ᠪᠦᠬᠦ ᠬᠤᠰᠢᠭᠤᠨ ᠤ ᠳᠤᠭᠳᠠᠭᠠᠯ ᠠᠴᠠ ᠵᠦᠷᠢᠴᠡᠭᠰᠡᠨ ᠪᠤᠯᠠᠰᠢ ᠠᠷᠢᠯᠭᠠᠬᠤ ᠶᠢ ᠠᠵᠢᠯ ᠳᠤ ᠰᠢᠮᠳᠠᠭᠤᠯᠤᠨ ᠪᠠᠶᠢᠴᠠᠭᠠᠯᠲᠠ ᠬᠢᠭᠰᠡᠨ ᠪᠠᠶᠢᠳᠠᠯ ᠤᠨ ᠳᠣᠬᠠᠢ ᠬᠤᠷᠴᠢᠨ ᠪᠠᠷᠠᠭᠤᠨ ᠭᠠᠷᠣᠨ ᠳᠣᠮᠳᠠᠳᠣ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ
ᠨᠡᠶᠢᠲᠡᠯᠡᠭᠰᠡᠨ ᠴᠠᠭ᠄
2017/6/27
ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ  ᠄    2 ᠳ᠋ᠣᠭᠠᠷ ᠰᠠᠷ᠎ᠠ ᠶᠢᠨ 27᠎ ᠤ ᠡᠳᠦᠷ ᠠᠴᠠ 3 ᠳ᠋ᠤᠭᠠᠷ ᠰᠠᠷ᠎ᠠ ᠶᠢᠨ 3᠎ ᠤ ᠡᠳᠦᠷ ᠪᠤᠯᠳᠠᠯ᠎ᠠ᠂ ᠬᠤᠰᠢᠭᠤᠨ ᠤ ᠳᠣᠭᠳᠠᠭᠠᠯ ᠠᠴᠠ ᠵᠦᠷᠢᠴᠡᠭᠰᠡᠨ ᠪᠤᠯᠠᠰᠢ ᠶᠢ ᠠᠷᠢᠯᠭᠠᠬᠤ ᠠᠵᠢᠯ ᠤᠨ ᠣᠳᠣᠷᠢᠳᠬᠤ ᠳᠤᠭᠤᠶᠢᠯᠠᠩ ᠤᠨ ᠠᠯᠪᠠᠨ ᠭᠡᠷ ᠎ ᠠᠴᠠ ᠡᠯ᠎ᠡ ᠰᠣᠮᠤ ᠪᠠᠯᠭᠠᠰᠣ ᠶᠢᠨ ᠳᠣᠭᠳᠠᠭᠠᠯ ᠠᠴᠠ ᠵᠦᠷᠢᠴᠡᠭᠰᠡᠨ ᠪᠤᠯᠠᠰᠢ ᠶᠢ ᠠᠷᠢᠯᠭᠠᠬᠤ ᠠᠵᠢᠯ ᠤᠨ ᠠᠬᠢᠴᠠ ᠳᠤ ᠰᠢᠮᠳᠠᠭᠤᠯᠣᠨ ᠪᠠᠶᠢᠴᠠᠭᠠᠯᠲᠠ ᠬᠢᠵᠡᠢ᠃ ᠡᠳᠦᠭᠡ ᠰᠢᠮᠳᠠᠭᠤᠯᠤᠨ ᠪᠠᠶᠢᠴᠠᠭᠠᠯᠲᠠ ᠬᠢᠭᠰᠡᠨ ᠪᠠᠶᠢᠳᠠᠯ ᠢ ᠳᠣᠣᠷ᠎ᠠ ᠨᠡᠶᠢᠳᠡᠯᠡᠶ᠎ᠡ᠄   ᠨᠢᠬᠡ᠂ ᠠᠵᠢᠯ ᠢ ᠦᠷᠨᠢᠬᠦᠯᠵᠤ ᠪᠠᠶᠢᠭ᠎ᠠ ᠪᠠᠶᠢᠳᠠᠯ    ᠪᠦᠬᠦ ᠬᠤᠰᠢᠭᠤᠨ ᠤ ᠳᠤᠭᠳᠠᠭᠠᠯ ᠠᠴᠠ ᠵᠦᠷᠢᠴᠡᠭᠰᠡᠨ ᠪᠤᠯᠠᠰᠢ ᠶᠢ ᠠᠷᠢᠯᠠᠭᠠᠬᠤ ᠠᠵᠢᠯ ᠤᠨ ᠬᠤᠷᠠᠯ ᠢ ᠬᠤᠷᠠᠯᠳᠤᠭᠰᠠᠨ ᠤ ᠳᠠᠷᠠᠭ᠎ᠠ᠂ ᠡᠯ᠎ᠡ ᠰᠣᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠳᠤᠭᠳᠠᠭᠠᠯ ᠎ ᠠᠴᠠ ᠵᠦᠷᠢᠴᠡᠭᠰᠡᠨ ᠪᠤᠯᠠᠰᠢ ᠶᠢ ᠠᠷᠢᠯᠭᠠᠬᠤ ᠠᠵᠢᠯ ᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠵᠠᠢ᠃ ᠰᠢᠮᠳᠠᠭᠤᠯᠤᠨ ᠪᠠᠶᠢᠴᠠᠭᠠᠯᠲᠠ ᠠᠴᠠ ᠦᠵᠡᠪᠡᠯ᠂ ᠡᠯ᠎ᠡ ᠰᠤᠮᠤ ᠪᠠᠯᠭᠠᠰᠤ ᠪᠦᠷ ᠤᠳᠤᠷᠢᠳᠬᠤ ᠳᠤᠭᠤᠶᠢᠯᠠᠩ ᠢ ᠪᠠᠶᠢᠭᠤᠯᠤᠨ᠂ ᠭᠡᠷᠡᠭᠵᠢᠬᠦᠯᠬᠦ ᠲᠦᠰᠦᠯ ᠢ ᠳᠣᠭᠳᠠᠭᠠᠵᠤ᠂ ᠲᠠᠶᠢᠴᠢᠯᠠᠨ ᠪᠠᠶᠢᠷᠢᠯᠠᠭᠤᠯᠬᠤ ᠬᠤᠷᠠᠯ ᠢ ᠬᠤᠷᠠᠯᠳᠤᠵᠤ᠂ ᠳᠤᠭᠳᠠᠭᠠᠯ ᠎ ᠠᠴᠠ ᠵᠦᠷᠢᠴᠡᠭᠰᠡᠨ ᠪᠤᠯᠠᠰᠢ ᠶᠢ ᠠᠷᠢᠯᠭᠠᠬᠤ ᠠᠵᠢᠯ ᠳᠤ ᠳᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠤ᠂ ᠵᠠᠷᠢᠮ ᠰᠣᠮᠤ ᠪᠠᠯᠭᠠᠰᠤ ᠠᠴᠠ ᠤᠬᠠᠭᠤᠯᠭ᠎ᠠ ᠶᠢᠨ ᠬᠠᠭᠤᠳᠠᠰᠣ ᠶᠢ ᠳᠠᠷᠬᠠᠭᠠᠬᠤ᠂ ᠷᠠᠳᠢᠣ᠋ ᠨᠡᠪᠲᠡᠷᠡᠬᠦᠯᠬᠡ ᠵᠡᠷᠭᠡ ᠬᠡᠯᠪᠡᠷᠢ ᠪᠠᠷ ᠳᠠᠮᠵᠢᠨ᠂ ᠦᠷᠭᠡᠨ ᠢᠶᠠᠷ ᠤᠬᠠᠭᠤᠯᠵᠤ᠂ ᠣᠯᠠᠨ ᠲᠦᠮᠡᠨ ᠳᠤ ᠮᠡᠳᠡᠭᠳᠡᠬᠦ ᠶᠢ ᠰᠠᠶᠢᠳᠤᠷ ᠬᠢᠵᠡᠢ᠃ ᠭᠤᠤᠯ ᠤᠨ ᠪᠠᠶᠢᠰᠢᠩ ᠪᠠᠯᠭᠠᠰᠤ᠂ ᠰᠢᠨᠡᠵᠠᠮ ᠰᠤᠮᠤ ᠨᠢᠭᠡᠨᠲᠡ ᠪᠠᠷᠢᠮᠵᠢᠶ᠎ᠠ ᠠᠴᠠ ᠬᠡᠳᠦᠷᠡᠭᠰᠡᠨ ᠭᠤᠶᠤᠮᠰᠠᠭ ᠪᠤᠯᠠᠰᠢ᠂ ᠰᠢᠷᠳᠡᠨ ᠦᠩᠭᠡ ᠣᠷᠣᠭᠤᠯᠣᠭᠰᠠᠨ ᠪᠤᠯᠠᠰᠢ ᠪᠠ ︽ᠭᠤᠷᠪᠠᠨ ᠬᠦᠪᠡᠭᠡ ᠵᠢᠷᠭᠤᠭᠠᠨ ᠤᠷᠤᠨ︾᠎ ᠤ ᠳᠤᠳᠤᠭᠠᠳᠤᠬᠢ ᠳᠣᠷ᠎ᠠ ᠪᠠᠷ ᠣᠷᠣᠰᠢᠭᠤᠯᠤᠭᠰᠠᠨ ᠪᠤᠯᠠᠰᠢ ᠶᠢᠨ ᠨᠠᠷᠢᠨ ᠪᠠᠶᠢᠳᠠᠯ ᠢ ᠪᠠᠶᠢᠴᠠᠭᠠᠬᠤ ᠠᠵᠢᠯ ᠢ ᠳᠠᠭᠤᠰᠬᠠᠵᠤ᠂ ᠪᠤᠰᠤᠳ ᠰᠣᠮᠤ ᠪᠠᠯᠭᠠᠰᠤ ᠶᠢᠨ ᠳᠠᠶᠢᠴᠢᠯᠠᠨ ᠪᠠᠶᠢᠷᠢᠯᠠᠭᠤᠯᠬᠤ ᠱᠠᠳᠣ ᠪᠠ ᠨᠠᠷᠢᠨ ᠪᠠᠶᠢᠳᠠᠯ ᠢ ᠪᠠᠶᠢᠴᠠᠭᠠᠬᠤ ᠱᠠᠳᠣᠨ ᠤ ᠠᠵᠢᠯ ᠳᠤ ᠪᠠᠰᠠ ᠨᠢᠬᠡᠨ ᠬᠡᠮᠵᠢᠶᠡᠨ ᠤ ᠦᠷ᠎ᠡ ᠪᠦᠲᠦᠮᠵᠢ ᠣᠯᠵᠤ᠂ ᠨᠠᠷᠢᠨ ᠪᠠᠶᠢᠳᠠᠯ ᠢ ᠪᠠᠶᠢᠴᠠᠭᠠᠬᠤ ᠠᠵᠢᠯ ᠰᠡᠬᠦᠯ ᠬᠤᠷᠢᠶᠠᠬᠤ ᠱᠠᠳᠣᠨ ᠳᠤ ᠣᠷᠣᠵᠠᠢ᠃   ᠬᠤᠶᠠᠷ᠂ ᠣᠷᠣᠰᠢᠵᠤ ᠪᠠᠶᠢᠭ᠎ᠠ ᠠᠰᠠᠭᠤᠳᠠᠯ    ︵ᠨᠢᠬᠡ︶ ᠵᠠᠷᠢᠮ ᠰᠣᠮᠤ ᠪᠠᠯᠭᠠᠰᠤ ᠠᠴᠠ ᠳᠤᠭᠳᠠᠭᠠᠯ ᠠᠴᠠ ᠵᠦᠷᠢᠴᠡᠭᠰᠡᠨ ᠪᠤᠯᠠᠰᠢ ᠶᠢ ᠠᠷᠢᠯᠭᠠᠬᠤ ᠠᠵᠢᠯ ᠢ ᠴᠢᠬᠤᠯᠠᠴᠢᠯᠠᠵᠤ ᠪᠠᠶᠢᠭ᠎ᠠ ᠬᠡᠮᠵᠢᠶ᠎ᠡ ᠬᠦᠢᠴᠡᠳ ᠦᠬᠡᠢ ᠪᠠᠶᠢᠵᠤ᠂ ᠲᠦᠰᠦᠯ ᠤᠨ  ᠳᠤᠭᠳᠠᠭᠠᠭᠰᠠᠨ ᠬᠤᠭᠤᠴᠠᠭ᠎ᠠ ᠶᠤᠰᠤᠭᠠᠷ᠂ ᠨᠠᠷᠢᠨ ᠪᠠᠶᠢᠳᠠᠯ ᠢ ᠪᠠᠶᠢᠴᠠᠭᠠᠬᠤ ᠠᠵᠢᠯ ᠪᠡᠶᠡᠯᠡᠬᠦᠯᠵᠤ ᠳᠡᠶᠢᠯᠦᠭᠡ ᠦᠬᠡᠢ ᠪᠠᠶᠢᠵᠤ᠂ ᠬᠠᠨᠳᠤᠯᠭᠠᠳᠣ ᠴᠢᠨᠠᠷ ᠲᠠᠢ ᠠᠷᠢᠯᠭᠠᠵᠤ ᠵᠠᠰᠠᠨ ᠴᠡᠭᠴᠡᠯᠡᠬᠦ ᠠᠷᠭ᠎ᠠ ᠠᠪᠴᠠᠯ ᠳᠣᠳᠠᠮᠠᠭ ᠪᠠᠶᠢᠳᠠᠯ ᠣᠷᠣᠰᠢᠵᠤ ᠪᠠᠶᠢᠨ᠎ᠠ᠃    ︵ᠬᠤᠶᠠᠷ︶ ᠤᠬᠠᠭᠤᠯᠭ᠎ᠠ ᠶᠢᠨ ᠠᠵᠢᠯᠯᠠᠭ᠎ᠠ ᠶᠢ ᠰᠠᠶᠢᠳᠤᠷ ᠬᠢᠭᠰᠡᠨ‌ᠦᠬᠡᠢ ᠪᠠᠶᠢᠵᠤ᠂ ᠬᠡᠰᠡᠭ ᠪᠦᠯᠦᠭ ᠺᠠᠳ᠋ᠷ ᠎ ᠠᠴᠠ ᠳᠣᠭᠳᠠᠭᠠᠯ ᠠᠴᠠ ᠵᠦᠷᠢᠴᠡᠭᠰᠡᠨ ᠪᠤᠯᠠᠰᠢ ᠶᠢ ᠠᠷᠢᠯᠭᠠᠬᠤ ᠠᠵᠢᠯ ᠢ ᠵᠦᠪ ᠤᠨᠤᠪᠴᠢᠲᠠᠢ ᠤᠶᠢᠯᠠᠭᠠᠯᠲᠠ ᠪᠠ ᠤᠬᠠᠮᠰᠠᠷ ᠪᠠᠶᠢᠭ᠎ᠠ ᠦᠬᠡᠢ᠂ ᠠᠵᠢᠯ ᠤᠨ ᠳᠣᠮᠳᠠ ᠬᠠᠯᠠᠰᠢᠷᠠᠬᠤ ᠪᠠᠶᠢᠳᠠᠯ ᠣᠷᠣᠰᠢᠵᠤ ᠪᠠᠶᠢᠨ᠎ᠠ᠃    ︵ᠭᠤᠷᠪᠠ︶ ᠬᠡᠰᠡᠭ ᠪᠦᠯᠦᠭ ᠭᠠᠴᠠᠭᠠᠨ ᠳᠤ ᠪᠠᠰᠠ ᠨᠡᠶᠢᠲᠡ ᠶᠢᠨ ᠠᠰᠠᠷᠠᠮᠵᠢ ᠶᠢᠨ ᠴᠢᠨᠠᠷ ᠲᠠᠢ ᠪᠤᠯᠠᠰᠢ ᠪᠠᠶᠢᠬᠤ ᠦᠬᠡᠢ ᠪᠠᠶᠢᠵᠤ᠂ ᠵᠠᠷᠢᠮ ᠭᠠᠵᠠᠷ ᠲᠤ ᠪᠠᠰᠠ ᠵᠠᠰᠠᠭ ᠵᠠᠬᠢᠷᠭᠠᠨ ᠤ ᠬᠢᠯᠢ ᠶᠢ ᠠᠯᠣᠰᠯᠠᠨ ᠳᠣᠷ᠎ᠠ ᠪᠠᠷ ᠣᠷᠣᠰᠢᠭᠤᠯᠬᠤ ᠠᠰᠠᠭᠤᠳᠠᠯ ᠣᠷᠣᠰᠢᠵᠤ ᠪᠠᠶᠢᠨ᠎ᠠ᠃    ︵ᠳᠦᠷᠪᠡ︶ ᠰᠢᠨ᠎ᠡ ᠪᠠᠷ ᠵᠠᠰᠠᠭᠰᠠᠨ ᠵᠠᠰᠠᠮᠠᠯ ᠵᠠᠮ ᠤᠨ ᠬᠤᠶᠠᠷ ᠬᠠᠵᠠᠭᠤ ᠳᠠᠬᠢ ᠣᠣᠯ ᠤᠨ ᠪᠠᠶᠢᠭ᠎ᠠ ᠪᠤᠯᠠᠰᠢ ᠪᠠ ᠨᠡᠶᠢᠲᠡ ᠶᠢᠨ ᠠᠰᠠᠷᠠᠮᠵᠢ ᠶᠢᠨ ᠴᠢᠨᠠᠷ ᠲᠠᠢ ᠪᠤᠯᠠᠰᠢ ᠶᠢ ᠠᠷᠢᠯᠭᠠᠬᠤ ᠬᠦᠴᠢᠷᠳᠡᠯ ᠨᠡᠯᠢᠶᠡᠳ ᠶᠡᠭᠡ ᠪᠠᠶᠢᠨ᠎ᠠ᠃    ᠭᠤᠷᠪᠠ᠂ ᠳᠠᠷᠠᠭ᠎ᠠ ᠠᠯᠬᠤᠮ ᠤᠨ ᠠᠵᠢᠯ ᠤᠨ ᠱᠠᠭᠠᠷᠳᠠᠯᠭ᠎ᠠ    ︵ᠨᠢᠬᠡ︶ ᠦᠵᠡᠯᠲᠡ ᠪᠠᠨ ᠳᠡᠭᠡᠰᠢᠯᠡᠬᠦᠯᠵᠤ᠂ ᠵᠤᠬᠢᠶᠠᠨ ᠪᠠᠶᠢᠭᠤᠯᠤᠯᠲᠠ ᠶᠢᠨ ᠣᠳᠣᠷᠢᠳᠣᠯᠭ᠎ᠠ ᠪᠠᠨ ᠴᠢᠩᠭᠠᠳᠬᠠᠬᠤ ᠬᠡᠷᠡᠭᠲᠡᠢ᠃ ᠡᠯ᠎ᠡ ᠰᠣᠮᠤ ᠪᠠᠯᠭᠠᠰᠣ ᠠᠴᠠ ᠳᠣᠭᠳᠠᠭᠠᠯ ᠠᠴᠠ ᠵᠦᠷᠢᠴᠡᠭᠰᠡᠨ ᠪᠤᠯᠠᠰᠢ ᠶᠢ ᠠᠷᠢᠯᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠨᠡᠬᠦ ᠠᠵᠢᠯ ᠢ ᠵᠠᠰᠠᠭ ᠤᠨ ᠣᠷᠳᠣᠨ ᠠᠵᠢᠯ ᠤᠨ ᠴᠢᠬᠤᠯᠠ ᠪᠠᠶᠢᠷᠢᠨ ᠳᠤ ᠳᠠᠯᠪᠢᠬᠤ ᠬᠡᠷᠡᠭᠲᠡᠢ᠃ ᠨᠠᠷᠢᠨ ᠪᠠᠶᠢᠳᠠᠯ ᠢ ᠪᠠᠶᠢᠴᠠᠭᠠᠵᠤ ᠳᠠᠭᠤᠰᠬᠠᠭᠤᠳᠠᠢ ᠰᠤᠮᠣ ᠪᠠᠯᠭᠠᠰᠤ ᠠᠴᠠ ᠪᠦᠬᠦ ᠬᠤᠰᠢᠭᠤᠨ ᠤ ᠳᠣᠭᠳᠠᠭᠠᠯ ᠠᠴᠠ ᠵᠦᠷᠢᠴᠡᠭᠰᠡᠨ ᠪᠤᠯᠠᠰᠢ ᠶᠢ ᠠᠷᠢᠯᠭᠠᠬᠤ ᠠᠵᠢᠯ ᠤᠨ ᠬᠡᠷᠡᠭᠵᠢᠬᠦᠯᠬᠦ ᠲᠦᠰᠦᠯ ᠤᠨ ᠶᠤᠰᠤᠭᠠᠷ ᠴᠠᠭ ᠳᠣᠬᠠᠢ ᠳᠤ ᠨᠢ ᠳᠠᠭᠤᠰᠬᠠᠵᠤ᠂ ᠳᠠᠷᠠᠭ᠎ᠠ ᠠᠯᠬᠤᠮ ᠤᠨ ᠠᠷᠢᠯᠭᠠᠨ ᠴᠡᠭᠴᠡᠯᠡᠬᠦ ᠠᠵᠢᠯ ᠤᠨ ᠣᠷᠣᠭᠰᠢᠲᠠᠢ ᠦᠷᠨᠢᠬᠦᠯᠬᠦ ᠶᠢ ᠪᠠᠳᠤᠯᠠᠬᠤ ᠬᠡᠷᠡᠭᠲᠡᠢ᠃    ︵ᠬᠤᠶᠠᠷ︶ ᠤᠯᠠᠨ ᠵᠦᠢᠯ ᠤᠨ ᠠᠷᠭ᠎ᠠ ᠠᠪᠴᠠᠯ ᠢ ᠠᠪᠴᠦ᠂ ᠦᠷᠭᠡᠨ ᠢᠶᠠᠷ ᠬᠦᠨᠵᠡᠬᠡᠢ ᠤᠬᠠᠭᠤᠯᠬᠤ ᠬᠡᠷᠡᠭᠲᠡᠢ᠃ ᠪᠦᠲᠦᠮᠵᠢᠲᠠᠢ ᠠᠷᠭ᠎ᠠ ᠠᠪᠴᠠᠯ ᠢ ᠠᠪᠴᠦ᠂ ᠳᠣᠭᠳᠠᠭᠠᠯ ᠠᠴᠠ ᠵᠦᠷᠢᠴᠡᠭᠰᠡᠨ ᠪᠤᠯᠠᠰᠢ ᠶᠢ ᠠᠷᠢᠯᠭᠠᠬᠤ ᠠᠵᠢᠯ ᠬᠦᠨᠵᠡᠬᠡᠢ ᠦᠷᠨᠢᠬᠦᠯᠵᠤ᠂ ᠷᠠᠳᠢᠣ᠋᠂ ᠲᠧᠯᠸᠢᠰ᠂ ᠤᠬᠠᠭᠤᠯᠭ᠎ᠠ ᠶᠢᠨ ᠬᠠᠭᠤᠳᠠᠰᠤ᠂ ᠬᠤᠷᠠᠯ ᠢ ᠬᠤᠷᠠᠯᠳᠤᠬᠤ ᠵᠡᠷᠭᠡ ᠤᠯᠠᠨ ᠵᠦᠢᠯ ᠤᠨ ᠬᠡᠯᠪᠡᠷᠢ ᠶᠢ ᠬᠦᠢᠴᠡᠳ ᠠᠰᠢᠭᠯᠠᠵᠤ᠂ ᠣᠷᠣᠰᠢᠭᠤᠯᠬᠤ ᠬᠠᠤᠯᠢ ᠳᠤᠭᠳᠠᠭᠠᠯ ᠲᠦᠷᠦ ᠶᠢᠨ ᠪᠤᠳᠤᠯᠭ᠎ᠠ ᠶᠢ ᠠᠰᠢᠭᠯᠠᠵᠤ᠂ ᠦᠷᠭᠡᠨ ᠣᠯᠠᠨ ᠲᠦᠮᠡᠨ ᠤ ᠣᠷᠣᠰᠢᠭᠤᠯᠬᠤ ᠬᠠᠤᠯᠢ ᠳᠤᠭᠳᠠᠭᠠᠯ ᠪᠠ ᠲᠦᠷᠦ ᠶᠢᠨ ᠪᠤᠳᠤᠯᠭ᠎ᠠ ᠶᠢᠨ ᠴᠢᠨᠠᠷ ᠲᠠᠢ ᠣᠬᠠᠮᠰᠠᠷᠳᠤ ᠴᠢᠨᠠᠷ ᠢᠶᠠᠨ ᠴᠢᠩᠭᠠᠷᠠᠭᠤᠯᠵᠤ᠂ ᠤᠬᠠᠭᠤᠯᠭ᠎ᠠ ᠶᠢᠨ ᠠᠵᠢᠯ ᠢ ᠳᠣᠭᠳᠠᠭᠠᠯ ᠎ ᠠᠴᠠ ᠵᠦᠷᠢᠴᠡᠭᠰᠡᠨ ᠪᠤᠯᠠᠰᠢ ᠶᠢ ᠠᠷᠢᠯᠭᠠᠬᠤ ᠠᠵᠢᠯ ᠤᠨ ᠶᠠᠪᠤᠴᠠ ᠳᠤ ᠳᠣᠣᠱᠯᠠᠭᠤᠯᠵᠤ᠂ ᠺᠠᠳ᠋ᠷ ᠣᠯᠠᠨ ᠤ ᠳᠣᠭᠳᠠᠭᠠᠯ ᠠᠴᠠ ᠵᠦᠷᠢᠴᠡᠭᠰᠡᠨ ᠪᠤᠯᠠᠰᠢ ᠶᠢ ᠠᠷᠢᠯᠭᠠᠬᠤ ᠠᠵᠢᠯ ᠤᠨ ᠳᠠᠨᠢᠯᠲᠠ ᠶᠢ ᠳᠡᠭᠡᠭᠰᠢᠯᠡᠬᠦᠯᠬᠦ ᠬᠡᠷᠡᠭᠲᠡᠢ᠃    ︵ᠭᠤᠷᠪᠠ︶ ᠨᠠᠷᠢᠨ ᠪᠠᠶᠢᠳᠠᠯ ᠢ ᠬᠦᠨᠵᠡᠭᠡᠶᠢᠷᠡᠬᠦᠯᠵᠤ᠂ ᠠᠷᠢᠯᠭᠠᠨ ᠴᠡᠭᠴᠡᠯᠡᠬᠦ ᠶᠢ ᠨᠠᠷᠢᠨ ᠬᠢᠨᠠᠮᠠᠭᠠᠢ ᠰᠠᠶᠢᠳᠤᠷ ᠬᠢᠬᠦ ᠬᠡᠷᠡᠭᠲᠡᠢ᠃ ᠪᠦᠬᠦ ᠬᠤᠰᠢᠭᠤᠨ ᠤ ᠳᠣᠭᠳᠠᠭᠠᠯ ᠠᠴᠠ ᠵᠦᠷᠢᠴᠡᠭᠰᠡᠨ ᠪᠤᠯᠠᠰᠢ ᠶᠢ ᠠᠷᠢᠯᠭᠠᠬᠤ ᠠᠵᠢᠯ ᠨᠢᠬᠡᠨᠲᠡ ᠠᠷᠢᠯᠭᠠᠨ ᠴᠡᠭᠴᠡᠯᠡᠬᠦ ᠰᠢᠪᠳᠤᠯᠤᠯᠲᠠ ᠶᠢᠨ ᠱᠠᠳᠣᠨ ᠳᠤ ᠣᠷᠣᠵᠤ᠂ ᠡᠯ᠎ᠡ ᠰᠤᠮᠤ ᠪᠠᠯᠭᠠᠰᠤ ᠠᠴᠠ ᠨᠠᠷᠢᠨ ᠪᠠᠶᠢᠳᠠᠯ ᠢ ᠪᠠᠶᠢᠴᠠᠭᠠᠬᠤ ᠠᠵᠢᠯ ᠢ ᠬᠦᠨᠵᠡᠭᠡᠢ ᠦᠷᠨᠢᠬᠦᠯᠵᠤ᠂ ᠳᠤᠭᠳᠠᠭᠠᠯ ᠠᠴᠠ ᠵᠦᠷᠢᠴᠡᠭᠰᠡᠨ ᠪᠤᠯᠠᠰᠢ ᠶᠢ ᠨᠢᠬᠡ ᠨᠢᠬᠡ ᠪᠠᠷ ᠪᠠᠶᠢᠴᠠᠭᠠᠨ ᠠᠷᠢᠯᠭᠠᠵᠤ᠂ ᠳᠠᠩᠰᠠᠯᠠᠨ ᠳᠡᠪᠲᠡᠷ ᠵᠤᠬᠢᠶᠠᠵᠤ᠂ ᠳᠤᠭᠳᠠᠭᠠᠯ ᠠᠴᠠ ᠵᠦᠷᠢᠴᠡᠭᠰᠡᠨ ᠪᠤᠯᠠᠰᠢ ᠶᠢᠨ ᠦᠨᠡᠨ ᠪᠤᠳᠠᠳᠤ ᠪᠠᠶᠢᠳᠠᠯ ᠢ ᠪᠦᠬᠦ ᠳᠠᠯ᠎ᠠ ᠪᠠᠷ ᠡᠵᠡᠮᠰᠢᠬᠦ ᠬᠡᠷᠡᠭᠲᠡᠢ᠃ ᠵᠠᠰᠠᠭ ᠵᠠᠬᠢᠷᠭᠠᠨ ᠤ ᠪᠠᠶᠢᠷᠢᠰᠢᠯ ᠪᠠ ᠦᠢᠯᠡᠳᠪᠦᠷᠢᠯᠡᠯ ᠎ ᠤᠨ ᠵᠠᠭᠠᠭ ᠢ ᠳᠣᠳᠣᠷᠬᠠᠶᠢᠯᠠᠵᠤ᠂ ᠬᠠᠷᠢᠭᠤᠴᠠᠯᠭ᠎ᠠ ᠪᠠᠨ ᠨᠠᠶᠢᠳᠠᠪᠦᠷᠢᠵᠢᠭᠤᠯᠤᠨ᠂ ᠳᠤᠭᠳᠠᠭᠠᠯ ᠠᠴᠠ ᠵᠦᠷᠢᠴᠡᠭᠰᠡᠨ ᠪᠤᠯᠠᠰᠢ ᠳᠤ ᠨᠢᠬᠡ ᠨᠢᠬᠡ ᠪᠠᠷ ᠵᠠᠰᠠᠨ ᠴᠡᠭᠴᠡᠯᠡᠬᠦ ᠠᠷᠭ᠎ᠠ ᠠᠪᠴᠠᠯ ᠢ ᠳᠣᠭᠳᠠᠭᠠᠵᠤ᠂ ᠳᠠᠷᠠᠭ᠎ᠠ ᠠᠯᠬᠤᠮ ᠤᠨ ᠠᠷᠢᠯᠭᠠᠨ ᠴᠡᠭᠴᠡᠯᠡᠬᠦ ᠠᠵᠢᠯ ᠳᠤ ᠪᠠᠳᠤ ᠪᠠᠬᠢ ᠰᠠᠭᠤᠷᠢ ᠶᠢ ᠳᠠᠯᠪᠢᠵᠤ ᠦᠭᠬᠦ ᠬᠡᠷᠡᠭᠲᠡᠢ᠃                                        2012 ᠤᠨ ᠤ 3 ᠳ᠋ᠣᠭᠠᠷ ᠰᠠᠷ᠎ᠠ ᠶᠢᠨ 19᠎ ᠤ ᠡᠳᠦᠷ
 
ᠢᠷᠡᠯᠲᠡ᠄ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号