| ᠡᠯ᠎ᠡ ᠰᠣᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ | ᠮᠦᠴᠢᠷ ᠲᠤ᠄ | ︽ᠬᠤᠶᠠᠷ ᠪᠠᠶᠠᠷ︾ ᠤᠨ ᠤᠳᠠᠬᠤ ᠦᠬᠡᠢ ᠢᠷᠡᠬᠦ ᠳᠤ᠂ ᠠᠶᠤᠯᠬᠦᠢ ᠦᠢᠯᠡᠳᠪᠦᠷᠢᠯᠡᠯ ᠤᠨ ᠠᠵᠢᠯ ᠢ ᠤᠯᠠᠮ | ᠨᠢᠭᠡ ᠠᠯᠬᠤᠮ ᠴᠢᠩᠭᠠᠳᠬᠠᠵᠤ᠂ ᠡᠯ᠎ᠡ ᠵᠦᠢᠯ ᠤᠨ ᠬᠡᠨᠡᠳᠡᠯ ᠤᠨ ᠡᠬᠦᠰᠬᠦ ᠶᠢ ᠤᠷᠢᠳᠴᠢᠯᠠᠨ ᠰᠡᠷᠭᠡᠶᠢᠯᠡᠬᠦ ᠪᠠ | ᠪᠠᠭᠠᠰᠬᠠᠵᠤ᠂ ᠬᠦᠨᠳᠦ ᠤᠨᠴᠠ ᠶᠡᠭᠡ ᠶᠠᠪᠤᠳᠠᠯ ᠤᠨ ᠡᠬᠦᠰᠬᠦ ᠶᠢ ᠡᠷᠡᠰ ᠬᠤᠷᠢᠭᠯᠠᠬᠤ ᠶᠢᠨ ᠳᠣᠰᠠᠳᠠ᠂ ᠠᠶᠢᠮᠠᠭ ᠤᠨ | ᠨᠠᠮ ᠤᠨ ᠬᠤᠷᠢᠶ᠎ᠠ᠂ ᠵᠠᠬᠢᠷᠭ᠎ᠠ ᠶᠢᠨ ᠠᠶᠤᠯᠬᠦᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠬᠤ ᠳᠣᠬᠠᠢ ᠬᠠᠮᠢᠶ᠎ᠠ | ᠪᠦᠬᠦᠢ ᠱᠠᠭᠠᠷᠳᠠᠯᠭ᠎ᠠ ᠵᠢᠴᠢ ᠠᠶᠢᠮᠠᠭ ᠤᠨ ᠠᠶᠤᠯᠬᠦᠢ ᠦᠢᠯᠡᠳᠪᠦᠷᠢᠯᠡᠯ ᠤᠨ ᠵᠦᠪᠯᠡᠯ ᠤᠨ ᠭᠤᠷᠪᠠᠳᠤᠭᠠᠷ ᠣᠳᠠᠭᠠᠨ | ᠤ ᠦᠷᠭᠡᠳᠭᠡᠭᠰᠡᠨ ᠬᠤᠷᠠᠯ ᠤᠨ ᠵᠤᠷᠢᠭ ᠰᠠᠨᠠᠭ᠎ᠠ ᠶᠢ ᠦᠨᠳᠦᠰᠦᠯᠡᠵᠤ᠂ ᠣᠳᠣ 2012 ᠤᠨ ᠤ ᠤᠯᠤᠰ ᠤᠨ ᠪᠠᠶᠠᠷ | ᠢ ᠪᠡᠯᠭᠡᠯᠡᠬᠦ ᠬᠤᠭᠤᠴᠠᠭ᠎ᠠ ᠵᠢᠴᠢ ᠬᠤᠶᠢᠰᠢᠳᠠ ᠶᠢᠨ ᠠᠶᠤᠯᠬᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠱᠠᠭᠠᠷᠳᠠᠯᠭ᠎ᠠ | ᠶᠢ ᠳᠤᠤᠷ᠎ᠠ ᠮᠡᠳᠡᠭᠳᠡᠶ᠎ᠡ᠄ | ᠨᠢᠬᠡ᠂ ᠦᠵᠡᠯ ᠰᠠᠨᠠᠭᠠᠨ ᠤ ᠳᠠᠨᠢᠯᠳᠠ ᠪᠠᠨ ᠳᠡᠭᠡᠭᠰᠢᠯᠡᠬᠦᠯᠵᠤ᠂ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ | ᠪᠠᠨ ᠴᠢᠩᠭᠠᠳᠬᠠᠵᠤ᠂ ᠠᠮᠤᠷ ᠳᠦᠪᠰᠢᠨ ᠤ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠬᠤ ᠭᠡᠷᠡᠭᠲᠡᠢ | ᠡᠯ᠎ᠡ ᠰᠣᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ | ᠮᠦᠴᠢᠷ ᠠᠴᠠ ᠰᠠᠶᠢᠨ ᠰᠠᠶᠢᠬᠠᠨ ᠠᠮᠤᠷ ᠳᠦᠪᠰᠢᠨ ᠦᠢᠯᠡᠳᠪᠦᠷᠢᠯᠡᠯ ᠤᠨ ᠤᠷᠴᠢᠨ ᠳᠤᠭᠤᠷᠢᠨ ᠢᠶᠠᠷ ᠨᠠᠮ ᠤᠨ | ᠠᠷᠪᠠᠨ ᠨᠠᠶᠢᠮᠠᠳᠤᠭᠠᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠤᠭᠳᠤᠬᠤ ᠦᠨᠳᠦᠷᠴᠡ ᠳᠤ᠂ | ᠠᠶᠤᠯᠬᠦᠢ ᠦᠢᠯᠡᠳᠪᠦᠷᠢᠯᠡᠯ ᠤᠨ ᠠᠵᠢᠯ ᠢ ᠰᠠᠶᠢᠳᠦᠷ ᠬᠢᠬᠦ ᠶᠢᠨ ᠴᠢᠬᠤᠯᠠ ᠴᠢᠨᠠᠷ ᠢ ᠬᠦᠢᠴᠡᠳ ᠳᠠᠨᠢᠵᠤ᠂ ᠪᠤᠳᠠᠳᠤ | ᠪᠠᠶᠢᠳᠠᠯ ᠲᠠᠢ ᠪᠠᠨ ᠨᠢᠭᠳᠠ ᠤᠶᠠᠯᠳᠤᠭᠤᠯᠵᠤ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠵᠤ | ᠂ ᠨᠠᠷᠢᠨ ᠨᠢᠭᠳᠠ ᠳᠤᠬᠢᠷᠠᠭᠤᠯᠤᠨ ᠪᠠᠶᠢᠷᠢᠯᠠᠭᠤᠯᠵᠤ᠂ ᠠᠵᠢᠯ ᠤᠨ ᠨᠠᠶᠢᠳᠠᠪᠦᠷᠢᠵᠢᠭᠤᠯᠤᠭᠳᠠᠬᠤ ᠶᠢ ᠰᠠᠶᠢᠳᠦᠷ | ᠠᠳᠬᠤᠵᠤ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠳᠦᠪᠰᠢᠨ ᠢ ᠦᠨᠡᠨᠬᠦ ᠪᠠᠳᠤᠯᠠᠬᠤ | ᠬᠡᠷᠡᠭᠲᠡᠢ᠃ ᠪᠦᠬᠦ ᠳᠠᠯ᠎ᠠ ᠶᠢᠨ ᠤᠬᠠᠮᠰᠠᠷ᠂ ᠤᠯᠤᠰ ᠳᠦᠷᠦ ᠶᠢᠨ ᠤᠬᠠᠮᠰᠠᠷ ᠪᠠ ᠬᠠᠷᠢᠭᠤᠴᠠᠯᠭᠠᠳᠤ ᠤᠬᠠᠮᠰᠠᠷ ᠢᠶᠠᠨ | ᠤᠯᠠᠮ ᠨᠢᠬᠡ ᠠᠯᠬᠤᠮ ᠴᠢᠩᠭᠠᠷᠡᠠᠭᠤᠯᠵᠤ᠂ ︽ᠳᠤᠬᠠᠢ ᠶᠢᠨ ᠭᠠᠵᠠᠷ ᠲᠤ ᠨᠢ ᠬᠠᠮᠢᠶᠠᠷᠬᠤ᠂ ᠱᠠᠳᠣ ᠬᠤᠪᠢᠶᠠᠨ | ᠬᠠᠷᠢᠭᠤᠴᠠᠬᠤ︾ ᠪᠠ ︽ᠬᠡᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠶᠤᠰᠤᠭᠠᠷ᠂ ᠠᠶᠤᠯᠬᠦᠢ | ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠬᠠᠷᠢᠭᠤᠴᠠᠯᠭ᠎ᠠ ᠶᠢᠨ ᠳᠦᠷᠢᠮ ᠪᠠ ᠠᠵᠤ ᠠᠬᠤᠶᠢᠯᠠᠯ ᠤᠨ ᠬᠠᠤᠯᠢ ᠪᠠᠷ | ᠳᠤᠭᠳᠠᠭᠠᠭᠰᠠᠨ ᠳᠦᠯᠦᠭᠡᠯᠡᠭᠴᠢ ᠶᠢᠨ ᠬᠠᠷᠢᠭᠤᠴᠠᠯᠭ᠎ᠠ ᠶᠢᠨ ᠳᠦᠷᠢᠮ ᠢ ᠤᠯᠠᠮ ᠨᠢᠬᠡ ᠠᠯᠬᠤᠮ | ᠨᠠᠶᠢᠳᠠᠪᠦᠷᠢᠵᠢᠭᠤᠯᠵᠤ᠂ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ ᠭᠤᠤᠯ ᠴᠤᠭᠴᠠ ᠶᠢᠨ | ᠬᠠᠷᠢᠭᠤᠴᠠᠯᠭ᠎ᠠ ᠪᠠ ᠵᠠᠰᠠᠭ ᠤᠨ ᠣᠷᠳᠣᠨ ᠤ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢᠨ ᠬᠠᠷᠢᠭᠤᠴᠠᠯᠭ᠎ᠠ ᠶᠢ | ᠨᠠᠶᠢᠳᠠᠪᠦᠷᠢᠵᠢᠭᠤᠯᠵᠤ᠂ ᠱᠠᠳᠣ ᠬᠤᠪᠢᠶᠠᠨ ᠬᠠᠷᠢᠭᠤᠴᠠᠵᠤ᠂ ᠠᠵᠢᠯ ᠤᠨ ᠪᠠᠶᠢᠷᠢ ᠪᠠᠨ ᠳᠤᠳᠤᠳᠬᠠᠵᠤ᠂ ᠬᠦᠨᠳᠦ | ᠤᠨᠴᠠ ᠶᠡᠭᠡ ᠬᠡᠷᠡᠭ ᠶᠠᠪᠤᠳᠠᠯ ᠤᠨ ᠡᠬᠦᠰᠬᠦ ᠶᠢ ᠪᠦᠳᠦᠮᠵᠢᠲᠡᠢ ᠰᠡᠷᠭᠡᠶᠢᠯᠡᠨ ᠬᠤᠷᠢᠭᠯᠠᠬᠤ ᠭᠡᠷᠡᠭᠲᠡᠢ᠃ | ᠬᠤᠶᠠᠷ ᠲᠤ᠂ ᠭᠤᠤᠯᠳᠠᠯᠭ᠎ᠠ ᠲᠠᠢ ᠠᠵᠢᠯ ᠳᠦᠷᠦᠯ ᠪᠠ ᠬᠦᠷᠢᠶ᠎ᠡ ᠶᠢ ᠳᠤᠪᠤᠶᠢᠯᠭᠠᠵᠤ᠂ ᠠᠮᠤᠷ ᠳᠦᠪᠰᠢᠨ ᠢ | ᠰᠡᠷᠭᠡᠶᠢᠯᠡᠬᠦ ᠠᠷᠭ᠎ᠠ ᠠᠪᠴᠠᠯ ᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠬᠤ ᠭᠡᠷᠡᠭᠲᠡᠢ | ︵ᠨᠢᠬᠡ︶ ᠵᠠᠮ ᠬᠠᠷᠢᠯᠴᠠᠭ᠎ᠠ ᠳᠡᠭᠡᠭᠡᠪᠦᠷᠢ ᠶᠢᠨ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢ ᠳᠤᠪᠤᠶᠢᠮ᠎ᠠ | ᠠᠳᠬᠤᠬᠤ ᠭᠡᠷᠡᠭᠲᠡᠢ | ︽ᠤᠯᠤᠰ ᠤᠨ ᠪᠠᠶᠠᠷ︾ ᠤᠨ ᠣᠨᠴᠠᠯᠢᠭ ᠲᠤ ᠬᠠᠨᠳᠤᠭᠤᠯᠵᠤ᠂ ᠵᠠᠮ ᠵᠠᠮ ᠬᠠᠷᠢᠯᠴᠠᠭᠠᠨ ᠤ ᠠᠮᠤᠷ ᠲᠦᠪᠰᠢᠨ ᠤ | ᠠᠵᠢᠯ ᠢ ᠰᠠᠶᠢᠳᠦᠷ ᠬᠢᠬᠦ ᠶᠢ ᠢᠳᠤᠪᠤᠶᠢᠮᠠ ᠪᠠᠶᠢᠷᠢᠨ ᠳᠤ ᠳᠠᠯᠪᠢᠵᠤ᠂ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ | ᠠᠪᠴᠠᠯ ᠢ ᠨᠠᠶᠢᠳᠠᠪᠦᠷᠢᠵᠢᠭᠤᠯᠬᠤ ᠭᠡᠷᠡᠭᠲᠡᠢ᠃ ᠭᠡᠨᠡᠳᠡᠯ ᠢ ᠰᠡᠷᠭᠡᠶᠢᠯᠡᠵᠤ᠂ ᠠᠮᠤᠷ ᠲᠦᠪᠰᠢᠨ ᠢ ᠪᠠᠳᠤᠯᠠᠬᠤ᠂ ᠰᠠᠭᠠᠳ | ᠦᠬᠡᠢ ᠤᠷᠤᠭᠰᠢᠯᠠᠬᠤ ᠶᠢ ᠪᠠᠳᠤᠯᠠᠬᠤ ᠪᠠᠷ ᠭᠤᠤᠯ ᠪᠤᠯᠭᠠᠬᠤ ᠶᠢ ᠪᠠᠷᠢᠮᠳᠠᠯᠠᠵᠤ᠂ ᠵᠢᠯᠤᠭᠤᠴᠢ᠂ ᠳᠡᠭᠡᠭᠡᠪᠦᠷᠢᠯᠡᠯᠲᠡ | ᠶᠢᠨ ᠮᠠᠰᠢᠨ ᠳᠡᠷᠭᠡ᠂ ᠳᠡᠭᠡᠭᠡᠪᠦᠷᠢᠯᠡᠯᠲᠡ ᠶᠢᠨ ᠠᠵᠤ ᠠᠬᠤᠶᠢᠯᠠᠯ ᠤᠨ ᠤᠷᠤᠬᠤ ᠪᠠ ᠠᠮᠤᠷ ᠳᠦᠪᠰᠢᠨ ᠤ | ᠬᠠᠮᠢᠶᠠᠷᠤᠯᠳᠠ ᠶᠢ ᠴᠢᠩᠭᠠᠳᠬᠠᠵᠤ᠂ ᠳᠦᠷᠦ ᠶᠢᠨ ᠶᠠᠪᠤᠳᠠᠯ ᠤᠨ ᠰᠠᠨᠠᠯ ᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠤ᠂ | ᠵᠠᠮ ᠬᠠᠷᠢᠯᠴᠠᠭᠠᠨ ᠤ ᠠᠮᠣᠷ ᠳᠦᠪᠰᠢᠨ᠂ ᠨᠡᠶᠢᠬᠡᠮ ᠤᠨ ᠰᠢᠨ᠎ᠡ ᠶᠢ ᠡᠬᠦᠳᠬᠦ ᠶᠢ ᠠᠬᠢᠭᠤᠯᠬᠤ ᠭᠡᠷᠡᠭᠲᠡᠢ᠃ | ᠭᠤᠤᠯᠳᠠᠯᠭ᠎ᠠ ᠲᠠᠢ ᠮᠠᠰᠢᠨ ᠳᠡᠷᠭᠡ ᠶᠢᠨ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ᠳᠡᠭᠡᠭᠡᠪᠦᠷᠢ ᠶᠢᠨ ᠠᠵᠤ | ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠳᠠ ᠶᠢ ᠴᠢᠩᠭᠠᠷᠠᠭᠤᠯᠵᠤ᠂ ᠤᠷᠳᠤ ᠠᠶᠠᠯᠠᠬᠤ ᠳᠡᠭᠡᠭᠡᠪᠦᠷᠢ ᠶᠢᠨ | ᠮᠠᠰᠢᠨ ᠤ ᠵᠠᠮ ᠱᠣᠭᠤᠮ ᠪᠠ ᠰᠦᠨᠢ ᠪᠠᠷ ᠠᠶᠠᠯᠠᠬᠤ ᠴᠠᠭ ᠬᠤᠭᠤᠴᠠᠭ᠎ᠠ ᠶᠢ ᠴᠢᠩᠭ᠎ᠠ ᠬᠢᠵᠠᠭᠠᠷᠯᠠᠬᠤ ᠭᠡᠷᠡᠭᠲᠡᠢ᠃ | ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠭᠡᠷᠡᠭᠵᠢᠬᠦᠯᠬᠦ ᠶᠢ ᠴᠢᠩᠭᠠᠷᠠᠭᠤᠯᠵᠤ᠂ ᠬᠦᠨᠳᠦ ᠶᠡᠭᠡ ᠵᠠᠮ | ᠬᠠᠷᠢᠯᠴᠠᠭᠠᠨ ᠤ ᠬᠠᠤᠯᠢ ᠶᠢ ᠵᠦᠷᠢᠴᠡᠭᠰᠡᠨ ᠠᠵᠢᠯᠯᠠᠭ᠎ᠠ ᠳᠤ ᠴᠤᠬᠢᠯᠳᠠ ᠦᠭᠬᠦ ᠭᠡᠷᠡᠭᠲᠡᠢ᠃ | ︵ᠬᠤᠶᠠᠷ︶ ᠣᠯᠠᠨ ᠲᠦᠮᠡᠨ ᠤ ᠴᠣᠭᠯᠠᠷᠠᠬᠤ ᠳᠠᠯᠠᠪᠦᠷᠢ ᠶᠢᠨ ᠠᠮᠤᠷ ᠲᠦᠪᠰᠢᠨ ᠤ ᠬᠢᠨᠠᠨ ᠬᠠᠮᠢᠶᠠᠷᠣᠯᠳᠠ ᠶᠢ | ᠦᠨᠡᠨᠬᠦ ᠴᠢᠩᠭᠠᠳᠬᠠᠬᠤ ᠬᠡᠷᠡᠭᠲᠡᠢ | ᠪᠠᠶᠠᠷ ᠤᠨ ᠡᠳᠦᠷ ᠤᠨ ᠬᠤᠭᠤᠴᠠᠭᠠᠨ ᠳᠤ ᠡᠷᠬᠢᠯᠡᠬᠦ ᠡᠯ᠎ᠡ ᠲᠦᠷᠦᠯ ᠤᠨ ᠳᠤᠮᠤ ᠬᠡᠯᠪᠡᠷᠢ ᠶᠢᠨ ᠠᠵᠢᠯᠯᠠᠭᠠᠨ ᠳᠤ᠂ | ︽ᠬᠡᠨ ᠭᠤᠤᠯᠯᠠᠨ ᠡᠷᠬᠢᠯᠡᠪᠡᠯ᠂ ᠬᠡᠨ ᠬᠠᠷᠢᠭᠤᠴᠠᠬᠤ︾ ᠵᠠᠷᠴᠢᠮ ᠶᠤᠰᠤᠭᠠᠷ᠂ ᠠᠮᠤᠷ ᠲᠦᠪᠰᠢᠨ ᠤ ᠪᠠᠳᠤᠯᠠᠭ᠎ᠠ ᠶᠢᠨ | ᠠᠷᠭ᠎ᠠ ᠠᠪᠴᠠᠯ ᠢ ᠴᠢᠩᠭ᠎ᠠ ᠳᠣᠭᠳᠠᠭᠠᠨ ᠨᠠᠶᠢᠳᠠᠪᠦᠷᠢᠵᠢᠭᠤᠯᠬᠤ ᠭᠡᠷᠡᠭᠲᠡᠢ᠃ ᠳᠤᠳᠤᠭᠠᠳᠤ ᠶᠢ ᠬᠠᠮᠠᠭᠠᠯᠠᠬᠤ | ᠪᠠᠶᠢᠭᠤᠯᠭ᠎ᠠ ᠠᠴᠠ ᠬᠢᠨᠠᠨ ᠵᠦᠪᠰᠢᠶᠡᠷᠡᠬᠦ ᠪᠤᠭᠤᠮᠳᠠ ᠶᠢ ᠴᠢᠩᠭᠠᠳᠬᠠᠵᠤ᠂ ᠠᠮᠤᠷ ᠲᠦᠪᠰᠢᠨ ᠤ ︽ᠨᠢᠬᠡ ᠫᠢᠶᠣᠣ ᠪᠠᠷ | ᠦᠬᠡᠶᠢᠰᠬᠡᠬᠦ︾ ᠳᠦᠷᠢᠮ ᠢ ᠪᠠᠷᠢᠮᠳᠠᠯᠠᠵᠤ᠂ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢ ᠦᠩᠭᠡᠷᠡᠭᠰᠡᠨ ᠦᠬᠡᠢ ᠶᠢ | ᠪᠦᠬᠦᠨ ᠢ ᠡᠷᠬᠢᠯᠡᠵᠤ ᠪᠤᠯᠬᠤ ᠦᠬᠡᠢ᠃ ᠭᠠᠯ ᠢ ᠰᠡᠷᠭᠡᠶᠢᠯᠡᠬᠦ ᠰᠠᠯᠠᠭ᠎ᠠ ᠮᠦᠴᠢᠷ ᠠᠴᠠ ᠰᠢᠮᠳᠠᠭᠤᠯᠤᠨ ᠪᠠᠶᠢᠴᠠᠭᠠᠬᠤ | ᠬᠦᠴᠦᠯᠡᠴᠡ ᠪᠠᠨ ᠴᠢᠩᠭᠠᠳᠬᠠᠵᠤ᠂ ᠭᠡᠷᠡᠭ ᠶᠠᠪᠤᠳᠠᠯ ᠤᠨ ᠳᠠᠯᠳᠠ ᠭᠡᠮ ᠢ ᠨᠠᠷᠢᠨ ᠬᠢᠨᠠᠮᠠᠭᠠᠢ ᠪᠠᠶᠢᠴᠠᠭᠠᠨ ᠠᠷᠢᠯᠭᠠᠵᠤ | ᠂ ᠵᠠᠮ ᠱᠤᠭᠤᠮ ᠤᠨ ᠰᠠᠭᠠᠳ ᠦᠬᠡᠢ ᠪᠠ ᠭᠠᠯ ᠢ ᠰᠡᠷᠭᠡᠶᠢᠯᠡᠬᠦ ᠳᠦᠬᠦᠭᠡᠷᠦᠮᠵᠢ ᠶᠢᠨ ᠪᠦᠷᠢᠨ ᠪᠠᠶᠢᠬᠤ ᠶᠢ ᠪᠠᠳᠤᠯᠠᠬᠤ | ᠭᠡᠷᠡᠭᠲᠡᠢ᠃ ᠤᠨᠴᠠᠭᠠᠶᠢᠯᠠᠨ ᠮᠠᠰᠢᠨ ᠳᠡᠷᠭᠡᠨ ᠦᠷᠳᠡᠭᠡ᠂ ᠬᠤᠳᠠᠯᠳᠣᠭᠠᠨ ᠤ ᠳᠠᠯᠠᠪᠦᠷ᠂ ᠵᠠᠬ᠎ᠠ ᠳᠡᠯᠭᠡᠭᠦᠷ᠂ ᠵᠤᠴᠢᠳ | ᠤᠨ ᠪᠠᠭᠤᠳᠠᠯ᠂ ᠡᠮᠨᠡᠯᠬᠡ ᠶᠢᠨ ᠬᠤᠷᠢᠶ᠎ᠠ᠂ ᠰᠣᠷᠭᠠᠭᠤᠯᠢ ᠵᠡᠷᠭᠡ ᠬᠦᠮᠦᠨ ᠠᠮᠠ ᠨᠢᠭᠳᠠᠷᠠᠭᠰᠠᠨ ᠳᠠᠯᠠᠪᠦᠷ ᠪᠠ | ᠭᠤᠤᠯᠳᠠᠯᠭ᠎ᠠ ᠲᠠᠢ ᠭᠠᠯ ᠢ ᠰᠡᠷᠭᠡᠶᠢᠯᠡᠬᠦ ᠳᠠᠯᠠᠪᠦᠷ ᠤᠨ ᠠᠮᠤᠷ ᠲᠦᠪᠰᠢᠨ ᠤ ᠪᠠᠶᠢᠴᠠᠭᠠᠯᠳᠠ ᠪᠠ ᠵᠠᠰᠠᠨ ᠴᠡᠭᠴᠡᠯᠡᠯᠲᠡ | ᠶᠢ ᠴᠢᠩᠭᠠᠳᠬᠠᠵᠤ᠂ ᠠᠮᠤᠷ ᠲᠦᠪᠰᠢᠨ ᠢᠶᠠᠷ ᠦᠢᠯᠡᠳᠪᠦᠷᠢᠯᠡᠬᠦ ᠨᠦᠬᠦᠴᠡᠯ ᠦᠬᠡᠢ ᠬᠦᠮᠦᠰ ᠤᠨ ᠨᠢᠭᠳᠠᠷᠠᠭᠰᠠᠨ | ᠭᠠᠵᠠᠷ ᠲᠤ ᠦᠢᠯᠡᠳᠪᠦᠷᠢᠯᠡᠵᠤ ᠪᠤᠯᠬᠤ ᠦᠬᠡᠢ᠃ ᠵᠢᠭᠤᠯᠴᠢᠯᠠᠯ ᠤᠨ ᠦᠵᠡᠮᠵᠢ ᠶᠢᠨ ᠴᠡᠭ᠂ ᠳᠦᠬᠦᠭᠡᠷᠦᠮᠵᠢ ᠶᠢᠨ | ᠠᠮᠣᠷ ᠲᠦᠪᠰᠢᠨ ᠤ ᠬᠢᠨᠠᠨ ᠬᠠᠮᠢᠶᠠᠷᠣᠯᠳᠠ ᠶᠢ ᠴᠢᠩᠭᠠᠳᠬᠠᠵᠤ᠂ ᠴᠠᠭ ᠳᠣᠬᠠᠢ ᠳᠤ ᠨᠢ ᠳᠠᠯᠳᠠ ᠬᠡᠮ ᠢ ᠠᠷᠢᠯᠭᠠᠬᠤ | ᠬᠡᠷᠡᠭᠲᠡᠢ᠃ | ︵ ᠭᠤᠷᠪᠠ︶ ᠳᠦᠭᠰᠢᠬᠦᠷᠲᠦ ᠬᠢᠮᠢ ᠶᠢᠨ ᠦᠢᠯᠡᠳᠬᠦᠨ ᠪᠠ ᠬᠤᠸᠠᠷ ᠫᠤᠤᠵᠢᠩ ᠤᠨ ᠠᠮᠤᠷ ᠲᠦᠪᠰᠢᠨ ᠤ | ᠬᠢᠨᠠᠨ ᠬᠠᠮᠢᠶᠠᠷᠣᠯᠳᠠ ᠶᠢ ᠴᠢᠩᠭᠠᠷᠠᠭᠤᠯᠬᠤ ᠬᠡᠷᠡᠭᠲᠡᠢ | ᠬᠤᠸᠠᠷ ᠫᠤᠤᠵᠢᠩ ᠢ ᠪᠤᠷᠤᠯᠠᠭᠤᠯᠬᠤ᠂ ᠬᠠᠳᠠᠭᠠᠯᠠᠬᠤ᠂ ᠳᠡᠭᠡᠭᠡᠪᠦᠷᠢᠯᠡᠬᠦ ᠪᠠ ᠳᠠᠯᠪᠢᠬᠤ ᠠᠮᠤᠷ ᠲᠦᠪᠰᠢᠨ ᠤ ᠬᠢᠨᠠᠨ | ᠪᠠᠶᠢᠴᠠᠭᠠᠯᠲᠠ ᠶᠢᠨ ᠬᠦᠴᠦᠯᠡᠴᠡ ᠶᠢ ᠨᠡᠮᠡᠭᠳᠡᠬᠦᠯᠵᠤ᠂ ᠬᠤᠸᠠᠷ ᠫᠤᠤᠵᠢᠩ ᠢ ᠬᠠᠤᠯᠢ ᠪᠤᠰᠤ ᠪᠠᠷ ᠦᠢᠯᠡᠳᠪᠦᠷᠢᠯᠡᠨ | ᠡᠵᠡᠩᠨᠡᠬᠦ ᠠᠵᠢᠯᠯᠠᠭ᠎ᠠ ᠳᠤ ᠴᠤᠬᠢᠯᠳᠠ ᠦᠭᠬᠦ ᠬᠡᠷᠡᠭᠲᠡᠢ᠃ ᠦᠨᠡᠮᠯᠡᠯ ᠦᠬᠡᠢ ᠪᠠᠷ ᠡᠵᠡᠩᠨᠡᠬᠦ᠂ ᠵᠦᠪᠰᠢᠶᠡᠷᠡᠯ ᠠᠴᠠ | ᠭᠡᠳᠦᠷᠡᠭᠰᠡᠨ ᠡᠵᠡᠩᠨᠡᠯᠲᠡ ᠪᠠ ᠠᠮᠤᠷ ᠳᠦᠪᠰᠢᠨ ᠢᠶᠠᠷ ᠦᠢᠯᠡᠳᠪᠦᠷᠢᠯᠡᠬᠦ ᠳᠤᠭᠳᠠᠭᠠᠯ ᠳᠤ ᠨᠡᠶᠢᠴᠡᠭᠰᠡᠨ ᠦᠬᠡᠢ ᠠᠵᠤ | ᠠᠬᠤᠶᠢᠯᠠᠯ ᠳᠤ ᠳᠤᠷᠭᠠᠯ ᠬᠢᠵᠤ᠂ ᠭᠤᠤᠯᠳᠠᠯᠭ᠎ᠠ ᠲᠠᠢ ᠬᠡᠰᠡᠭ᠂ ᠨᠢᠬᠡᠴᠡ ᠶᠢᠨ ᠪᠠᠴᠢᠮ ᠪᠠᠶᠢᠳᠠᠯ ᠢ ᠠᠷᠭᠠᠴᠠᠭᠠᠬᠤ | ᠴᠢᠳᠠᠪᠦᠷᠢ ᠶᠢ ᠳᠡᠭᠡᠭᠰᠢᠯᠡᠬᠦᠯᠬᠦ ᠬᠡᠷᠡᠭᠲᠡᠢ᠃ | ︵ᠳᠦᠷᠪᠡ︶ ᠠᠭᠤᠷᠬᠠᠢ ᠶᠢᠨ ᠠᠵᠤ ᠠᠬᠤᠶᠢᠯᠠᠯ ᠤᠨ ᠠᠮᠤᠷ ᠲᠦᠪᠰᠢᠨ ᠤ ᠬᠢᠨᠠᠨ ᠬᠠᠮᠢᠶᠠᠷᠣᠯᠳᠠ ᠶᠢ ᠤᠯᠠᠮ | ᠨᠢᠬᠡ ᠠᠯᠬᠤᠮ ᠴᠢᠩᠭᠠᠳᠬᠠᠬᠤ ᠭᠡᠷᠡᠭᠲᠡᠢ | ᠨᠡᠬᠦᠷᠡᠰᠦᠨ ᠠᠭᠤᠷᠬᠠᠢ ᠶᠢ ᠵᠠᠰᠠᠨ ᠴᠡᠭᠴᠡᠯᠡᠬᠦ ᠠᠷᠭ᠎ᠠ ᠠᠪᠴᠠᠯ ᠪᠠ ᠦᠨᠳᠦᠷ ᠳᠠᠷᠣᠯᠳᠠ ᠶᠢᠨ ᠪᠠᠶᠢᠳᠠᠯ ᠢ | ᠦᠷᠬᠦᠯᠵᠢᠯᠡᠨ ᠴᠢᠩᠭᠠᠳᠬᠠᠵᠤ᠂ ᠨᠡᠬᠦᠷᠡᠰᠦᠨ ᠪᠤᠰᠤ ᠠᠭᠤᠷᠬᠠᠢ ᠶᠢᠨ ᠠᠵᠤ ᠠᠬᠤᠶᠢᠯᠠᠯ ᠠᠴᠠ ᠦᠢᠯᠡᠳᠪᠦᠷᠢᠯᠡᠯ ᠤᠨ | ᠡᠯ᠎ᠡ ᠭᠤᠭᠴᠤᠭ᠎ᠠ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢ ᠪᠦᠬᠦ ᠳᠠᠯ᠎ᠠ ᠪᠠᠷ ᠨᠠᠶᠢᠳᠠᠪᠦᠷᠢᠵᠢᠭᠤᠯᠵᠤ᠂ ᠳᠠᠯᠳᠠ | ᠬᠡᠮ ᠢ ᠪᠠᠶᠢᠴᠠᠭᠠᠨ ᠴᠡᠭᠴᠡᠯᠡᠬᠦ ᠬᠦᠴᠦᠯᠡᠴᠡ ᠪᠠᠨ ᠨᠡᠮᠡᠭᠳᠡᠬᠦᠯᠬᠦ ᠭᠡᠷᠡᠭᠲᠡᠢ᠃ ᠠᠭᠤᠷᠬᠠᠢ ᠶᠢᠨ ᠦᠢᠯᠡᠳᠪᠦᠷᠢᠯᠡᠯ ᠤᠨ | ᠴᠢᠳᠠᠪᠦᠷᠢ ᠶᠢᠨ ᠬᠢᠨᠠᠨ ᠬᠠᠮᠢᠶᠠᠷᠣᠯᠳᠠ ᠶᠢ ᠴᠢᠩᠭᠠᠷᠠᠭᠤᠯᠵᠤ᠂ ᠬᠠᠤᠯᠢ ᠪᠤᠰᠤ ᠪᠠᠷ ᠵᠤᠬᠢᠶᠠᠨ ᠪᠠᠶᠢᠭᠤᠯᠤᠨ | ᠦᠢᠯᠡᠳᠪᠦᠷᠢᠯᠡᠬᠦ ᠶᠢ ᠴᠢᠩᠭ᠎ᠠ ᠬᠤᠷᠢᠭᠯᠠᠬᠤ ᠬᠡᠷᠡᠭᠲᠡᠢ᠃ | 2012 ᠣᠨ ᠤ 9 ᠰᠠᠷ᠎ᠠ ᠶᠢᠨ 27 ᠤ ᠡᠳᠦᠷ |