ᠬᠤᠷᠴᠢᠨ ᠪᠠᠷᠠᠭᠤᠨ ᠭᠠᠷᠣᠨ ᠳᠣᠮᠳᠠᠳᠤ ᠬᠤᠰᠢᠭᠤᠨ ᠤ 2012 — 2013 ᠣᠨ ᠤ ᠵᠠᠰᠠᠭ ᠤᠨ ᠣᠷᠳᠤᠨ ᠤᠲᠦᠪᠯᠡᠷᠡᠬᠦᠯᠦᠨ ᠬᠤᠳᠠᠯᠳᠤᠨ ᠠᠪᠬᠤ ᠭᠠᠷᠴᠠᠭ᠂ ᠬᠢᠵᠠᠭᠠᠷᠯᠠᠭᠰᠠᠨ ᠳᠤᠭᠠᠨ ᠤ ᠪᠠᠷᠢᠮᠵᠢᠶ᠎ᠠ ᠪᠠ ᠢᠯᠡ ᠎ ᠪᠠᠷᠳᠠᠭᠠᠭᠠᠯᠲᠠ ᠬᠢᠬᠦ ᠳᠣᠭᠠᠨ ᠤ ᠪᠠᠷᠢᠮᠵᠢᠶ᠎ᠠ ᠶᠢ ᠳᠠᠷᠤᠮᠠᠯᠯᠠᠨ ᠳᠠᠷᠬᠠᠭᠠᠬᠤ ᠳᠣᠬᠠᠢ ᠬᠤᠷᠴᠢᠨ ᠪᠠᠷᠠᠭᠤᠨ ᠭᠠᠷᠤᠨᠳᠤᠮᠳᠠᠳᠣ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
ᠨᠡᠶᠢᠲᠡᠯᠡᠭᠰᠡᠨ ᠴᠠᠭ᠄
2017/6/27
ᠡᠯ᠎ᠡ ᠰᠣᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠲᠤ᠄     ᠬᠤᠰᠢᠭᠤᠨ ᠳᠡᠰ ᠤᠨ ᠣᠯᠤᠰ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ᠂ ᠠᠷᠠᠳ ᠤᠨ ᠪᠦᠯᠬᠦᠮ ᠵᠡᠷᠭᠡ ᠰᠠᠯᠠᠭ᠎ᠠ ᠮᠦᠴᠢᠷ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠤᠨ ᠬᠠᠮᠢᠶᠠᠷᠣᠯᠳᠠ ᠶᠢ ᠴᠢᠩᠭᠠᠳᠬᠠᠬᠤ ᠶᠢᠨ ᠳᠣᠰᠠᠳᠠ᠂ ︽ᠪᠦᠬᠦᠳᠡ ᠨᠠᠶᠢᠷᠠᠮᠳᠠᠬᠤ ᠳᠤᠮᠳᠠᠳᠣ ᠠᠷᠠᠳ ᠣᠯᠣᠰ ᠤᠨ ᠬᠤᠳᠠᠯᠳᠣᠨ ᠠᠪᠬᠤ ᠠᠷᠭ᠎ᠠ︾ ᠪᠠ ᠡᠳ᠋ ᠤᠨ ᠵᠠᠰᠠᠭ ᠤᠨ ᠶᠠᠮᠤᠨ ᠵᠢᠴᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠯᠪᠤᠭᠳᠠᠯ ᠪᠦᠬᠦᠢ ᠳᠣᠭᠳᠠᠭᠠᠯ ᠢ ᠦᠨᠳᠦᠰᠦᠯᠡᠵᠤ᠂ ︽ᠬᠤᠷᠴᠢᠨ ᠪᠠᠷᠠᠭᠤᠨ ᠭᠠᠷᠣᠨ ᠳᠣᠮᠳᠠᠳᠤ ᠬᠤᠰᠢᠭᠤᠨ ᠤ 2012 — 2013 ᠣᠨ ᠤ ᠵᠠᠰᠠᠭ ᠤᠨ ᠣᠷᠳᠤᠨ ᠤ ᠲᠦᠪᠯᠡᠷᠡᠬᠦᠯᠦᠨ ᠬᠤᠳᠠᠯᠳᠤᠨ ᠠᠪᠬᠤ ᠭᠠᠷᠴᠠᠭ᠂ ᠬᠢᠵᠠᠭᠠᠷᠯᠠᠭᠰᠠᠨ ᠳᠤᠭᠠᠨ ᠤ ᠪᠠᠷᠢᠮᠵᠢᠶ᠎ᠠ ᠪᠠ ᠢᠯᠡ ᠪᠠᠷ ᠳᠠᠭᠠᠭᠠᠯᠲᠠ ᠬᠢᠬᠦ ᠳᠣᠭᠠᠨ ᠤ ᠪᠠᠷᠢᠮᠵᠢᠶ᠎ᠠ︾᠎ ᠶᠢ ᠳᠣᠭᠳᠠᠭᠠᠵᠠᠢ᠃ ᠡᠳᠦᠭᠡ ᠬᠤᠯᠪᠤᠭᠳᠠᠯ ᠪᠦᠬᠦᠢ ᠶᠠᠪᠤᠳᠠᠯ ᠢ ᠳᠣᠣᠷ᠎ᠠ ᠮᠡᠳᠡᠭᠳᠡᠶ᠎ᠡ  ᠄     ᠨᠢᠬᠡ᠂ ᠬᠤᠰᠢᠭᠤᠨ ᠳᠡᠰ ᠤᠨ ᠣᠯᠤᠰ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ᠂ ᠠᠷᠠᠳ ᠤᠨ ᠪᠦᠯᠬᠦᠮ ᠤᠨ ᠬᠡᠷᠡᠭᠯᠡᠬᠦ ᠡᠳ᠋ ᠤᠨ ᠵᠠᠰᠠᠭ ᠤᠨ ᠲᠦᠰᠦᠪ ᠤᠨ ᠳᠣᠳᠣᠷᠠᠬᠢ ᠪᠡᠯᠡ ᠮᠦᠩᠬᠦ᠂ ᠲᠦᠰᠦᠪ ᠤᠨ ᠭᠠᠳᠠᠨᠠᠬᠢ ᠪᠡᠯᠡ ᠮᠦᠩᠬᠦ᠂ ᠦᠪᠡᠰᠦᠪᠡᠨ ᠴᠣᠭᠯᠠᠭᠤᠯᠤᠭᠰᠠᠨ ᠪᠡᠯᠡ ᠮᠦᠩᠬᠦ ᠪᠠ ᠳᠡᠭᠡᠳᠦ ᠱᠠᠳᠤᠨ ᠠᠴᠠ ᠪᠠᠭᠤᠯᠭᠠᠭᠰᠠᠨ ᠡᠯ᠎ᠡ ᠲᠦᠷᠦᠯ ᠤᠨ ᠳᠣᠰᠬᠠᠢ ᠵᠦᠢᠯ ᠤᠨ ᠪᠡᠯᠡ ᠮᠦᠩᠬᠦ ᠪᠤᠶᠤ ᠬᠡᠷᠡᠭᠯᠡᠭᠰᠡᠨ ᠡᠳ᠋ ᠤᠨ ᠵᠠᠰᠠᠭ ᠤᠨ ᠴᠢᠨᠠᠷᠳᠠᠢ ᠪᠡᠯᠡ ᠮᠦᠩᠬᠦ ᠎ ᠶᠢᠨ ᠲᠦᠯᠦᠪᠦᠷᠢ᠂ ᠳᠠᠭᠠᠭᠠᠯᠲᠠ ᠬᠢᠭᠰᠡᠨ ᠡᠯ᠎ᠡ ᠲᠦᠷᠦᠯ ᠤᠨ ᠵᠢᠭᠡᠯᠡᠭᠰᠡᠨ ᠵᠤᠭᠤᠰ᠂ ᠵᠢᠭᠡᠯᠡᠯᠭᠡ ᠵᠡᠷᠭᠡ ᠬᠠᠤᠯᠢ ᠶᠣᠰᠣᠭᠠᠷ ᠬᠤᠳᠠᠯᠳᠤᠨ ᠠᠪᠬᠤ  ᠎ ᠪᠠᠷ ᠳᠣᠭᠳᠠᠭᠠᠭᠰᠠᠨ ᠲᠦᠪᠯᠡᠷᠡᠬᠦᠯᠦᠨ ᠬᠤᠳᠠᠯᠳᠤᠨ ᠠᠪᠬᠤ ᠶᠢ ᠭᠠᠷᠴᠠᠭ ᠤᠨ ᠳᠣᠳᠣᠷᠠᠬᠢ ᠪᠤᠶᠤ ᠬᠤᠳᠠᠯᠳᠤᠨ ᠠᠪᠬᠤ ᠬᠢᠵᠠᠭᠠᠷᠯᠠᠭᠰᠠᠨ ᠳᠤᠭᠠᠨ ᠤ ᠪᠠᠷᠢᠮᠵᠢᠶ᠎ᠡ ᠠᠴᠠ ᠳᠡᠭᠡᠭᠰᠢᠬᠢ ᠪᠠᠷᠠᠭᠠᠨ ᠤ ᠢᠨᠵᠧᠨᠧᠷᠢᠩ ᠪᠠ ᠦᠢᠯᠡᠴᠢᠯᠡᠭᠡᠨ ᠤ ᠠᠵᠢᠯᠯᠠᠭᠠᠨ ᠳᠤ ᠡᠷᠭᠡᠪᠰᠢ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠬᠡᠷᠡᠭᠵᠢᠬᠦᠯᠦᠨ᠎ᠡ᠃     ᠬᠤᠶᠠᠷ᠂ ᠵᠠᠰᠠᠭ ᠤᠨ ᠣᠷᠳᠣᠨ ᠤ ᠬᠤᠳᠠᠯᠳᠤᠨ ᠠᠪᠬᠤ ᠳᠤ ᠲᠦᠪᠯᠡᠷᠡᠬᠦᠯᠦᠨ ᠬᠤᠳᠠᠯᠳᠤᠨ ᠠᠪᠬᠤ ᠪᠠ ᠳᠠᠷᠬᠠᠢ ᠪᠣᠳᠠᠷᠬᠠᠢ ᠬᠤᠳᠠᠯᠳᠤᠨ ᠠᠪᠬᠤ ᠶᠢ ᠬᠡᠷᠡᠭᠵᠢᠬᠦᠯᠬᠦ ᠶᠢ ᠤᠶᠠᠯᠳᠤᠭᠤᠯᠤᠨ᠎ᠠ᠃ ᠡᠬᠦᠨ ᠳᠤ᠂ ᠲᠦᠪᠯᠡᠷᠡᠬᠦᠯᠦᠨ ᠬᠤᠳᠠᠯᠳᠤᠨ ᠠᠪᠬᠤ ᠭᠠᠷᠴᠠᠭ ᠲᠤ ᠤᠷᠤᠭᠤᠯᠤᠭᠰᠠᠨ ᠵᠢᠴᠢ ᠬᠢᠵᠠᠭᠠᠷᠯᠠᠭᠰᠠᠨ ᠬᠡᠮᠵᠢᠶ᠎ᠡ ᠠᠴᠠ ᠳᠡᠭᠡᠭᠰᠢᠬᠢ ᠶᠢ ᠡᠷᠭᠡᠪᠰᠢ ᠲᠦᠪᠯᠡᠷᠡᠬᠦᠯᠦᠨ ᠬᠤᠳᠠᠯᠳᠤᠨ ᠠᠪᠬᠤ ᠶᠢ ᠬᠡᠷᠡᠭᠵᠢᠬᠦᠯᠦᠨ᠎ᠡ᠃ ᠲᠦᠪᠯᠡᠷᠡᠬᠦᠯᠦᠨ ᠬᠤᠳᠠᠯᠳᠤᠨ ᠠᠪᠬᠤ ᠭᠠᠷᠴᠠᠭ ᠠᠴᠠ ᠭᠠᠳᠠᠨᠠᠬᠢ ᠠᠷᠰᠠᠷ ᠬᠤᠳᠠᠯᠳᠤᠨ ᠠᠪᠬᠤ ᠳᠤ ᠳᠠᠷᠬᠠᠢ ᠬᠤᠳᠠᠯᠳᠤᠨ ᠠᠪᠬᠤ ᠶᠢ ᠬᠡᠷᠡᠭᠵᠢᠬᠦᠯᠦᠨ᠎ᠡ᠃     ᠭᠤᠷᠪᠠ᠂ ᠲᠦᠪᠯᠡᠷᠡᠬᠦᠯᠦᠨ ᠬᠤᠳᠠᠯᠳᠤᠨ ᠠᠪᠬᠤ ᠭᠠᠷᠴᠠᠭ ᠲᠤ ᠣᠷᠣᠭᠤᠯᠣᠭᠰᠠᠨ ᠵᠢᠴᠢ ᠬᠢᠵᠠᠭᠠᠷᠯᠠᠭᠰᠠᠨ ᠬᠡᠮᠵᠢᠶ᠎ᠡ ᠠᠴᠠ ᠳᠡᠭᠡᠭᠰᠢᠬᠢ ᠨᠢᠭᠡᠲᠦᠯᠲᠡᠢ ᠬᠡᠷᠡᠭᠯᠡᠬᠦ ᠲᠦᠷᠦᠯ ᠵᠦᠢᠯ ᠳᠤ ᠡᠷᠬᠡᠪᠰᠢ ᠬᠤᠰᠢᠭᠤᠨ ᠤ ᠬᠤᠳᠠᠯᠳᠤᠨ ᠠᠪᠬᠤ ᠲᠦᠪ ᠲᠤ ᠨᠠᠶᠢᠳᠠᠵᠤ ᠣᠷᠣᠯᠠᠨ ᠬᠤᠳᠠᠯᠳᠤᠨ ᠠᠪᠬᠤ ᠪᠤᠶᠤ ᠳᠠᠭᠠᠭᠠᠯᠳᠠ ᠤᠯᠤᠭᠰᠠᠨ ᠳᠤᠭᠳᠠᠭᠰᠠᠨ ᠴᠡᠭ ᠎ ᠲᠤ ᠬᠦᠷᠴᠦ ᠬᠤᠳᠠᠯᠳᠤᠨ ᠠᠪᠴᠦ᠂ ᠰᠠᠯᠠᠭ᠎ᠠ ᠮᠦᠴᠢᠷ ᠪᠠ ᠰᠢᠰᠲ᠋ᠧᠮ ᠤᠨ ᠤᠨᠴᠠᠭᠠᠢ ᠱᠠᠭᠠᠷᠳᠠᠯᠭ᠎ᠠ ᠲᠠᠢ ᠳᠣᠰᠬᠠᠢ ᠬᠡᠷᠡᠭᠯᠡᠬᠦ ᠲᠦᠷᠦᠯ ᠵᠦᠢᠯ ᠳᠤ ᠬᠤᠰᠢᠭᠤᠨ ᠤ ᠡᠳ᠋ ᠤᠨ ᠵᠠᠰᠠᠭ ᠤᠨ ᠳᠣᠪᠴᠢᠶ᠎ᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠮᠢᠶᠠᠷᠤᠯᠳᠠ ᠶᠢᠨ ᠠᠯᠪᠠᠨ ᠭᠡᠷ ᠤᠨ ᠵᠦᠪᠰᠢᠶᠡᠷᠡᠯ ᠢ ᠤᠯᠭᠤᠭᠰᠠᠨ ᠤ ᠳᠠᠷᠠᠭ᠎ᠠ ᠭᠤᠤᠯ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠬᠠᠷᠢᠭᠤᠴᠠᠨ ᠦᠪᠡᠰᠦᠪᠡᠨ ᠲᠦᠪᠯᠡᠷᠡᠬᠦᠯᠦᠨ ᠬᠤᠳᠠᠯᠳᠤᠨ ᠠᠪᠬᠤ ᠶᠢ ᠬᠡᠷᠡᠭᠵᠢᠬᠦᠯᠦᠨ᠎ᠡ᠃     ᠳᠦᠷᠪᠡ᠂ ᠬᠤᠳᠠᠯᠳᠤᠨ ᠠᠪᠬᠤ ᠭᠠᠷᠴᠠᠭ ᠵᠢᠴᠢ ᠬᠢᠵᠠᠭᠠᠷᠯᠠᠭᠰᠠᠨ ᠳᠤᠭᠠᠨ ᠤ ᠪᠠᠷᠢᠮᠵᠢᠶ᠎ᠠ ᠶᠢ ᠢᠯᠡ ᠪᠤᠯᠭᠠᠭᠰᠠᠨ ᠤ ᠳᠠᠷᠠᠭ᠎ᠠ᠂ ᠣᠨᠴᠠᠭᠠᠢ ᠪᠠᠶᠢᠳᠠᠯ ᠪᠠᠶᠢᠵᠤ ᠵᠠᠰᠠᠪᠦᠷᠢ ᠤᠷᠤᠭᠤᠯᠬᠤ᠂ ᠨᠦᠬᠦᠪᠦᠷᠢᠯᠡᠬᠦ ᠴᠢᠬᠤᠯᠠ ᠲᠠᠢ ᠪᠤᠯ ᠠᠷᠠᠳ ᠤᠨ ᠵᠠᠰᠠᠭ ᠤᠨ ᠣᠷᠳᠣᠨ ᠠᠴᠠ ᠦᠭᠡᠷ᠎ᠡ ᠮᠡᠳᠡᠭᠳᠡᠯ ᠳᠠᠷᠬᠠᠭᠠᠵᠤ ᠨᠡᠶᠢᠳᠡᠯᠡᠨ᠎ᠡ᠃     ᠳᠠᠪᠤ᠂ ︽ᠵᠠᠰᠠᠭ ᠤᠨ ᠣᠷᠳᠣᠨ ᠤ ᠬᠤᠳᠠᠯᠳᠤᠨ ᠠᠪᠬᠤ ᠠᠷᠭ᠎ᠠ︾᠎ ᠶᠢᠨ ᠳᠣᠭᠳᠠᠭᠠᠯ ᠢ ᠦᠨᠳᠦᠰᠦᠯᠡᠵᠤ᠂ ᠡᠯ᠎ᠡ ᠨᠢᠭᠡᠴᠡ ᠠᠴᠠ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭᠠᠨ ᠢ ᠡᠳ᠋ ᠤᠨ ᠵᠠᠰᠠᠭ᠂ ᠬᠢᠨᠠᠨ ᠪᠠᠶᠢᠴᠠᠭᠠᠬᠤ᠂ ᠬᠢᠨᠠᠨ ᠪᠤᠳᠤᠯᠳᠠ ᠵᠡᠷᠭᠡ ᠰᠠᠯᠠᠭ᠎ᠠ ᠮᠦᠴᠢᠷ ᠤᠨ ᠬᠢᠨᠠᠯᠲᠠ ᠲᠠᠯᠪᠢᠯᠲᠠ ᠶᠢ ᠬᠦᠯᠢᠶᠡᠨ᠎ᠡ᠃ ᠬᠤᠰᠢᠭᠤᠨ ᠎ ᠤ ᠡᠳ᠋ ᠤᠨ ᠵᠠᠰᠠᠭ ᠤᠨ ᠳᠤᠪᠴᠢᠶ᠎ᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠮᠢᠶᠠᠷᠤᠯᠲᠠ ᠶᠢᠨ ᠠᠯᠪᠠᠨ ᠭᠡᠷ ᠠᠴᠠ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠢᠯᠡᠴᠢᠯᠡᠨ ᠮᠡᠳᠡᠬᠦᠯᠬᠦ ᠪᠠ ᠵᠠᠭᠠᠯᠳᠤᠯᠭ᠎ᠠ ᠶᠢ ᠬᠦᠯᠢᠶᠡᠨ᠎ᠡ᠃ ᠬᠠᠷᠢᠯᠴᠠᠬᠤ ᠤᠳᠠᠰᠤ᠄ 4126521᠃     ᠵᠢᠷᠭᠤᠭ᠎ᠠ᠂ ︽ᠬᠤᠷᠴᠢᠨ ᠪᠠᠷᠠᠭᠤᠨ ᠭᠠᠷᠣᠨ ᠳᠣᠮᠳᠠᠳᠤ ᠬᠤᠰᠢᠭᠤᠨ ᠤ 2012 — 2013 ᠣᠨ ᠤ ᠵᠠᠰᠠᠭ ᠤᠨ ᠣᠷᠳᠤᠨ ᠤ ᠲᠦᠪᠯᠡᠷᠡᠬᠦᠯᠦᠨ ᠬᠤᠳᠠᠯᠳᠤᠨ ᠠᠪᠬᠤ ᠭᠠᠷᠴᠠᠭ᠂ ᠬᠢᠵᠠᠭᠠᠷᠯᠠᠭᠰᠠᠨ ᠳᠤᠭᠠᠨ ᠤ ᠪᠠᠷᠢᠮᠵᠢᠶ᠎ᠠ ᠪᠠ ᠢᠯᠡ ᠪᠠᠷ ᠳᠠᠭᠠᠭᠠᠯᠲᠠ ᠬᠢᠬᠦ ᠳᠣᠭᠠᠨ ᠤ ᠪᠠᠷᠢᠮᠵᠢᠶ᠎ᠠ︾᠎ ᠶᠢ ᠳᠠᠷᠣᠮᠠᠯᠯᠠᠨ ᠳᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠬᠦᠯᠦᠨ᠎ᠡ᠃                                     2012 ᠤᠨ ᠤ 3 ᠳ᠋ᠣᠭᠠᠷ ᠰᠠᠷ᠎ᠠ ᠶᠢᠨ 12᠎ ᠤ ᠡᠳᠦᠷ
 
ᠢᠷᠡᠯᠲᠡ᠄ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号