ᠡᠯ᠎ᠡ ᠰᠣᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ | ᠮᠦᠴᠢᠷ ᠲᠤ᠄ | ᠬᠤᠰᠢᠭᠤᠨ ᠳᠡᠰ ᠤᠨ ᠣᠯᠤᠰ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ᠂ ᠠᠷᠠᠳ ᠤᠨ ᠪᠦᠯᠬᠦᠮ | ᠵᠡᠷᠭᠡ ᠰᠠᠯᠠᠭ᠎ᠠ ᠮᠦᠴᠢᠷ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠤᠨ ᠬᠠᠮᠢᠶᠠᠷᠣᠯᠳᠠ ᠶᠢ | ᠴᠢᠩᠭᠠᠳᠬᠠᠬᠤ ᠶᠢᠨ ᠳᠣᠰᠠᠳᠠ᠂ ︽ᠪᠦᠬᠦᠳᠡ ᠨᠠᠶᠢᠷᠠᠮᠳᠠᠬᠤ ᠳᠤᠮᠳᠠᠳᠣ ᠠᠷᠠᠳ ᠣᠯᠣᠰ ᠤᠨ ᠬᠤᠳᠠᠯᠳᠣᠨ ᠠᠪᠬᠤ | ᠠᠷᠭ᠎ᠠ︾ ᠪᠠ ᠡᠳ᠋ ᠤᠨ ᠵᠠᠰᠠᠭ ᠤᠨ ᠶᠠᠮᠤᠨ ᠵᠢᠴᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠬᠤᠯᠪᠤᠭᠳᠠᠯ ᠪᠦᠬᠦᠢ ᠳᠣᠭᠳᠠᠭᠠᠯ ᠢ ᠦᠨᠳᠦᠰᠦᠯᠡᠵᠤ᠂ ︽ᠬᠤᠷᠴᠢᠨ ᠪᠠᠷᠠᠭᠤᠨ ᠭᠠᠷᠣᠨ ᠳᠣᠮᠳᠠᠳᠤ | ᠬᠤᠰᠢᠭᠤᠨ ᠤ 2012 — 2013 ᠣᠨ ᠤ ᠵᠠᠰᠠᠭ ᠤᠨ ᠣᠷᠳᠤᠨ ᠤ ᠲᠦᠪᠯᠡᠷᠡᠬᠦᠯᠦᠨ ᠬᠤᠳᠠᠯᠳᠤᠨ ᠠᠪᠬᠤ | ᠭᠠᠷᠴᠠᠭ᠂ ᠬᠢᠵᠠᠭᠠᠷᠯᠠᠭᠰᠠᠨ ᠳᠤᠭᠠᠨ ᠤ ᠪᠠᠷᠢᠮᠵᠢᠶ᠎ᠠ ᠪᠠ ᠢᠯᠡ ᠪᠠᠷ ᠳᠠᠭᠠᠭᠠᠯᠲᠠ ᠬᠢᠬᠦ ᠳᠣᠭᠠᠨ ᠤ ᠪᠠᠷᠢᠮᠵᠢᠶ᠎ᠠ︾ ᠶᠢ | ᠳᠣᠭᠳᠠᠭᠠᠵᠠᠢ᠃ ᠡᠳᠦᠭᠡ ᠬᠤᠯᠪᠤᠭᠳᠠᠯ ᠪᠦᠬᠦᠢ ᠶᠠᠪᠤᠳᠠᠯ ᠢ ᠳᠣᠣᠷ᠎ᠠ ᠮᠡᠳᠡᠭᠳᠡᠶ᠎ᠡ ᠄ | ᠨᠢᠬᠡ᠂ ᠬᠤᠰᠢᠭᠤᠨ ᠳᠡᠰ ᠤᠨ ᠣᠯᠤᠰ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ᠂ ᠠᠷᠠᠳ ᠤᠨ | ᠪᠦᠯᠬᠦᠮ ᠤᠨ ᠬᠡᠷᠡᠭᠯᠡᠬᠦ ᠡᠳ᠋ ᠤᠨ ᠵᠠᠰᠠᠭ ᠤᠨ ᠲᠦᠰᠦᠪ ᠤᠨ ᠳᠣᠳᠣᠷᠠᠬᠢ ᠪᠡᠯᠡ ᠮᠦᠩᠬᠦ᠂ ᠲᠦᠰᠦᠪ ᠤᠨ ᠭᠠᠳᠠᠨᠠᠬᠢ | ᠪᠡᠯᠡ ᠮᠦᠩᠬᠦ᠂ ᠦᠪᠡᠰᠦᠪᠡᠨ ᠴᠣᠭᠯᠠᠭᠤᠯᠤᠭᠰᠠᠨ ᠪᠡᠯᠡ ᠮᠦᠩᠬᠦ ᠪᠠ ᠳᠡᠭᠡᠳᠦ ᠱᠠᠳᠤᠨ ᠠᠴᠠ ᠪᠠᠭᠤᠯᠭᠠᠭᠰᠠᠨ ᠡᠯ᠎ᠡ | ᠲᠦᠷᠦᠯ ᠤᠨ ᠳᠣᠰᠬᠠᠢ ᠵᠦᠢᠯ ᠤᠨ ᠪᠡᠯᠡ ᠮᠦᠩᠬᠦ ᠪᠤᠶᠤ ᠬᠡᠷᠡᠭᠯᠡᠭᠰᠡᠨ ᠡᠳ᠋ ᠤᠨ ᠵᠠᠰᠠᠭ ᠤᠨ ᠴᠢᠨᠠᠷᠳᠠᠢ ᠪᠡᠯᠡ ᠮᠦᠩᠬᠦ | ᠶᠢᠨ ᠲᠦᠯᠦᠪᠦᠷᠢ᠂ ᠳᠠᠭᠠᠭᠠᠯᠲᠠ ᠬᠢᠭᠰᠡᠨ ᠡᠯ᠎ᠡ ᠲᠦᠷᠦᠯ ᠤᠨ ᠵᠢᠭᠡᠯᠡᠭᠰᠡᠨ ᠵᠤᠭᠤᠰ᠂ ᠵᠢᠭᠡᠯᠡᠯᠭᠡ ᠵᠡᠷᠭᠡ ᠬᠠᠤᠯᠢ | ᠶᠣᠰᠣᠭᠠᠷ ᠬᠤᠳᠠᠯᠳᠤᠨ ᠠᠪᠬᠤ ᠪᠠᠷ ᠳᠣᠭᠳᠠᠭᠠᠭᠰᠠᠨ ᠲᠦᠪᠯᠡᠷᠡᠬᠦᠯᠦᠨ ᠬᠤᠳᠠᠯᠳᠤᠨ ᠠᠪᠬᠤ ᠶᠢ ᠭᠠᠷᠴᠠᠭ ᠤᠨ | ᠳᠣᠳᠣᠷᠠᠬᠢ ᠪᠤᠶᠤ ᠬᠤᠳᠠᠯᠳᠤᠨ ᠠᠪᠬᠤ ᠬᠢᠵᠠᠭᠠᠷᠯᠠᠭᠰᠠᠨ ᠳᠤᠭᠠᠨ ᠤ ᠪᠠᠷᠢᠮᠵᠢᠶ᠎ᠡ ᠠᠴᠠ ᠳᠡᠭᠡᠭᠰᠢᠬᠢ ᠪᠠᠷᠠᠭᠠᠨ ᠤ | ᠢᠨᠵᠧᠨᠧᠷᠢᠩ ᠪᠠ ᠦᠢᠯᠡᠴᠢᠯᠡᠭᠡᠨ ᠤ ᠠᠵᠢᠯᠯᠠᠭᠠᠨ ᠳᠤ ᠡᠷᠭᠡᠪᠰᠢ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ | ᠬᠡᠷᠡᠭᠵᠢᠬᠦᠯᠦᠨ᠎ᠡ᠃ | ᠬᠤᠶᠠᠷ᠂ ᠵᠠᠰᠠᠭ ᠤᠨ ᠣᠷᠳᠣᠨ ᠤ ᠬᠤᠳᠠᠯᠳᠤᠨ ᠠᠪᠬᠤ ᠳᠤ ᠲᠦᠪᠯᠡᠷᠡᠬᠦᠯᠦᠨ ᠬᠤᠳᠠᠯᠳᠤᠨ ᠠᠪᠬᠤ ᠪᠠ | ᠳᠠᠷᠬᠠᠢ ᠪᠣᠳᠠᠷᠬᠠᠢ ᠬᠤᠳᠠᠯᠳᠤᠨ ᠠᠪᠬᠤ ᠶᠢ ᠬᠡᠷᠡᠭᠵᠢᠬᠦᠯᠬᠦ ᠶᠢ ᠤᠶᠠᠯᠳᠤᠭᠤᠯᠤᠨ᠎ᠠ᠃ ᠡᠬᠦᠨ ᠳᠤ᠂ ᠲᠦᠪᠯᠡᠷᠡᠬᠦᠯᠦᠨ | ᠬᠤᠳᠠᠯᠳᠤᠨ ᠠᠪᠬᠤ ᠭᠠᠷᠴᠠᠭ ᠲᠤ ᠤᠷᠤᠭᠤᠯᠤᠭᠰᠠᠨ ᠵᠢᠴᠢ ᠬᠢᠵᠠᠭᠠᠷᠯᠠᠭᠰᠠᠨ ᠬᠡᠮᠵᠢᠶ᠎ᠡ ᠠᠴᠠ ᠳᠡᠭᠡᠭᠰᠢᠬᠢ ᠶᠢ | ᠡᠷᠭᠡᠪᠰᠢ ᠲᠦᠪᠯᠡᠷᠡᠬᠦᠯᠦᠨ ᠬᠤᠳᠠᠯᠳᠤᠨ ᠠᠪᠬᠤ ᠶᠢ ᠬᠡᠷᠡᠭᠵᠢᠬᠦᠯᠦᠨ᠎ᠡ᠃ ᠲᠦᠪᠯᠡᠷᠡᠬᠦᠯᠦᠨ ᠬᠤᠳᠠᠯᠳᠤᠨ ᠠᠪᠬᠤ | ᠭᠠᠷᠴᠠᠭ ᠠᠴᠠ ᠭᠠᠳᠠᠨᠠᠬᠢ ᠠᠷᠰᠠᠷ ᠬᠤᠳᠠᠯᠳᠤᠨ ᠠᠪᠬᠤ ᠳᠤ ᠳᠠᠷᠬᠠᠢ ᠬᠤᠳᠠᠯᠳᠤᠨ ᠠᠪᠬᠤ ᠶᠢ ᠬᠡᠷᠡᠭᠵᠢᠬᠦᠯᠦᠨ᠎ᠡ᠃ | ᠭᠤᠷᠪᠠ᠂ ᠲᠦᠪᠯᠡᠷᠡᠬᠦᠯᠦᠨ ᠬᠤᠳᠠᠯᠳᠤᠨ ᠠᠪᠬᠤ ᠭᠠᠷᠴᠠᠭ ᠲᠤ ᠣᠷᠣᠭᠤᠯᠣᠭᠰᠠᠨ ᠵᠢᠴᠢ ᠬᠢᠵᠠᠭᠠᠷᠯᠠᠭᠰᠠᠨ | ᠬᠡᠮᠵᠢᠶ᠎ᠡ ᠠᠴᠠ ᠳᠡᠭᠡᠭᠰᠢᠬᠢ ᠨᠢᠭᠡᠲᠦᠯᠲᠡᠢ ᠬᠡᠷᠡᠭᠯᠡᠬᠦ ᠲᠦᠷᠦᠯ ᠵᠦᠢᠯ ᠳᠤ ᠡᠷᠬᠡᠪᠰᠢ ᠬᠤᠰᠢᠭᠤᠨ ᠤ ᠬᠤᠳᠠᠯᠳᠤᠨ | ᠠᠪᠬᠤ ᠲᠦᠪ ᠲᠤ ᠨᠠᠶᠢᠳᠠᠵᠤ ᠣᠷᠣᠯᠠᠨ ᠬᠤᠳᠠᠯᠳᠤᠨ ᠠᠪᠬᠤ ᠪᠤᠶᠤ ᠳᠠᠭᠠᠭᠠᠯᠳᠠ ᠤᠯᠤᠭᠰᠠᠨ ᠳᠤᠭᠳᠠᠭᠰᠠᠨ ᠴᠡᠭ | ᠲᠤ ᠬᠦᠷᠴᠦ ᠬᠤᠳᠠᠯᠳᠤᠨ ᠠᠪᠴᠦ᠂ ᠰᠠᠯᠠᠭ᠎ᠠ ᠮᠦᠴᠢᠷ ᠪᠠ ᠰᠢᠰᠲ᠋ᠧᠮ ᠤᠨ ᠤᠨᠴᠠᠭᠠᠢ ᠱᠠᠭᠠᠷᠳᠠᠯᠭ᠎ᠠ ᠲᠠᠢ ᠳᠣᠰᠬᠠᠢ | ᠬᠡᠷᠡᠭᠯᠡᠬᠦ ᠲᠦᠷᠦᠯ ᠵᠦᠢᠯ ᠳᠤ ᠬᠤᠰᠢᠭᠤᠨ ᠤ ᠡᠳ᠋ ᠤᠨ ᠵᠠᠰᠠᠭ ᠤᠨ ᠳᠣᠪᠴᠢᠶ᠎ᠠ ᠶᠢᠨ ᠵᠠᠰᠠᠭ ᠤᠨ ᠣᠷᠳᠣᠨ ᠤ | ᠬᠤᠳᠠᠯᠳᠤᠨ ᠠᠪᠬᠤ ᠬᠠᠮᠢᠶᠠᠷᠤᠯᠳᠠ ᠶᠢᠨ ᠠᠯᠪᠠᠨ ᠭᠡᠷ ᠤᠨ ᠵᠦᠪᠰᠢᠶᠡᠷᠡᠯ ᠢ ᠤᠯᠭᠤᠭᠰᠠᠨ ᠤ ᠳᠠᠷᠠᠭ᠎ᠠ ᠭᠤᠤᠯ | ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠬᠠᠷᠢᠭᠤᠴᠠᠨ ᠦᠪᠡᠰᠦᠪᠡᠨ ᠲᠦᠪᠯᠡᠷᠡᠬᠦᠯᠦᠨ ᠬᠤᠳᠠᠯᠳᠤᠨ ᠠᠪᠬᠤ ᠶᠢ | ᠬᠡᠷᠡᠭᠵᠢᠬᠦᠯᠦᠨ᠎ᠡ᠃ | ᠳᠦᠷᠪᠡ᠂ ᠬᠤᠳᠠᠯᠳᠤᠨ ᠠᠪᠬᠤ ᠭᠠᠷᠴᠠᠭ ᠵᠢᠴᠢ ᠬᠢᠵᠠᠭᠠᠷᠯᠠᠭᠰᠠᠨ ᠳᠤᠭᠠᠨ ᠤ ᠪᠠᠷᠢᠮᠵᠢᠶ᠎ᠠ ᠶᠢ ᠢᠯᠡ | ᠪᠤᠯᠭᠠᠭᠰᠠᠨ ᠤ ᠳᠠᠷᠠᠭ᠎ᠠ᠂ ᠣᠨᠴᠠᠭᠠᠢ ᠪᠠᠶᠢᠳᠠᠯ ᠪᠠᠶᠢᠵᠤ ᠵᠠᠰᠠᠪᠦᠷᠢ ᠤᠷᠤᠭᠤᠯᠬᠤ᠂ ᠨᠦᠬᠦᠪᠦᠷᠢᠯᠡᠬᠦ ᠴᠢᠬᠤᠯᠠ ᠲᠠᠢ | ᠪᠤᠯ ᠠᠷᠠᠳ ᠤᠨ ᠵᠠᠰᠠᠭ ᠤᠨ ᠣᠷᠳᠣᠨ ᠠᠴᠠ ᠦᠭᠡᠷ᠎ᠡ ᠮᠡᠳᠡᠭᠳᠡᠯ ᠳᠠᠷᠬᠠᠭᠠᠵᠤ ᠨᠡᠶᠢᠳᠡᠯᠡᠨ᠎ᠡ᠃ | ᠳᠠᠪᠤ᠂ ︽ᠵᠠᠰᠠᠭ ᠤᠨ ᠣᠷᠳᠣᠨ ᠤ ᠬᠤᠳᠠᠯᠳᠤᠨ ᠠᠪᠬᠤ ᠠᠷᠭ᠎ᠠ︾ ᠶᠢᠨ ᠳᠣᠭᠳᠠᠭᠠᠯ ᠢ ᠦᠨᠳᠦᠰᠦᠯᠡᠵᠤ᠂ | ᠡᠯ᠎ᠡ ᠨᠢᠭᠡᠴᠡ ᠠᠴᠠ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭᠠᠨ ᠢ ᠡᠳ᠋ ᠤᠨ ᠵᠠᠰᠠᠭ᠂ ᠬᠢᠨᠠᠨ | ᠪᠠᠶᠢᠴᠠᠭᠠᠬᠤ᠂ ᠬᠢᠨᠠᠨ ᠪᠤᠳᠤᠯᠳᠠ ᠵᠡᠷᠭᠡ ᠰᠠᠯᠠᠭ᠎ᠠ ᠮᠦᠴᠢᠷ ᠤᠨ ᠬᠢᠨᠠᠯᠲᠠ ᠲᠠᠯᠪᠢᠯᠲᠠ ᠶᠢ ᠬᠦᠯᠢᠶᠡᠨ᠎ᠡ᠃ ᠬᠤᠰᠢᠭᠤᠨ | ᠤ ᠡᠳ᠋ ᠤᠨ ᠵᠠᠰᠠᠭ ᠤᠨ ᠳᠤᠪᠴᠢᠶ᠎ᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠮᠢᠶᠠᠷᠤᠯᠲᠠ ᠶᠢᠨ ᠠᠯᠪᠠᠨ | ᠭᠡᠷ ᠠᠴᠠ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠢᠯᠡᠴᠢᠯᠡᠨ ᠮᠡᠳᠡᠬᠦᠯᠬᠦ ᠪᠠ ᠵᠠᠭᠠᠯᠳᠤᠯᠭ᠎ᠠ ᠶᠢ | ᠬᠦᠯᠢᠶᠡᠨ᠎ᠡ᠃ ᠬᠠᠷᠢᠯᠴᠠᠬᠤ ᠤᠳᠠᠰᠤ᠄ 4126521᠃ | ᠵᠢᠷᠭᠤᠭ᠎ᠠ᠂ ︽ᠬᠤᠷᠴᠢᠨ ᠪᠠᠷᠠᠭᠤᠨ ᠭᠠᠷᠣᠨ ᠳᠣᠮᠳᠠᠳᠤ ᠬᠤᠰᠢᠭᠤᠨ ᠤ 2012 — 2013 ᠣᠨ ᠤ | ᠵᠠᠰᠠᠭ ᠤᠨ ᠣᠷᠳᠤᠨ ᠤ ᠲᠦᠪᠯᠡᠷᠡᠬᠦᠯᠦᠨ ᠬᠤᠳᠠᠯᠳᠤᠨ ᠠᠪᠬᠤ ᠭᠠᠷᠴᠠᠭ᠂ ᠬᠢᠵᠠᠭᠠᠷᠯᠠᠭᠰᠠᠨ ᠳᠤᠭᠠᠨ ᠤ ᠪᠠᠷᠢᠮᠵᠢᠶ᠎ᠠ | ᠪᠠ ᠢᠯᠡ ᠪᠠᠷ ᠳᠠᠭᠠᠭᠠᠯᠲᠠ ᠬᠢᠬᠦ ᠳᠣᠭᠠᠨ ᠤ ᠪᠠᠷᠢᠮᠵᠢᠶ᠎ᠠ︾ ᠶᠢ ᠳᠠᠷᠣᠮᠠᠯᠯᠠᠨ ᠳᠠᠷᠬᠠᠭᠠᠭᠰᠠᠨ ᠡᠳᠦᠷ ᠠᠴᠠ ᠡᠬᠢᠯᠡᠨ | ᠬᠡᠷᠡᠭᠵᠢᠬᠦᠯᠦᠨ᠎ᠡ᠃ | 2012 ᠤᠨ ᠤ 3 ᠳ᠋ᠣᠭᠠᠷ ᠰᠠᠷ᠎ᠠ ᠶᠢᠨ 12 ᠤ ᠡᠳᠦᠷ |