| ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠤᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ | ᠮᠦᠴᠢᠷ᠂ ᠡᠯ᠎ᠡ ᠡᠭᠴᠡ ᠬᠠᠮᠢᠶᠠᠷᠤᠯᠲᠠ ᠶᠢᠨ ᠨᠢᠭᠡᠴᠡ ᠳᠤ᠄ | ᠵᠠᠰᠠᠭ ᠤᠨ ᠶᠠᠪᠤᠳᠠᠯ ᠤᠨ ᠠᠯᠪᠠᠯᠠᠬᠤ ᠰᠢᠰᠲ᠋ᠧᠮ ᠤᠨ ᠠᠵᠢᠯᠳᠠᠳ ᠤᠨ ᠳᠣᠬᠠᠶᠢᠯᠠᠭᠰᠠᠨ ᠠᠵᠢᠯ ᠤᠨ | ᠴᠢᠳᠠᠪᠦᠷᠢ ᠪᠠ ᠬᠢᠷᠢ ᠲᠦᠪᠰᠢᠨ ᠢ ᠳᠡᠭᠡᠭᠰᠢᠯᠡᠭᠦᠯᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ | ᠳᠣᠰᠠᠳᠠ᠂ ᠣᠶᠢᠷ᠎ᠠ ᠳᠤ᠂ ᠵᠠᠰᠠᠭ ᠤᠨ ᠣᠷᠳᠣᠨ ᠤ ᠰᠢᠰᠲ᠋ᠧᠮ ᠤᠨ ᠠᠯᠪᠠᠨ ᠭᠡᠷ ᠤᠨ ᠡᠷᠬᠢᠯᠡᠭᠴᠢ ︵ᠨᠠᠷᠢᠨ | ᠪᠢᠴᠢᠭᠡᠴᠢ︶ ᠶᠢᠨ ᠪᠤᠯᠪᠠᠰᠣᠷᠠᠭᠤᠯᠣᠯ ᠤᠨ ᠠᠩᠬᠢ ᠶᠢ ᠡᠷᠬᠢᠯᠡᠬᠦ ᠪᠠᠷ ᠳᠤᠭᠳᠠᠵᠠᠢ᠃ ᠡᠳᠦᠭᠡ ᠬᠤᠯᠪᠤᠭᠳᠠᠯ ᠪᠦᠬᠦᠢ | ᠶᠠᠪᠤᠳᠠᠯ ᠤᠳ ᠢ ᠳᠣᠣᠷ᠎ᠠ ᠮᠡᠳᠡᠭᠳᠡᠶ᠎ᠡ᠄ | ᠨᠢᠬᠡ᠂ ᠪᠤᠯᠪᠠᠰᠣᠷᠠᠭᠤᠯᠤᠯ ᠤᠨ ᠡᠳᠡᠭᠡᠳ | ᠡᠯ᠎ᠡ ᠰᠣᠮᠣ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ | ᠮᠦᠴᠢᠷ᠂ ᠡᠯ᠎ᠡ ᠡᠭᠴᠡ ᠬᠠᠮᠢᠶᠠᠷᠤᠯᠲᠠ ᠶᠢᠨ ᠨᠢᠭᠡᠴᠡ ᠶᠢᠨ ᠠᠯᠪᠠᠨ ᠭᠡᠷ ᠤᠨ ᠡᠷᠬᠢᠯᠡᠭᠴᠢ ︵ᠨᠠᠷᠢᠨ ᠪᠢᠴᠢᠭᠡᠴᠢ︶ | ᠵᠢᠴᠢ ᠬᠠᠮᠢᠶ᠎ᠠ ᠪᠦᠬᠦᠢ ᠵᠠᠰᠠᠭ ᠤᠨ ᠶᠠᠪᠤᠳᠠᠯ ᠤᠨ ᠠᠵᠢᠯᠳᠠᠳ᠃ | ᠬᠤᠶᠠᠷ᠂ ᠪᠤᠯᠪᠠᠰᠤᠷᠠᠭᠤᠯᠤᠯ ᠤᠨ ᠠᠭᠤᠯᠭ᠎ᠠ | ︵ᠨᠢᠭᠡ︶ ᠳᠤᠮᠤ ᠬᠡᠯᠪᠡᠷᠢ ᠶᠢᠨ ᠮᠠᠲ᠋ᠧᠷᠢᠶᠠᠯ ᠢ ᠵᠤᠬᠢᠶᠠᠨ ᠪᠢᠴᠢᠬᠦ︔ | ︵ᠬᠤᠶᠠᠷ︶ ᠠᠯᠪᠠᠨ ᠪᠢᠴᠢᠭ ᠢ ᠵᠤᠬᠢᠶᠠᠨ ᠪᠢᠴᠢᠬᠦ ᠬᠢᠭᠡᠳ ᠰᠢᠢᠳᠪᠦᠷᠢᠯᠡᠬᠦ︔ | ︵ᠭᠤᠷᠪᠠ︶ ᠵᠠᠰᠠᠭ ᠤᠨ ᠶᠠᠪᠣᠳᠠᠯ ᠤᠨ ᠰᠣᠷᠠᠭ ᠴᠢᠮᠡᠭᠡ ᠶᠢ ᠵᠤᠬᠢᠶᠠᠨ ᠪᠢᠴᠢᠬᠦ ᠬᠢᠭᠡᠳ ᠮᠡᠳᠡᠭᠦᠯᠦᠨ ᠬᠦᠷᠭᠡᠬᠦ︔ | ︵ᠲᠦᠷᠪᠡ︶ ᠵᠠᠰᠠᠭ ᠤᠨ ᠶᠠᠪᠣᠳᠠᠯ ᠤᠨ ᠰᠢᠮᠳᠠᠭᠤᠯᠤᠨ ᠪᠠᠶᠢᠴᠠᠭᠠᠯᠲᠠ ᠶᠢᠨ ᠦᠨᠳᠦᠰᠦᠨ ᠮᠡᠳᠡᠯᠭᠡ ᠬᠢᠭᠡᠳ | ᠲᠦᠷᠢᠮᠵᠢᠯ︔ | ︵ᠳᠠᠪᠤ ︶ ᠨᠢᠭᠤᠴᠠ ᠶᠢ ᠬᠠᠮᠠᠭᠠᠯᠠᠬᠤ ᠠᠵᠢᠯ᠃ | ᠭᠤᠷᠪᠠ᠂ ᠪᠤᠳᠠᠳᠠᠢ ᠶᠠᠪᠤᠳᠠᠯ ᠤᠳ | ︵ᠨᠢᠭᠡ︶ ᠪᠤᠯᠪᠠᠰᠣᠷᠠᠭᠤᠯᠤᠯ ᠤᠨ ᠴᠠᠭ ᠬᠤᠭᠤᠴᠠᠭ᠎ᠠ ᠪᠠ ᠭᠠᠵᠠᠷ ᠢ ᠳᠠᠬᠢᠨ ᠮᠡᠳᠡᠭᠳᠡᠨ᠎ᠡ᠃ | ︵ᠬᠤᠶᠠᠷ︶ ᠡᠯ᠎ᠡ ᠭᠠᠵᠠᠷ᠂ ᠡᠯ᠎ᠡ ᠰᠠᠯᠠᠭ᠎ᠠ ᠮᠦᠴᠢᠷ ᠠᠴᠠ ᠱᠠᠭᠠᠷᠳᠠᠯᠭ᠎ᠠ ᠶᠤᠰᠣᠭᠠᠷ᠂ ᠪᠤᠯᠪᠠᠰᠤᠷᠠᠭᠤᠯᠤᠯ ᠳᠤ | ᠣᠷᠣᠯᠴᠠᠬᠤ ᠠᠵᠢᠯᠳᠠᠨ ᠢᠶᠠᠨ ᠳᠤᠬᠢᠷᠠᠭᠤᠯᠵᠤ᠂ ᠴᠠᠭ ᠬᠤᠭᠤᠴᠠᠭ᠎ᠠ ᠶᠤᠰᠣᠭᠠᠷ ᠪᠣᠯᠪᠠᠰᠤᠷᠠᠭᠤᠯᠤᠯ ᠳᠤ ᠣᠷᠤᠯᠴᠠᠬᠤ | ᠶᠢ ᠪᠠᠳᠤᠯᠠᠬᠤ ᠬᠡᠷᠡᠭᠲᠡᠢ᠃ | ︵ᠭᠤᠷᠪᠠ︶ ᠡᠯ᠎ᠡ ᠭᠠᠵᠠᠷ᠂ ᠡᠯ᠎ᠡ ᠰᠠᠯᠠᠭ᠎ᠠ ᠮᠦᠴᠢᠷ ᠠᠴᠠ 2 ᠳ᠋ᠤᠭᠠᠷ ᠰᠠᠷ᠎ᠠ ᠶᠢᠨ 22 ᠤ ᠡᠳᠦᠷ ᠠᠴᠠ ᠡᠮᠦᠨ᠎ᠡ | ᠪᠤᠯᠪᠠᠰᠤᠷᠠᠭᠤᠯᠤᠯ ᠳᠤ ᠣᠷᠣᠯᠴᠠᠬᠤ ᠠᠵᠢᠯᠳᠠᠨ ᠤ ᠨᠡᠷ᠎ᠡ ᠮᠡᠳᠡᠭᠦᠯᠬᠦ ᠬᠦᠰᠦᠨᠦᠭᠲᠦ ᠶᠢ ᠪᠢᠴᠢᠭ ᠮᠠᠲ᠋ᠧᠷᠢᠶᠠᠯ ᠤᠨ | ᠬᠡᠯᠪᠡᠷᠢ ᠪᠠᠷ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ 216 ᠳᠠᠰᠤᠭ ᠲᠤ ᠮᠡᠳᠡᠭᠦᠯᠦᠨ | ᠬᠦᠷᠭᠡᠵᠤ᠂ ᠪᠤᠯᠪᠠᠰᠤᠷᠠᠭᠤᠯᠤᠯ ᠳᠤ ᠣᠷᠣᠯᠴᠠᠬᠤ ᠠᠵᠢᠯᠳᠠᠨ ᠤ ᠨᠡᠷ᠎ᠡ ᠮᠡᠳᠡᠭᠦᠯᠬᠦ ᠬᠦᠰᠦᠨᠦᠭᠲᠦ ᠶᠢᠨ ᠡᠯᠧᠺᠲᠷᠦᠨ | ᠬᠡᠪᠯᠡᠯ ᠢᠶᠠᠨ ᠵᠠᠰᠠᠭ ᠤᠨ ᠣᠷᠳᠤᠨ ᠤ ᠠᠯᠪᠠᠨ ᠭᠡᠷ ᠤᠨ ᠰᠢᠤᠳᠠᠨ ᠬᠠᠶᠠᠭ᠄ kyzqzfb@126.com ᠳᠤ | ᠢᠯᠡᠭᠡᠨ᠎ᠡ᠃ ᠬᠠᠷᠢᠯᠴᠠᠬᠤ ᠬᠦᠮᠦᠨ᠄ ᠬᠤᠸᠠ ᠬᠦᠢ ᠹᠧᠨ᠂ ᠬᠠᠷᠢᠯᠴᠠᠬᠤ ᠣᠳᠠᠰᠣ᠄ 4122894᠃ | 2012 ᠤᠨ ᠤ 2 ᠰᠠᠷ᠎ᠠ ᠶᠢᠨ 20 ᠤ ᠡᠳᠦᠷ |