ᠵᠠᠰᠠᠭ ᠤᠨ ᠣᠷᠳᠣᠨ ᠤ ᠰᠢᠰᠲ᠋ᠧᠮ ᠤᠨ ᠠᠯᠪᠠᠨ ᠭᠡᠷ ᠤᠨ ᠡᠷᠬᠢᠯᠡᠭᠴᠢ ︵ᠨᠠᠷᠢᠨ ᠪᠢᠴᠢᠭᠡᠴᠢ︶᠎ ᠶᠢᠨ ᠪᠤᠯᠪᠠᠰᠤᠷᠠᠭᠤᠯᠤᠯ ᠤᠨ ᠠᠩᠬᠢ ᠶᠢ ᠡᠷᠬᠢᠯᠡᠬᠦ ᠳᠣᠬᠠᠢ ᠬᠤᠷᠴᠢᠨ ᠪᠠᠷᠠᠭᠤᠨ ᠭᠠᠷᠣᠨ ᠳᠤᠮᠳᠠᠳᠣ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ
ᠨᠡᠶᠢᠲᠡᠯᠡᠭᠰᠡᠨ ᠴᠠᠭ᠄
2017/6/27
ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠤᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ ᠡᠭᠴᠡ ᠬᠠᠮᠢᠶᠠᠷᠤᠯᠲᠠ ᠶᠢᠨ ᠨᠢᠭᠡᠴᠡ ᠳᠤ᠄      ᠵᠠᠰᠠᠭ ᠤᠨ ᠶᠠᠪᠤᠳᠠᠯ ᠤᠨ ᠠᠯᠪᠠᠯᠠᠬᠤ ᠰᠢᠰᠲ᠋ᠧᠮ ᠤᠨ ᠠᠵᠢᠯᠳᠠᠳ ᠤᠨ ᠳᠣᠬᠠᠶᠢᠯᠠᠭᠰᠠᠨ ᠠᠵᠢᠯ ᠤᠨ ᠴᠢᠳᠠᠪᠦᠷᠢ ᠪᠠ ᠬᠢᠷᠢ ᠲᠦᠪᠰᠢᠨ ᠢ ᠳᠡᠭᠡᠭᠰᠢᠯᠡᠭᠦᠯᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠳᠣᠰᠠᠳᠠ᠂ ᠣᠶᠢᠷ᠎ᠠ ᠳᠤ᠂ ᠵᠠᠰᠠᠭ ᠤᠨ ᠣᠷᠳᠣᠨ ᠤ ᠰᠢᠰᠲ᠋ᠧᠮ ᠤᠨ ᠠᠯᠪᠠᠨ ᠭᠡᠷ ᠤᠨ ᠡᠷᠬᠢᠯᠡᠭᠴᠢ ︵ᠨᠠᠷᠢᠨ ᠪᠢᠴᠢᠭᠡᠴᠢ︶᠎ ᠶᠢᠨ ᠪᠤᠯᠪᠠᠰᠣᠷᠠᠭᠤᠯᠣᠯ ᠤᠨ ᠠᠩᠬᠢ ᠶᠢ ᠡᠷᠬᠢᠯᠡᠬᠦ ᠪᠠᠷ ᠳᠤᠭᠳᠠᠵᠠᠢ᠃ ᠡᠳᠦᠭᠡ ᠬᠤᠯᠪᠤᠭᠳᠠᠯ ᠪᠦᠬᠦᠢ ᠶᠠᠪᠤᠳᠠᠯ ᠤᠳ ᠢ ᠳᠣᠣᠷ᠎ᠠ ᠮᠡᠳᠡᠭᠳᠡᠶ᠎ᠡ᠄     ᠨᠢᠬᠡ᠂ ᠪᠤᠯᠪᠠᠰᠣᠷᠠᠭᠤᠯᠤᠯ ᠤᠨ ᠡᠳᠡᠭᠡᠳᠡᠯ᠎ᠡ ᠰᠣᠮᠣ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ ᠡᠭᠴᠡ ᠬᠠᠮᠢᠶᠠᠷᠤᠯᠲᠠ ᠶᠢᠨ ᠨᠢᠭᠡᠴᠡ ᠶᠢᠨ ᠠᠯᠪᠠᠨ ᠭᠡᠷ ᠤᠨ ᠡᠷᠬᠢᠯᠡᠭᠴᠢ ︵ᠨᠠᠷᠢᠨ ᠪᠢᠴᠢᠭᠡᠴᠢ︶ ᠵᠢᠴᠢ ᠬᠠᠮᠢᠶ᠎ᠠ ᠪᠦᠬᠦᠢ ᠵᠠᠰᠠᠭ ᠤᠨ ᠶᠠᠪᠤᠳᠠᠯ ᠤᠨ ᠠᠵᠢᠯᠳᠠᠳ᠃      ᠬᠤᠶᠠᠷ᠂ ᠪᠤᠯᠪᠠᠰᠤᠷᠠᠭᠤᠯᠤᠯ ᠤᠨ ᠠᠭᠤᠯᠭ᠎ᠠ︵ᠨᠢᠭᠡ︶ ᠳᠤᠮᠤ ᠬᠡᠯᠪᠡᠷᠢ ᠶᠢᠨ ᠮᠠᠲ᠋ᠧᠷᠢᠶᠠᠯ ᠢ ᠵᠤᠬᠢᠶᠠᠨ ᠪᠢᠴᠢᠬᠦ︔︵ᠬᠤᠶᠠᠷ︶ ᠠᠯᠪᠠᠨ ᠪᠢᠴᠢᠭ ᠢ ᠵᠤᠬᠢᠶᠠᠨ ᠪᠢᠴᠢᠬᠦ ᠬᠢᠭᠡᠳ ᠰᠢᠢᠳᠪᠦᠷᠢᠯᠡᠬᠦ︔︵ᠭᠤᠷᠪᠠ︶ ᠵᠠᠰᠠᠭ ᠤᠨ ᠶᠠᠪᠣᠳᠠᠯ ᠤᠨ ᠰᠣᠷᠠᠭ ᠴᠢᠮᠡᠭᠡ ᠶᠢ ᠵᠤᠬᠢᠶᠠᠨ ᠪᠢᠴᠢᠬᠦ ᠬᠢᠭᠡᠳ ᠮᠡᠳᠡᠭᠦᠯᠦᠨ ᠬᠦᠷᠭᠡᠬᠦ︔︵ᠲᠦᠷᠪᠡ︶ ᠵᠠᠰᠠᠭ ᠤᠨ ᠶᠠᠪᠣᠳᠠᠯ ᠤᠨ ᠰᠢᠮᠳᠠᠭᠤᠯᠤᠨ ᠪᠠᠶᠢᠴᠠᠭᠠᠯᠲᠠ ᠶᠢᠨ ᠦᠨᠳᠦᠰᠦᠨ ᠮᠡᠳᠡᠯᠭᠡ ᠬᠢᠭᠡᠳ ᠲᠦᠷᠢᠮᠵᠢᠯ︔︵ᠳᠠᠪᠤ  ︶  ᠨᠢᠭᠤᠴᠠ ᠶᠢ ᠬᠠᠮᠠᠭᠠᠯᠠᠬᠤ ᠠᠵᠢᠯ᠃     ᠭᠤᠷᠪᠠ᠂ ᠪᠤᠳᠠᠳᠠᠢ ᠶᠠᠪᠤᠳᠠᠯ ᠤᠳ︵ᠨᠢᠭᠡ︶ ᠪᠤᠯᠪᠠᠰᠣᠷᠠᠭᠤᠯᠤᠯ ᠤᠨ ᠴᠠᠭ ᠬᠤᠭᠤᠴᠠᠭ᠎ᠠ ᠪᠠ ᠭᠠᠵᠠᠷ ᠢ ᠳᠠᠬᠢᠨ ᠮᠡᠳᠡᠭᠳᠡᠨ᠎ᠡ᠃︵ᠬᠤᠶᠠᠷ︶ ᠡᠯ᠎ᠡ ᠭᠠᠵᠠᠷ᠂ ᠡᠯ᠎ᠡ ᠰᠠᠯᠠᠭ᠎ᠠ ᠮᠦᠴᠢᠷ ᠠᠴᠠ ᠱᠠᠭᠠᠷᠳᠠᠯᠭ᠎ᠠ ᠶᠤᠰᠣᠭᠠᠷ᠂ ᠪᠤᠯᠪᠠᠰᠤᠷᠠᠭᠤᠯᠤᠯ ᠳᠤ ᠣᠷᠣᠯᠴᠠᠬᠤ ᠠᠵᠢᠯᠳᠠᠨ ᠢᠶᠠᠨ ᠳᠤᠬᠢᠷᠠᠭᠤᠯᠵᠤ᠂ ᠴᠠᠭ ᠬᠤᠭᠤᠴᠠᠭ᠎ᠠ ᠶᠤᠰᠣᠭᠠᠷ ᠪᠣᠯᠪᠠᠰᠤᠷᠠᠭᠤᠯᠤᠯ ᠳᠤ ᠣᠷᠤᠯᠴᠠᠬᠤ ᠎ ᠶᠢ ᠪᠠᠳᠤᠯᠠᠬᠤ ᠬᠡᠷᠡᠭᠲᠡᠢ᠃︵ᠭᠤᠷᠪᠠ︶ ᠡᠯ᠎ᠡ ᠭᠠᠵᠠᠷ᠂ ᠡᠯ᠎ᠡ ᠰᠠᠯᠠᠭ᠎ᠠ ᠮᠦᠴᠢᠷ ᠠᠴᠠ 2 ᠳ᠋ᠤᠭᠠᠷ ᠰᠠᠷ᠎ᠠ ᠶᠢᠨ 22᠎ ᠤ ᠡᠳᠦᠷ ᠠᠴᠠ ᠡᠮᠦᠨ᠎ᠡ ᠪᠤᠯᠪᠠᠰᠤᠷᠠᠭᠤᠯᠤᠯ ᠳᠤ ᠣᠷᠣᠯᠴᠠᠬᠤ ᠠᠵᠢᠯᠳᠠᠨ ᠤ ᠨᠡᠷ᠎ᠡ ᠮᠡᠳᠡᠭᠦᠯᠬᠦ ᠬᠦᠰᠦᠨᠦᠭᠲᠦ ᠶᠢ ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠬᠤᠰᠢᠭᠤᠨ ᠤ  ᠵᠠᠰᠠᠭ ᠤᠨ ᠣᠷᠳᠣᠨ ᠤ ᠠᠯᠪᠠᠨ ᠭᠡᠷ ᠤᠨ 216 ᠳᠠᠰᠤᠭ ᠲᠤ ᠮᠡᠳᠡᠭᠦᠯᠦᠨ ᠬᠦᠷᠭᠡᠵᠤ᠂ ᠪᠤᠯᠪᠠᠰᠤᠷᠠᠭᠤᠯᠤᠯ ᠳᠤ ᠣᠷᠣᠯᠴᠠᠬᠤ ᠠᠵᠢᠯᠳᠠᠨ ᠤ ᠨᠡᠷ᠎ᠡ ᠮᠡᠳᠡᠭᠦᠯᠬᠦ ᠬᠦᠰᠦᠨᠦᠭᠲᠦ ᠶᠢᠨ ᠡᠯᠧᠺᠲᠷᠦᠨ ᠬᠡᠪᠯᠡᠯ ᠢᠶᠠᠨ ᠵᠠᠰᠠᠭ ᠤᠨ ᠣᠷᠳᠤᠨ ᠤ ᠠᠯᠪᠠᠨ ᠭᠡᠷ ᠤᠨ ᠰᠢᠤᠳᠠᠨ ᠬᠠᠶᠠᠭ᠄ kyzqzfb@126.com᠎ ᠳᠤ ᠢᠯᠡᠭᠡᠨ᠎ᠡ᠃ ᠬᠠᠷᠢᠯᠴᠠᠬᠤ ᠬᠦᠮᠦᠨ᠄ ᠬᠤᠸᠠ ᠬᠦᠢ ᠹᠧᠨ᠂ ᠬᠠᠷᠢᠯᠴᠠᠬᠤ ᠣᠳᠠᠰᠣ᠄ 4122894᠃                                                2012 ᠤᠨ ᠤ 2 ᠰᠠᠷ᠎ᠠ ᠶᠢᠨ 20᠎ ᠤ ᠡᠳᠦᠷ
 
ᠢᠷᠡᠯᠲᠡ᠄ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号