᠯᠪᠡᠭ ᠠᠭᠤᠷᠬᠠᠢ ᠶᠢᠨ ᠡᠬᠢ ᠪᠠᠶᠠᠯᠢᠭ᠂  ᠬᠠᠷᠢᠴᠠᠩᠭᠤᠢ ᠪᠠᠶᠠᠯᠢᠭ ᠨᠡᠬᠦᠷᠡᠰᠤᠨ ᠠᠭᠤᠷᠬᠠᠢ᠂ ᠲᠩᠷᠢ ᠶᠢᠨ ᠭᠡᠰᠢᠭ ᠢ ᠭᠠᠭᠴᠠᠭᠠᠷ ᠬᠦᠷᠳᠡᠭᠰᠠᠨ ᠰᠠᠯᠭᠢᠨ ᠡᠨᠧᠷᠭᠢ  ᠂ ᠡᠯᠪᠡᠭ ᠬᠠᠳᠠᠭᠠᠯᠠᠭᠳᠡᠴᠢᠳᠡᠢ ᠤᠰᠤᠨ ᠡᠭᠢ ᠰᠤᠷᠪᠤᠯᠵᠢ᠂  ᠪᠠᠶᠠᠯᠢᠭ ᠴᠠᠭᠢᠯᠭᠠᠨ ᠬᠦᠴᠤᠨ ᠳᠡᠭᠡᠨ ᠲᠦᠰᠢᠭᠯᠡᠨ᠂ ᠡᠭᠢ ᠪᠠᠶᠠᠯᠢᠭ ᠤᠨ ᠲᠠᠪᠠᠭᠤᠯᠢᠭ ᠠᠴᠠ ᠠᠵᠤ  ᠦᠢᠯᠡᠰ ᠤᠨ ᠲᠠᠪᠠᠭᠤᠯᠢᠭ ᠵᠢᠴᠢ ᠠᠵᠤ ᠠᠬᠤᠢ ᠶᠢᠨ ᠲᠠᠪᠠᠭᠤᠯᠢᠭ ᠲᠠᠰᠢ ᠎ ᠶᠢᠨ ᠰᠢᠯᠵᠢᠯᠳᠡ ᠶᠢᠨ ᠠᠵᠢᠯ ᠢ ᠴᠢᠩᠭᠠᠤᠡᠬᠠᠨ ᠲᠦᠷᠭᠡᠤᠡᠭᠡᠵᠤ ᠪᠤᠢ᠃ ᠮᠠᠨ ᠤ ᠬᠤᠰᠢᠭᠤ ᠪᠤᠯ ᠭᠢᠩᠭᠠᠨ ᠠᠶᠢᠮᠠᠭ ᠎ ᠤᠨ ᠲᠤᠳᠤᠷ᠎ᠠ ᠠᠭᠤᠷᠬᠠᠢ ᠶᠢᠨ ᠪᠤᠯᠠᠭᠳᠠᠴᠠ ᠪᠠᠷ ᠨᠡᠯᠢᠶᠡᠤᠨ ᠲᠦᠪᠯᠡᠷᠡᠭᠰᠠᠨ ᠭᠠᠵᠠᠷ ᠪᠠᠶᠢᠵᠤ᠂ ᠬᠢᠩᠭᠠᠨ ᠠᠶᠢᠮᠠᠭ ᠎ ᠤᠨ ᠭᠡᠪᠴᠢᠶᠠᠨ ᠲᠤᠳᠤᠷ᠎ᠠ ᠲᠠᠷᠬᠠᠵᠤ ᠪᠠᠶᠢᠭ᠎ᠠ 3 ᠲᠡᠮᠦᠷᠯᠢᠭ ᠤᠨ ᠠᠭᠤᠷᠬᠠᠢ ᠶᠢᠨ ᠪᠦᠰᠠ ᠪᠠ 6 ᠨᠡᠬᠦᠷᠠᠰᠤ ᠠᠬᠤᠭᠤᠯᠤᠭᠰᠠᠨ ᠲᠤᠭᠤᠷᠢᠭ ᠤᠨ ᠲᠤᠳᠤᠷᠠᠭᠢ 2 ᠲᠡᠮᠦᠷᠯᠢᠭ ᠤᠨ ᠠᠭᠤᠷᠬᠠᠢ ᠶᠢᠨ ᠪᠦᠰᠠ ᠪᠠ ᠨᠡᠬᠦᠷᠡᠰᠤ ᠠᠬᠤᠭᠤᠯᠤᠭᠰᠠᠨ ᠲᠤᠭᠤᠷᠢᠭ ᠨᠢ ᠡᠨᠡᠬᠦᠷ ᠦᠩᠭᠡᠷᠡᠵᠤ ᠪᠤᠢ᠃ ᠡᠳᠤᠭᠡ ᠨᠢᠭᠡᠨᠳᠠ ᠮᠡᠳᠡᠭᠰᠠᠨ ᠠᠭᠤᠷᠬᠠᠢ ᠶᠢᠨ ᠪᠤᠯᠠᠭᠳᠠᠴᠠ ᠶᠢᠨ ᠡᠭᠢ ᠰᠤᠷᠪᠤᠯᠵᠢ ᠨᠢ 42 ᠵᠤᠶᠢᠯ ᠪᠠᠶᠢᠵᠤ᠂  ᠦᠨᠳᠤᠰᠤᠨ ᠳᠡᠭᠡᠨ ᠬᠠᠶᠢᠨ‌ᠢᠯᠡᠷᠡᠬᠦᠯᠦᠭᠰᠡᠨ ᠡᠬᠢ ᠪᠠᠶᠠᠯᠢᠭ ᠤᠨ ᠬᠠᠳᠠᠭᠠᠯᠠᠮᠵᠢ ᠲᠠᠢ ᠠᠭᠤᠷᠬᠠᠢ ᠶᠢᠨ ᠤᠷᠤᠨ 81 ᠪᠠᠶᠢᠨ᠎ᠠ᠂ ᠨᠢᠭᠡᠨᠲᠠ ᠢᠯᠡᠷᠡᠭᠦᠯᠦᠭᠰᠡᠨ ᠠᠭᠤᠷᠬᠠᠢ ᠎ ᠶᠢᠨ ᠴᠡᠭ ᠪᠠ ᠠᠭᠤᠷᠬᠠᠶᠢᠯᠠᠭᠰᠠᠨ ᠴᠡᠭ 30 ᠪᠤᠢ᠂ ᠬᠠᠷᠠᠨᠠᠭᠤᠷ ᠨᠡᠬᠦᠷᠡᠰᠤᠨ ᠠᠭᠤᠷᠬᠠᠢ ᠶᠢᠨ ᠬᠠᠳᠠᠭᠠᠯᠠᠭᠳᠠᠴᠠ ᠨᠢ 1563 ᠲᠦᠮᠡᠨ ᠲᠤᠨ᠂ ᠮᠠᠩ ᠨᠢᠤ ᠬᠠᠢ ᠨᠡᠬᠦᠷᠡᠰᠤᠨ ᠠᠭᠤᠷᠬᠠᠢ ᠶᠢᠨ ᠨᠡᠭᠡᠭᠡᠨ ᠠᠰᠢᠭᠯᠠᠬᠤ ᠲᠤᠭᠤᠷᠢᠭ ᠲᠤ 1470ᠲᠦᠮᠡᠨ ᠲᠤᠨ ᠬᠠᠳᠠᠭᠠᠯᠠᠭᠳᠠᠴᠠ ᠶᠢ ᠪᠠᠳᠤᠯᠠᠵᠤ ᠲᠡᠶᠢᠯᠤᠨ᠎ᠠ᠃ ᠡᠳᠤᠭᠡ ᠴᠸᠠ ᠯᠦᠩ ᠠᠷᠢᠭᠤᠨ ᠴᠡᠪᠡᠷ ᠨᠠᠬᠦᠷᠡᠰᠤᠨ ᠤ ᠲᠦᠷᠤᠯ ᠵᠤᠶᠢᠯ᠂ ᠦᠪᠤᠷ ᠮᠤᠩᠭᠤᠯ ᠤᠨ ᠠᠭᠤᠷᠬᠠᠢ ᠶᠢᠨ ᠤᠶᠢᠯᠡᠰ ᠤᠨ ᠪᠦᠯᠦᠭᠡᠯᠯ ᠤᠨ 40 ᠳ᠋ᠦᠩᠰᠢᠭᠤᠷ ᠺᠦᠪ ᠮᠧᠲᠷ ᠤᠨ ᠨᠡᠬᠦᠷᠡᠰᠤᠨ ᠭᠡᠢ ᠶᠢᠨ ᠲᠤᠷᠤᠯ ᠵᠤᠶᠢᠯ᠂ ᠱᠧᠩ ᠲᠠᠢ100 ᠲᠦᠮᠡᠨ ᠲᠤᠨ ᠤ ᠨᠡᠬᠦᠷᠡᠰᠤ ᠪᠠᠷ ᠮᠧᠲ᠋ᠢᠯ ᠡᠯᠡᠺᠤᠤᠯ ᠤᠶᠢᠯᠡᠤᠡᠬᠦ ᠲᠦᠷᠤᠯ ᠵᠤᠶᠢᠯ ᠨᠢ ᠪᠦᠷ ᠮᠠᠰᠢ ᠤᠷᠤᠭᠰᠢᠳᠡᠢ ᠶᠠᠪᠤᠭᠳᠠᠵᠤ ᠪᠠᠶᠢᠨ᠎ᠠ᠃ ᠳᠤᠮᠳᠠᠳᠦ ᠬᠤᠰᠢᠭᠤᠨ ᠤ ᠰᠠᠯᠭᠢᠨ ᠡᠨᠢᠷᠭᠢ ᠮᠠᠰᠢ ᠡᠯᠪᠡᠭ᠂ ᠵᠢᠯ ᠤᠨ ᠲᠤᠮᠳᠠᠴᠢ ᠰᠠᠯᠭᠢᠨ ᠬᠤᠷᠳᠤᠴᠠ ᠨᠢ ᠰᠧᠺᠦ᠋ᠨ᠋ᠳ᠋ ᠪᠦᠷᠢ 4.2 ᠮᠧᠲᠷ ᠠᠴᠠ ᠲᠡᠭᠡᠭᠰᠢ ᠪᠠᠶᠢᠵᠤ᠂  ᠠᠰᠢᠭᠯᠠᠵᠦ ᠪᠤᠯᠬᠤᠶᠢᠴᠠ ᠲᠤᠮᠳᠠᠴᠢ ᠰᠠᠯᠭᠢᠨ ᠡᠨᠢᠷᠭᠢ ᠎ ᠤᠨ ᠨᠢᠭᠳᠠᠴᠠ ᠨᠢ ᠺᠦᠸᠠᠳ᠋ ᠮᠧᠲᠷ ᠪᠦᠷᠢ 300  ᠸᠠᠲ ᠠᠴᠠ ᠲᠡᠭᠡᠭᠰᠢ ᠪᠤᠢ᠃ ᠤᠶᠢᠷ᠎ᠠ ᠶᠢᠨ ᠬᠡᠳᠤᠨ ᠵᠢᠯ ᠠᠴᠠ ᠨᠠᠰᠢ᠂ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤ ᠤᠷᠢᠤᠨ ᠬᠤᠵᠢᠤᠨ ᠯᠦᠩ ᠶᠤᠸᠠᠨ᠂ ᠬᠤᠸᠠ ᠨᠧᠩ᠂ ᠵᠢᠩ ᠨᠧᠩ᠂ ᠱᠸᠠ ᠨᠧᠩ᠂ ᠲᠢᠶᠠᠨ ᠶᠢᠤ ᠵᠡᠷᠭᠡ ᠰᠠᠯᠭᠢᠨ ᠴᠠᠭᠢᠯᠭᠠᠨ ᠠᠵᠤ ᠠᠬᠤᠶᠢᠯᠠᠯ ᠤᠨ ᠪᠦᠯᠦᠭᠯᠡᠯ ᠤᠳ ᠢ ᠤᠷᠢᠨ ᠠᠪᠴᠢᠷᠠᠵᠤ᠂ ᠪᠦᠬᠦ ᠬᠤᠰᠢᠭᠤᠨ ᠳᠤ ᠤᠭᠰᠠᠷᠠᠭᠰᠠᠨ ᠰᠠᠯᠭᠢᠨ ᠴᠠᠭᠢᠯᠭᠠᠨ ᠮᠠᠰᠢᠨ ᠤ ᠶᠡᠷᠤᠩᠭᠡᠢ ᠴᠠᠭᠢᠯᠭᠠᠨ ᠬᠠᠳᠠᠭᠠᠯᠠᠭᠳᠠᠴᠠ  ᠎ ᠨᠢ 55 ᠲᠦᠮᠡᠨ ᠺᠢᠯᠤᠸᠠᠲ ᠳᠤ ᠬᠦᠷᠴᠡᠢ᠃ ᠮᠠᠨ ᠤ ᠬᠤᠰᠢᠭᠤᠨ ᠤ ᠤᠰᠤᠨ ᠡᠨᠢᠷᠭᠢ ᠶᠢᠨ ᠰᠤᠷᠪᠤᠯᠵᠢ ᠮᠠᠰᠢ ᠡᠯᠪᠡᠭ᠂ ᠪᠦᠬᠦ ᠬᠤᠰᠢᠭᠤᠨ ᠤ ᠭᠠᠵᠠᠷ ᠲᠡᠭᠡᠷᠡᠭᠢ ᠤᠰᠤᠨ ᠤ ᠵᠢᠯ ᠤᠨ ᠲᠤᠮᠳᠠᠴᠢ ᠤᠷᠤᠰᠬᠠᠯ ᠤᠨ ᠭᠡᠮᠵᠢᠶ᠎ᠠ ᠨᠢ 6.91ᠳ᠋ᠦᠩᠰᠢᠭᠤᠷ ᠺᠦᠪ ᠮᠧᠲᠷ᠂ ᠭᠠᠵᠠᠷ ᠲᠤᠤᠷᠠᠭᠢ ᠤᠰᠤᠨ ᠤ ᠠᠰᠢᠭᠯᠠᠵᠤ ᠪᠤᠯᠬᠤᠶᠢᠴᠠ ᠭᠡᠮᠵᠢᠶ᠎ᠠ ᠎ ᠨᠢ 10.54 ᠳ᠋ᠦᠩᠰᠢᠭᠤᠷ ᠺᠦᠪ ᠮᠧᠲᠷ ᠪᠠᠶᠢᠵᠤ᠂ ᠠᠵᠤ ᠤᠶᠢᠯᠡᠰ ᠤᠨ ᠬᠦᠭᠵᠢᠯᠳᠠ ᠳᠤ  ᠬᠦᠢᠴᠡᠳ ᠲᠡᠬᠦᠯᠳᠡᠷ ᠤᠰᠤᠨ ᠡᠭᠢ ᠰᠤᠷᠪᠤᠯᠵᠢ ᠶᠢ ᠬᠠᠩᠭᠠᠵᠤ ᠲᠡᠶᠢᠯᠤᠨ᠎ᠠ᠃    ᠤᠳᠤ ᠳᠠᠭᠠᠨ 1.8 ᠳ᠋ᠦᠩᠰᠢᠭᠤᠷ ᠺᠦᠪ ᠮᠧᠲᠷ ᠤᠨ ᠪᠠᠭᠳᠠᠭᠠᠮᠵᠢ ᠲᠠᠢ ᠲᠤᠮᠳᠠ ᠭᠡᠯᠪᠡᠷᠢ ᠶᠢᠨ ᠤᠰᠤᠨ ᠴᠦᠬᠦᠷᠤᠮ ᠨᠢᠭᠡ ᠪᠤᠢ᠃ ᠠᠳᠠ᠂ ᠵᠡᠬᠦᠨ ᠬᠤᠶᠢᠳᠤ ᠶᠢᠨ ᠴᠠᠭᠢᠯᠭᠠᠨ ᠰᠦᠯᠵᠢᠶᠡᠨ ᠤ 22 ᠲᠦᠮᠡᠨ ᠸᠤᠯᠲ ᠬᠤᠪᠢᠰᠤᠮᠠᠯ ᠬᠦᠶᠤᠳᠡᠯᠳᠤ ᠴᠠᠭᠢᠯᠭᠠᠨ ᠬᠦᠷᠢᠭᠡᠬᠦ ᠱᠤᠭᠤᠮ ᠪᠠ ᠦᠪᠡᠷᠳᠡᠭᠡᠨ ᠵᠠᠰᠠᠬᠤ ᠤᠷᠤᠨ ᠤ ᠭᠡᠰᠡᠭ ᠤᠷᠤᠨ ᠤ ᠰᠦᠯᠵᠢᠶᠡᠨ ᠤ 22 ᠲᠦᠮᠡᠨ ᠸᠤᠯᠲ ᠬᠤᠪᠢᠰᠤᠮᠠᠯ ᠬᠦᠶᠤᠳᠡᠯᠳᠤ ᠴᠠᠭᠢᠯᠭᠠᠨ ᠬᠦᠷᠭᠡᠬᠦ ᠬᠤᠶᠠᠷ ᠵᠤᠷᠪᠤᠰ ᠴᠠᠭᠢᠯᠭᠠᠨ ᠬᠦᠴᠤᠨ ᠤ ᠨᠡᠪᠳᠡᠷᠡᠬᠦ ᠵᠠᠮ ᠲᠠᠢ᠃ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ 1×33 ᠲᠦᠮᠡᠨ ᠺᠢᠯᠤᠸᠡᠲ ᠶᠢᠨ ᠢᠯᠴᠢ ᠶᠢᠨ ᠴᠠᠭᠢᠯᠭᠠᠨ ᠤ ᠤᠶᠢᠯᠠᠤᠡᠪᠤᠷᠢ᠂ ᠬᠤᠸᠠ ᠨᠧᠩ᠂ ᠯᠦᠩ ᠶᠤᠸᠠᠨ᠂ ᠵᠢᠩ ᠨᠧᠩ᠂ ᠱᠸᠠ ᠨᠧᠩ᠂ ᠲᠢᠶᠠᠨ ᠶᠢᠤ ᠵᠡᠷᠭᠡ ᠰᠠᠯᠭᠢᠨ ᠴᠠᠭᠢᠯᠭᠠᠨ ᠤ ᠲᠦᠷᠤᠯ ᠵᠤᠶᠢᠯ ᠨᠢᠭᠡᠨᠳᠠ ᠰᠦᠯᠵᠢᠶ᠎ᠡ ᠨᠡᠶᠢᠯᠡᠬᠦᠯᠵᠤ ᠴᠠᠭᠢᠯᠭᠠᠨ ᠭᠠᠷᠭᠠᠵᠤ ᠪᠤᠢ᠃ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ 2×66 ᠲᠦᠮᠡᠨ ᠺᠢᠯᠤᠸᠡᠲ ᠶᠢᠨ ᠴᠠᠭᠢᠯᠭᠠᠨ ᠤ ᠤᠶᠢᠯᠠᠤᠡᠪᠤᠷᠢ ᠶᠢᠨ ᠲᠦᠷᠤᠯ ᠵᠤᠶᠢᠯ ᠤᠨ ᠪᠠᠯᠡᠤᠡᠭᠡᠯ ᠠᠵᠢᠯ ᠶᠠᠭ ᠰᠠᠶᠢᠬᠠᠨ ᠡᠮᠬᠢ  ᠴᠡᠭᠴᠡᠲᠡᠢ ᠶᠠᠪᠤᠭᠳᠠᠵᠤ ᠪᠤᠢ᠃ ᠮᠠᠨ ᠤ ᠬᠤᠰᠢᠭᠤ ᠪᠤᠯᠤᠨ ᠬᠦᠷᠰᠢ ᠵᠡᠷᠭᠡᠯᠡᠳᠡᠭᠡ ᠭᠠᠵᠠᠷ ᠤᠷᠤᠨ ᠤ ᠬᠤᠭᠤᠷᠤᠡᠳᠤ᠂ ᠵᠠᠰᠠᠮᠠᠯ ᠵᠠᠮ ᠬᠦᠡᠳᠡᠯᠠᠨ ᠭᠤᠤᠯᠳᠤ ᠰᠦᠯᠵᠢᠯᠳᠤᠨ᠂ ᠲᠦᠷᠪᠡᠨ ᠵᠦᠭ ᠨᠠᠶᠮᠠᠨ ᠵᠤᠪᠭᠢᠰ ᠲᠤ ᠨᠡᠪᠳᠡᠷᠡᠨ᠎ᠠ᠃ ᠲᠦᠩᠯᠢᠶᠤᠤ — ᠬᠤᠤᠯᠢᠨ ᠭᠤᠤᠯ ᠬᠤᠳᠠ ᠶᠢᠨ ᠲᠡᠮᠤᠷ ᠵᠠᠮ ᠤᠨ 233.7 ᠺᠢᠯᠤᠮᠧᠲᠷ ᠤᠨ ᠭᠡᠰᠡᠭ ᠨᠢ ᠠᠳᠠ ᠭᠤᠤᠯᠳᠠ ᠪᠠᠷ ᠨᠡᠪᠳᠡᠷᠡᠵᠤ᠂ ᠰᠢᠯᠢᠬᠠᠤᠳᠠ — ᠤᠯᠠᠭᠠᠬᠤᠳᠠ ᠶᠢᠨ ᠲᠡᠮᠤᠷ ᠵᠠᠮ ᠤᠨ 46.3 ᠺᠢᠯᠤᠮᠧᠲᠷ ᠤᠨ ᠭᠡᠰᠡᠭ ᠨᠢ ᠴᠦ ᠮᠠᠨ ᠎ ᠤ ᠬᠤᠰᠢᠭᠤ ᠪᠠᠷ ᠦᠩᠭᠡᠷᠡᠵᠤ ᠪᠠᠶᠢᠳᠠᠭ᠃ ᠪᠠᠰᠠ ᠭᠤᠸᠠᠩᠰᠢ ᠶᠢᠨ ᠪᠸᠢᠬᠠᠢ ᠬᠤᠳᠠ — ᠦᠪᠤᠷ ᠮᠤᠩᠭᠤᠯ ᠤᠨ  ᠬᠦᠯᠤᠨ ᠪᠤᠶᠢᠷ ᠬᠤᠳᠠᠨ ᠤ ᠠᠷᠤᠨ ᠬᠤᠰᠢᠭᠤᠨ ᠤ ᠨᠠᠶᠢᠵᠢ ᠪᠠᠯᠭᠠᠰᠤ ᠬᠦᠷᠬᠦ ᠮᠤᠵᠢ ᠶᠢᠨ ᠲᠡᠰ ᠤᠨ ᠵᠠᠰᠠᠮᠠᠯ ᠵᠠᠮ ᠎ ᠤᠨ 52 ᠺᠢᠯᠤᠮᠧᠲᠷ  ᠎ ᠤᠨ ᠭᠡᠰᠡᠭ ᠪᠠ 111 ᠤᠯᠤᠰ ᠤᠨ ᠵᠠᠮ ᠤᠨ 134 ᠺᠢᠯᠤᠮᠧᠲᠷ ᠤᠨ ᠭᠡᠰᠡᠭ ᠨᠢ ᠮᠠᠨ ᠤ ᠬᠤᠰᠢᠭᠤ ᠪᠠᠷ ᠦᠩᠭᠡᠷᠡᠵᠤ ᠪᠠᠶᠢᠨ᠎ᠠ᠃ ᠪᠦᠬᠦ ᠬᠤᠰᠢᠭᠤᠨ ᠤ ᠲᠡᠷᠭᠡ ᠨᠡᠪᠳᠡᠷᠡᠭᠰᠠᠨ ᠵᠠᠮ ᠤᠨ ᠤᠷᠳᠤ ᠨᠢ 1955 ᠺᠢᠯᠤᠮᠧᠲᠷ ᠪᠠᠶᠢᠵᠤ᠂ ︿︿ᠲᠦᠷᠪᠡᠨ ᠬᠦᠡᠳᠡᠯᠠᠨ ᠭᠤᠷᠪᠠᠨ ᠭᠤᠤᠯᠳᠠ ᠬᠤᠶᠠᠷ ᠠᠮᠠᠰᠠᠷ﹀﹀ ᠭᠡᠬᠦ ᠵᠠᠰᠠᠮᠠᠯ ᠵᠠᠮ ᠤᠨ ᠲᠤᠤᠷ ᠤᠨ ᠪᠦᠷᠢᠯᠳᠤᠴᠠ ᠳᠤ ᠪᠠᠳᠤ ᠪᠠᠭᠢ ᠰᠠᠭᠤᠷᠢ ᠶᠢ ᠴᠤᠭᠴᠠᠯᠠᠵᠤ ᠦᠭᠬᠦᠭᠰᠠᠨ ᠪᠠᠶᠢᠨ᠎ᠠ᠃     ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤ  ᠬᠤᠷᠴᠢᠨ ᠰᠤᠶᠤᠯ ᠤᠨ  ᠴᠢᠬᠤᠯᠠ ᠡᠭᠦᠰᠤᠯᠲᠡ ᠶᠢᠨ ᠤᠷᠤᠨ ᠪᠠᠶᠢᠵᠦ ᠦᠨᠢ ᠤᠳᠠᠭᠠᠨ ᠲᠡᠥᠬᠡ ᠲᠠᠢ᠃ ᠠᠯᠢ ᠡᠷᠳᠠ 4000 ᠭᠠᠷᠤᠢ ᠵᠢᠯ ᠤᠨ ᠡᠮᠤᠨ᠎ᠠ ᠠᠴᠠ  ᠬᠦᠮᠤᠨ ᠲᠦᠷᠤᠯᠭᠢᠳᠠᠨ ᠠᠵᠢᠯᠯᠠᠭᠠᠨ ᠤ ᠤᠯᠠ ᠮᠦᠷ  ᠎ ᠢᠶᠠᠨ ᠦᠯᠡᠳᠡᠭᠡᠵᠦ᠂ ᠲᠤᠮᠳᠠᠳᠤ ᠤᠯᠤᠰ ᠤᠨ  ᠡᠷᠳᠡᠨ ᠤ ᠤᠮᠠᠷᠠᠳᠤ ᠤᠷᠤᠨ ᠤ ᠴᠦᠭᠡᠨ ᠲᠤᠭᠠᠳᠤ ᠦᠡᠳᠤᠰᠤᠳᠡᠳᠨ ᠤ ᠲᠡᠤᠭᠡᠨ ᠠᠵᠢᠯᠠᠯᠭᠠᠨ ᠤ ᠴᠢᠬᠤᠯᠠ ᠲᠠᠪᠴᠡᠩ  ᠎ ᠤᠨ ᠨᠢᠭᠡ ᠨᠢ ᠪᠤᠯᠤᠭᠰᠠᠭᠠᠷ ᠢᠷᠡᠭᠰᠡᠨ ᠶᠤᠮ᠃ ᠴᠢᠩ ᠤᠯᠤᠰ ᠤᠨ ᠲᠡᠭᠡᠳᠤ ᠡᠷᠳᠡᠮᠳᠤ ᠶᠢᠨ ᠲᠡᠷᠢᠬᠦᠨ ᠤᠨ ︵1636 ᠤᠨ︶ ᠎ ᠠᠴᠠ ᠡᠭᠢᠯᠡᠵᠤ ᠬᠤᠰᠢᠭᠤᠨ ᠪᠠᠶᠢᠭᠤᠯᠤᠯ ᠢ ᠭᠡᠷᠡᠭᠵᠢᠬᠦᠯᠤᠭᠡᠤᠨ᠂ ᠮᠤᠩᠭᠤᠯ ᠤᠨ ᠬᠤᠷᠴᠢᠨ ᠠᠶᠢᠮᠠᠭ ᠤᠨ ᠤᠯᠤᠰ ᠲᠦᠷᠤ᠂ ᠠᠵᠤ ᠠᠬᠤᠢ᠂ ᠰᠤᠶᠤᠯ ᠤᠨ ᠲᠦᠪ ᠪᠤᠯᠤᠭᠰᠠᠨ ᠪᠢᠯᠠ᠃ ᠡᠨᠡᠬᠦ ᠦᠷᠭᠡᠨ ᠠᠭᠤᠳᠠᠮ ᠭᠠᠵᠠᠷ ᠨᠤᠳᠤᠭ ᠲᠤ ᠂ ᠤᠷᠢᠤᠨ ᠬᠤᠵᠢᠤᠨ  ᠳ᠋ᠦᠡᠭᠬᠤ  ᠂  ᠡᠾᠦ᠋ᠩᠨᠤ᠂ ᠰᠢᠶᠠᠠᠪᠢ᠂ ᠮᠤᠩᠭᠤᠯ᠂ ᠲᠶᠦ᠋ᠷᠺ᠂ ᠰᠢ᠂ ᠭᠢᠳᠠᠨ᠂ ᠵᠦᠷᠴᠢᠨ ᠮᠡᠳᠤ ᠶᠢᠨ ᠤᠯᠠᠨ ᠦᠡᠳᠤᠰᠤᠳᠡᠨ ᠤᠷᠢᠤᠨ ᠬᠤᠵᠢᠤᠨ ᠰᠤᠯᠢᠯᠴᠡᠨ ᠠᠮᠢᠳᠤᠷᠠᠨ ᠠᠵᠤ ᠲᠦᠷᠤᠵᠤ᠂ ᠭᠡᠷᠡᠯ ᠰᠠᠴᠤᠷᠠᠩᠭᠤᠢ ᠤᠳᠤᠷᠯᠠᠨ ᠮᠠᠯᠵᠢᠬᠤ ᠰᠤᠶᠤᠯ ᠢ ᠡᠬᠦᠳᠤᠨ ᠪᠦᠳᠤᠭᠡᠭᠰᠠᠨ ᠪᠦᠭᠡᠤᠨ ᠰᠤᠶᠤᠯ ᠮᠡᠷᠭᠡᠵᠢᠯ ᠢᠶᠠᠨ ᠤᠯᠠᠮᠵᠢᠯᠠᠨ ᠬᠦᠭᠵᠢᠬᠦᠯᠵᠤ᠂ ᠰᠢᠯᠢᠳᠡᠭ ᠤᠳᠤᠮᠰᠢᠯ ᠢᠶᠠᠨ ᠪᠠᠳᠠᠷᠠᠭᠤᠯᠤᠨ ᠰᠢᠨ᠎ᠠ ᠶᠢ ᠡᠬᠦᠳᠦᠭᠰᠠᠨ ᠬᠠᠭᠠᠶᠢᠬᠠᠮᠰᠢᠭᠳᠤ ᠲᠡᠤᠭᠡ ᠶᠢᠨ ᠵᠦᠴᠤᠭᠡ ᠶᠢ ᠲᠤᠭᠯᠠᠭᠰᠠᠨ ᠪᠢᠯᠡ᠃ ᠠᠵᠢᠯᠴᠢ ᠪᠤᠷᠤᠭᠵᠢᠭᠤᠨ᠂ ᠡᠷᠡᠯᠭᠡᠭ ᠪᠠᠭᠠᠳᠤᠷᠯᠢᠭ᠂ ᠤᠢ  ᠪᠢᠯᠢᠭᠲᠦ ᠬᠤᠷᠴᠢᠨ ᠨᠤᠳᠤᠭ ᠤᠨ ᠡᠯ᠎ᠠ ᠦᠡᠳᠤᠰᠤᠳᠡᠨ ᠤ ᠠᠷᠠᠤᠨ ᠲᠦᠮᠡᠨ ᠦᠪᠡᠷ ᠤᠨ ᠭᠠᠷ ᠎ ᠢᠶᠠᠷ ᠢᠶᠠᠨ ᠦᠪᠡᠷᠮᠢᠴᠠ ᠤᠡᠴᠠᠯᠢᠭ ᠪᠦᠬᠦᠢ ᠦᠡᠳᠤᠰᠤᠳᠡᠨ ᠤ ᠬᠦᠭᠵᠢᠯᠳᠠ ᠶᠢᠨ ᠲᠡᠤᠭᠡ ᠶᠢ ᠡᠬᠦᠤᠡᠪᠡ᠃ ᠦᠨᠤᠳᠤᠷ᠂ ᠲᠠᠳᠠᠨᠠᠷ ᠮᠢᠨᠢ ᠶᠠᠭ ᠦᠪᠡᠷ ᠤᠨ ᠴᠤ᠋ ᠰᠢᠨ᠎ᠠ ᠲᠦᠷᠬᠦ ᠪᠠᠷ ᠢᠶᠠᠨ ᠠᠷᠠᠤᠨ ᠢᠶᠠᠨ ᠪᠠᠶᠠᠵᠢᠭᠤᠯᠵᠤ ᠬᠤᠰᠢᠭᠤ ᠪᠠᠨ ᠬᠦᠴᠤᠷᠭᠡᠭᠵᠢᠬᠦᠯᠬᠦ ᠠᠤᠭ᠎ᠠ  ᠨᠠᠶᠢᠷᠠᠭᠯᠠᠯ ᠢᠶᠠᠨ ᠰᠡᠤᠡᠭᠢᠯ ᠪᠠᠭ᠋ᠠᠳᠤᠮ᠎ᠠ ᠤᠶᠠᠩᠭᠠᠯᠠᠵᠤ ᠪᠠᠶᠢᠨ᠎ᠠ ᠁    ᠦᠪᠡᠷᠳᠡᠭᠡᠨ ᠵᠠᠰᠠᠬᠤ ᠤᠷᠤᠨ ᠤ ︽8337︾ ᠬᠦᠭᠵᠢᠯᠳᠠ ᠶᠢᠨ ᠰᠡᠳᠬᠢᠴᠡ ᠠᠴᠠ ᠦᠪᠤᠷ ᠮᠤᠩᠭᠤᠯ ᠢ ᠤᠮᠠᠷᠠᠳᠤ ᠭᠢᠵᠠᠭᠠᠷ ᠤᠨ ᠤᠡᠴᠠᠯᠢᠭ ᠪᠦᠬᠦᠢ ᠵᠤᠭᠠᠴᠠᠨ ᠲᠤᠭᠤᠷᠢᠵᠤ ᠰᠡᠯᠡᠬᠦᠴᠡᠨ ᠠᠮᠠᠷᠠᠬᠤ ᠰᠠᠭᠤᠷᠢᠨ ᠭᠠᠵᠠᠷ ᠪᠤᠯᠭᠠᠬᠤ ᠲᠦᠰᠤᠪ ᠢ  ᠳᠤᠷᠠᠳᠤᠭᠰᠠᠨ ᠪᠢᠯᠠ᠃ ᠡᠨᠡᠬᠦ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠪᠠᠷ᠂  ᠣᠶᠢᠷ᠎ᠠ ᠶᠢᠨ ᠭᠡᠳᠤᠨ ᠵᠢᠯ ᠠᠴᠠ ᠨᠠᠰᠢ᠂ ᠮᠠᠨ ᠤ ᠬᠤᠰᠢᠭᠤ ᠪᠦᠬᠦ ᠬᠦᠴᠤᠨ ᠢᠶᠠᠷ ᠬᠤᠷᠴᠢᠨ ᠠᠷᠠᠳ ᠤᠨ ᠵᠠᠩᠰᠢᠯ ᠰᠤᠶᠤᠯ ᠪᠠ ᠬᠤᠷᠴᠢᠨ ᠤ ᠪᠠᠶᠢᠭᠠᠯᠢ ᠶᠢᠨ ᠦᠵᠡᠰᠬᠦᠯᠡᠩ ᠤᠨ ᠨᠠᠷᠠᠳᠤ ᠲᠡᠮᠳᠡᠭ ᠢ ᠡᠬᠦᠤᠡᠴᠤ᠂ ᠵᠤᠭᠠᠴᠠᠯ᠂ ᠰᠤᠶᠤᠯ᠂ ᠠᠮᠢ ᠠᠬᠤᠢ ᠶᠢᠨ ︽ᠭᠤᠷᠪᠠᠭᠤᠯᠠ ᠶᠢ ᠨᠢᠭᠡ ᠴᠤᠭᠴᠠ ᠪᠤᠯᠭᠠᠬᠤ︾ ᠤᠶᠢᠯᠠᠴᠢᠯᠠᠭᠡᠨ ᠤ ᠤᠶᠢᠯᠠᠰ ᠢ ᠶᠡᠭᠡᠪᠡᠷ ᠬᠦᠭᠵᠢᠬᠦᠯᠤᠨ᠂ ᠬᠤᠷᠴᠢᠨ ᠰᠤᠶᠤᠯ ᠵᠤᠭᠠᠴᠠᠯ ᠤᠨ ᠬᠦᠴᠤᠷᠭᠡᠭ ᠬᠤᠰᠢᠭᠤ ᠶᠢ ᠠᠤᠭ᠎ᠠ ᠪᠦᠳᠤᠮᠵᠢᠳᠡᠢ ᠪᠠᠷ ᠪᠦᠳᠤᠭᠡᠨ ᠪᠠᠶᠢᠭᠤᠯᠵᠤ᠂ ᠤᠷᠢᠤᠨ ᠬᠤᠵᠢᠤᠨ ︽ᠲᠤᠮᠳᠠᠳᠤ ᠤᠯᠤᠰ ᠤᠨ ᠠᠷᠠᠤᠨ ᠤᠨ ᠰᠤᠶᠤᠯ ᠤᠷᠠᠯᠢᠭ ᠤᠨ ᠨᠤᠳᠤᠭ︾᠂  ︽ᠦᠯᠢᠭᠡᠷ ᠤᠨ ᠨᠤᠳᠤᠭ︾᠂  ︽ᠬᠤᠷᠴᠢᠨ ᠤ ᠬᠤᠪᠴᠠᠰᠤ  ᠵᠠᠰᠠᠯ ᠤᠨ ᠨᠤᠳᠤᠭ︾᠂ ︽ᠮᠤᠩᠭᠤᠯ ᠦᠡᠳᠤᠰᠤᠳᠡᠨ ᠤ ᠲᠦᠷᠪᠡᠨ ᠤᠳᠠᠰᠤᠳᠤ ᠬᠤᠭᠤᠷ ᠤᠨ ᠨᠤᠳᠤᠭ︾᠂  ︽ᠠᠨᠳᠠᠢ ᠪᠦᠵᠢᠭ ᠤᠨ ᠨᠤᠳᠤᠭ︾ ᠭᠡᠵᠤ ᠦᠨᠡᠯᠡᠭᠳᠡᠭᠰᠡᠭᠡᠷ  ᠢᠷᠡᠭᠰᠡᠨ ᠪᠢᠯᠠ᠃ ᠬᠤᠯᠪᠤᠭ᠎ᠠ᠂ ᠲᠦᠰᠢᠶᠡᠳᠤ ᠠᠷᠠᠤᠨ ᠤᠨ ᠦᠯᠢᠭᠡᠷᠳᠤ ᠲᠠᠭᠤᠤ᠂ ᠲᠦᠰᠢᠶᠡᠳᠤ ᠸᠠᠩ ᠤᠨ ᠤᠷᠳᠤᠨ ᠤ ᠬᠤᠪᠴᠠᠰᠤ ᠵᠠᠰᠠᠯ᠂ ᠲᠦᠰᠢᠶᠡᠳᠤ ᠸᠠᠩ ᠤᠨ ᠤᠷᠳᠤᠨ ᠤ ᠬᠠᠤᠡᠬᠤᠮᠠᠯ᠂ ᠤᠪᠤᠭᠠᠨ ᠲᠠᠭᠢᠯᠭ᠎ᠠ᠂ ᠲᠦᠰᠢᠶᠡᠳᠤ ᠬᠤᠷᠢᠮ ᠤᠨ ᠶᠤᠰᠤᠯᠠᠯ᠂ ᠬᠤᠷᠴᠢᠨ ᠨᠤᠳᠤᠭ ᠤᠨ ᠮᠤᠷᠢᠨ ᠤᠷᠤᠯᠳᠤᠭᠠᠨ ᠤ ᠨᠠᠶᠢᠷ᠂ ᠮᠠᠩᠭᠤᠰ ᠤᠨ ᠦᠯᠢᠭᠡᠷ᠂ ᠭᠤᠤᠯ ᠤᠨ ᠪᠠᠶᠢᠰᠢᠩ ᠠᠷᠢᠬᠢᠨ ᠤ ᠠᠷᠢᠭᠢ ᠨᠡᠷᠡᠬᠦ ᠮᠡᠷᠭᠡᠵᠢᠯ᠂ ᠬᠠᠳᠤᠨ ᠤ ᠬᠠᠤᠡᠬᠤᠮᠠᠯ ᠵᠡᠷᠭᠡ 10 ᠲᠦᠷᠤᠯ ᠵᠤᠶᠢᠯ ᠨᠢ ᠤᠷᠤᠨ ᠤ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠨᠡᠷ᠎ᠡ ᠲᠡᠩᠰᠠᠨ ᠳᠤ ᠲᠡᠮᠳᠡᠭᠯᠡᠭᠳᠡᠪᠡ᠃     ᠦᠯᠢᠭᠡᠷ ᠤᠷᠠᠯᠢᠭ ᠪᠠ ᠮᠤᠩᠭᠤᠯ ᠦᠡᠳᠤᠰᠤᠳᠡᠨ ᠤ ᠲᠠᠳᠠᠬᠤ ᠴᠢᠪᠬᠠᠳᠠᠰᠤᠳᠤ ᠬᠦᠭᠵᠢᠮ ᠤᠨ ᠪᠠᠭᠠᠵᠢ ᠶᠢ ᠤᠶᠢᠯᠠᠤᠡᠬᠦ ᠮᠡᠷᠭᠡᠵᠢᠯ᠂ ᠬᠤᠷᠴᠢᠨ ᠤ ᠮᠤᠩᠭᠤᠯ ᠠᠨᠠᠭᠠᠬᠤ ᠤᠬᠠᠭᠠᠨ ᠤ ᠤᠭᠢᠶᠠᠯᠭ᠎ᠠ ᠡᠮᠨᠡᠯᠭᠡ᠂ ᠮᠤᠩᠭᠤᠯ ᠲᠦᠷᠪᠡᠨ ᠤᠳᠠᠰᠤᠳᠤ ᠬᠤᠭᠤᠷ ᠤᠨ ᠬᠦᠭᠵᠢᠮ ᠵᠡᠷᠭᠡ 4 ᠲᠦᠷᠤᠯ ᠵᠤᠶᠢᠯ ᠨᠢ ᠴᠦ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠨᠡᠷ᠎ᠡ ᠲᠠᠩᠰᠠᠨ ᠳᠤ ᠲᠡᠮᠳᠡᠭᠯᠡᠭᠳᠡᠭᠰᠠᠨ ᠪᠢᠯᠠ᠃ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤ ︽ᠪᠦᠬᠦ ᠤᠷᠤᠨ ᠤ ᠰᠤᠶᠤᠯ ᠤᠨ ᠠᠵᠢᠯ ᠤᠨ ᠲᠡᠷᠢᠬᠦᠨ ᠤ ᠬᠤᠰᠢᠭᠤ︾ ᠪᠠ ︽ᠤᠷᠤᠨ ᠤ ᠲᠡᠰ ᠤᠨ ᠰᠤᠶᠤᠯ ᠤᠨ ᠠᠵᠤ ᠤᠶᠢᠯᠡᠰ ᠤᠨ ᠭᠡᠪ ᠲᠠᠭᠤᠷᠢᠶᠠᠯ ᠪᠤᠯᠬᠤ ᠰᠠᠭᠤᠷᠢᠨ ᠭᠠᠵᠠᠷ︾ ᠭᠡᠵᠤ ᠦᠨᠡᠯᠡᠭᠳᠡᠪᠡ᠃
 
ᠢᠷᠡᠯᠲᠡ᠄ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号