ᠣᠷᠳᠣᠰ ᠬᠤᠳᠠ ᠵᠡᠷᠭᠡ ᠪᠠᠷᠠᠭᠤᠨ ᠬᠡᠰᠡᠭ ᠤᠨ ᠭᠠᠵᠠᠷ ᠣᠷᠤᠨ ᠤ ᠠᠵᠤ ᠠᠬᠤᠶᠢᠯᠠᠯ ᠤᠨ ᠳᠣᠰᠬᠠᠢ ᠳᠠᠯᠠᠪᠤᠷ ᠲᠤ ᠣᠷᠢᠨ ᠬᠡᠷᠡᠭᠯᠡᠬᠦ ᠬᠤᠷᠠᠯ ᠤᠨ ᠬᠠᠮᠢᠶ᠎ᠠ ᠪᠦᠬᠦᠢ ᠠᠵᠢᠯ ᠢ ᠰᠠᠶᠢᠳᠤᠷ ᠬᠢᠬᠦ ᠳᠤᠬᠠᠢ ᠬᠤᠷᠴᠢᠨ ᠪᠠᠷᠠᠭᠤᠨ ᠭᠠᠷᠣᠨ ᠳᠤᠮᠳᠠᠳᠣ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2017/6/27
ᠡᠯ᠎ᠡ ᠰᠣᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ᠄    ᠮᠠᠨ ᠤ ᠬᠤᠰᠢᠭᠤᠨ ᠳᠤ ᠡᠷᠭᠢᠯᠡᠬᠦ ᠣᠷᠳᠣᠰ ᠬᠤᠳᠠ ᠵᠡᠷᠭᠡ ᠪᠠᠷᠠᠭᠤᠨ ᠬᠡᠰᠡᠭ ᠤᠨ ᠭᠠᠵᠠᠷ ᠣᠷᠤᠨ ᠤ ᠠᠵᠤ ᠠᠬᠤᠶᠢᠯᠠᠯ ᠤᠨ ᠳᠣᠰᠬᠠᠢ ᠳᠠᠯᠠᠪᠤᠷ ᠲᠤ ᠣᠷᠢᠨ ᠬᠡᠷᠡᠭᠯᠡᠬᠦ ᠬᠤᠷᠠᠯ ᠤᠨ ᠬᠠᠮᠢᠶ᠎ᠠ ᠪᠦᠬᠦᠢ ᠠᠵᠢᠯ ᠢ ᠰᠠᠶᠢᠳᠤᠷ ᠬᠢᠵᠤ᠂ ᠣᠷᠢᠨ ᠬᠡᠷᠡᠭᠯᠡᠬᠦ ᠬᠤᠷᠠᠯ ᠤᠨ ᠠᠮᠵᠢᠯᠲᠠ ᠲᠠᠢ ᠶᠠᠪᠤᠭᠳᠠᠬᠤ ᠶᠢ ᠪᠠᠳᠤᠯᠠᠬᠤ ᠶᠢᠨ ᠳᠣᠰᠠᠳᠠ᠂ ᠡᠳᠦᠭᠡ ᠬᠤᠯᠪᠤᠭᠳᠠᠯ ᠪᠦᠬᠦᠢ ᠶᠠᠪᠤᠳᠠᠯ ᠢ ᠳᠣᠣᠷ᠎ᠠ ᠮᠡᠳᠡᠭᠳᠡᠶ᠎ᠡ᠄    ᠨᠢᠬᠡ᠂ ᠣᠷᠢᠨ ᠬᠡᠷᠡᠭᠯᠡᠬᠦ ᠬᠤᠷᠠᠯ ᠤᠨ ᠴᠠᠭ ᠬᠤᠭᠤᠴᠠᠭ᠎ᠠ    2012 ᠤᠨ ᠤ 3 ᠰᠠᠷ᠎ᠠ ᠶᠢᠨ 28 ᠤ ᠡᠳᠦᠷ ᠤᠨ 9 ᠴᠠᠭ ᠠᠴᠠ 14 ᠴᠠᠭ ᠬᠦᠷᠲᠡᠯ᠎ᠡ᠃    ᠬᠤᠶᠠᠷ᠂ ᠣᠷᠢᠨ ᠬᠡᠷᠡᠭᠯᠡᠬᠦ ᠬᠤᠷᠠᠯ ᠤᠨ ᠭᠠᠵᠠᠷ    ᠬᠤᠰᠢᠭᠤᠨ ᠤ ᠠᠵᠢᠯ ᠮᠡᠷᠭᠡᠵᠢᠯ ᠤᠨ ᠦᠨᠳᠦᠷ ᠵᠡᠷᠭᠡ ᠶᠢᠨ ᠳᠤᠮᠳᠠᠳᠣ ᠰᠣᠷᠭᠠᠭᠤᠯᠢ ᠶᠢᠨ ᠶᠣᠰᠣᠯᠠᠯ ᠤᠨ ᠲᠢᠩᠬᠢᠮ᠃   ᠭᠤᠷᠪᠠ᠂ ᠬᠤᠷᠠᠯ ᠬᠤᠷᠠᠯᠳᠤᠬᠤ ᠠᠵᠤ ᠠᠬᠤᠶᠢᠯᠠᠯ    ᠣᠷᠳᠣᠰ ᠬᠤᠳᠠ ᠵᠡᠷᠭᠡ ᠪᠠᠷᠠᠭᠤᠨ ᠬᠡᠰᠡᠭ ᠤᠨ ᠭᠠᠵᠠᠷ ᠣᠷᠣᠨ ᠤ ᠠᠵᠤ ᠠᠬᠤᠶᠢᠯᠠᠯ ᠪᠠ ᠣᠷᠳᠣᠰ ᠬᠤᠳᠠ  ᠶᠢᠨ ᠬᠢᠩᠭᠠᠨ ᠠᠶᠢᠮᠠᠭ ᠲᠤ ᠪᠡᠯᠡ ᠣᠷᠣᠭᠤᠯᠣᠭᠰᠠᠨ ᠠᠵᠤ ᠠᠬᠤᠶᠢᠯᠠᠯ᠂ ᠠᠶᠢᠮᠠᠭ᠂ ᠬᠤᠰᠢᠭᠤ ᠶᠢᠨ ᠭᠤᠤᠯᠳᠠᠯᠭ᠎ᠠ  ᠲᠠᠢ ᠠᠵᠤ ᠠᠬᠤᠶᠢᠯᠠᠯ᠃    ᠳᠦᠷᠪᠡ᠂ ᠠᠵᠢᠯᠲᠠᠨ ᠣᠷᠢᠨ ᠬᠡᠷᠡᠭᠯᠡᠬᠦ ᠡᠳᠡᠭᠡᠳ    ᠪᠦᠬᠦ ᠬᠤᠰᠢᠭᠤᠨ ᠤ ᠬᠦᠳᠡᠭᠡ ᠳᠤᠰᠬᠤᠨ ᠮᠠᠯᠵᠢᠬᠤ ᠤᠷᠤᠨ ᠤ ᠦᠯᠡᠬᠦᠦ ᠬᠦᠳᠡᠯᠮᠦᠷᠢ ᠬᠦᠴᠦᠨ ᠪᠠ ᠠᠵᠢᠯ ᠤᠯᠭᠤᠭ᠎ᠠ ᠦᠬᠡᠢ ᠳᠡᠭᠡᠲᠤ ᠳᠤᠮᠳᠠ ᠵᠡᠷᠭᠡ ᠶᠢᠨ ᠰᠣᠷᠭᠠᠭᠤᠯᠢ ᠠᠴᠠ ᠳᠡᠬᠦᠰᠦᠭᠰᠡᠨ ᠣᠶᠣᠳᠠᠳ᠃   ᠳᠠᠪᠤ᠂ ᠠᠵᠢᠯ ᠤᠨ ᠱᠠᠭᠠᠷᠳᠠᠯᠭ᠎ᠠ    ︵ᠨᠢᠭᠡ︶ ᠡᠯ᠎ᠡ ᠭᠠᠵᠠᠷ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠤᠬᠠᠭᠤᠯᠭ᠎ᠠ ᠶᠢᠨ ᠬᠦᠴᠦᠯᠡᠴᠡ ᠪᠠᠨ ᠨᠡᠮᠡᠭᠳᠡᠬᠦᠯᠵᠤ᠂ ᠲᠧᠯᠸᠢᠰ᠂ ᠷᠠᠳᠢᠣ᠋᠂ ᠰᠣᠨᠢᠨ ᠰᠡᠳᠬᠦᠯ᠂ ᠳᠣᠣᠷ ᠰᠦᠯᠵᠢᠶ᠎ᠡ ᠶᠢᠨ ᠦᠷᠳᠡᠭᠡ ᠵᠡᠷᠭᠡ ᠤᠬᠠᠭᠤᠯᠭ᠎ᠠ ᠶᠢᠨ ᠵᠠᠭᠤᠴᠢᠯᠠᠭᠤᠷ ᠢᠶᠠᠷ ᠳᠠᠮᠵᠢᠨ᠂ ᠴᠠᠭ ᠳᠣᠬᠠᠢ ᠳᠤ ᠨᠢ ᠣᠷᠢᠨ ᠬᠡᠷᠡᠭᠯᠡᠬᠦ ᠬᠤᠷᠠᠯ ᠤᠨ ᠬᠠᠮᠢᠶ᠎ᠠ ᠪᠦᠬᠦᠢ ᠰᠣᠷᠠᠭ ᠴᠢᠮᠡᠭᠡ ᠶᠢ ᠨᠡᠶᠢᠳᠡᠯᠡᠵᠤ᠂ ᠬᠦᠳᠡᠯᠮᠦᠷᠢ ᠬᠦᠴᠦᠨ ᠢ ᠰᠢᠯᠵᠢᠬᠦᠯᠬᠦ ᠪᠠ ᠠᠵᠢᠯ ᠤᠯᠭᠤᠭ᠎ᠠ ᠦᠬᠡᠢ ᠳᠡᠭᠡᠲᠤ ᠳᠤᠮᠳᠠ ᠵᠡᠷᠭᠡ ᠶᠢᠨ ᠰᠣᠷᠭᠠᠭᠤᠯᠢ ᠠᠴᠠ ᠳᠡᠬᠦᠰᠦᠭᠰᠡᠨ ᠣᠶᠣᠳᠠᠳ ᠤᠨ ᠠᠵᠢᠯ ᠣᠯᠭᠤᠯᠲᠠ ᠶᠢ ᠠᠬᠢᠭᠤᠯᠤᠨ᠎ᠠ᠃    ︵ᠬᠤᠶᠠᠷ︶ ᠡᠯ᠎ᠡ ᠰᠤᠮᠤ ᠪᠠᠯᠭᠠᠰᠤ ᠭᠠᠴᠠᠭ᠎ᠠ ᠪᠦᠷᠢ ᠠᠴᠠ 5 ᠭᠠᠳᠠᠭᠰᠢ ᠭᠠᠷᠴᠤ ᠠᠵᠢᠯ ᠣᠯᠭᠤᠬᠤ ᠬᠦᠰᠡᠯ  ᠲᠠᠢ ᠬᠦᠮᠦᠨ ᠢ ᠬᠤᠷᠠᠯ ᠳᠤ ᠣᠷᠣᠯᠴᠠᠭᠤᠯᠤᠨ᠎ᠠ᠃ ᠪᠠᠶᠠᠨᠬᠤᠰᠢᠭᠤ ᠪᠠᠯᠭᠠᠰᠤᠨ ᠠᠴᠠ ᠨᠡᠶᠢᠭᠡᠮ ᠳᠣᠭᠤᠷᠢᠭ ᠪᠦᠷᠢ  ᠠᠴᠠ 100 ᠭᠠᠳᠠᠭᠰᠢ ᠭᠠᠷᠴᠤ ᠠᠵᠢᠯ ᠣᠯᠭᠤᠬᠤ ᠬᠦᠰᠡᠯ ᠲᠠᠢ ᠬᠦᠮᠦᠨ ᠢ ᠵᠤᠬᠢᠶᠠᠨ ᠪᠠᠶᠢᠭᠤᠯᠤᠨ ᠬᠤᠷᠠᠯ ᠳᠤ ᠣᠷᠣᠯᠴᠠᠭᠤᠯᠤᠨ᠎ᠠ᠃    ︵ᠭᠤᠷᠪᠠ︶ ᠡᠯ᠎ᠡ ᠰᠣᠮᠤ ᠪᠠᠯᠭᠠᠰᠣ ᠠᠴᠠ ᠳᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ ᠳᠣᠰ ᠭᠠᠵᠠᠷ ᠣᠷᠣᠨ ᠤ ᠬᠠᠮᠢᠶ᠎ᠠ ᠪᠦᠬᠦᠢ ᠬᠦᠮᠦᠰ ᠢ ᠵᠤᠬᠢᠶᠠᠨ ᠪᠠᠶᠢᠭᠤᠯᠵᠤ ᠬᠤᠷᠠᠯ ᠳᠤ ᠣᠷᠣᠯᠴᠠᠨ᠎ᠠ᠃ ᠡᠬᠦᠨ ᠳᠤ᠂ ᠬᠤᠶᠠᠷᠰᠣᠮᠤ ᠪᠠᠯᠭᠠᠰᠤ᠂ ᠪᠠᠶᠠᠨᠨᠠᠭᠤᠷ ᠰᠣᠮᠤ᠂ ᠪᠠᠶᠠᠨᠮᠠᠩᠬ᠎ᠠ ᠰᠣᠮᠤ ᠶᠢᠨ ᠵᠠᠰᠠᠭ ᠤᠨ ᠣᠷᠳᠣᠨ ᠤ ᠬᠠᠷᠢᠭᠤᠴᠠᠯᠭᠠᠳᠠᠨ ᠠᠴᠠ ᠦᠪᠡᠰᠦᠪᠡᠨ ᠪᠦᠯᠬᠦᠮ ᠳᠠᠭᠠᠭᠤᠯᠤᠨ ᠬᠤᠷᠠᠯ ᠳᠤ ᠣᠷᠣᠯᠴᠠᠵᠤ᠂ ᠳᠣᠬᠠᠢ ᠶᠢᠨ ᠭᠠᠵᠠᠷ ᠲᠤ 30 ᠨᠡᠷᠡᠰ ᠰᠢᠶᠠᠩ ᠳᠣᠰᠬᠤᠨ ᠤ ᠵᠠᠮ ᠱᠤᠭᠤᠮ ᠤᠨ ᠠᠷᠠᠴᠢᠯᠠᠭᠴᠢ ᠪᠠ ᠨᠣᠳᠤᠭ ᠪᠡᠯᠴᠢᠭᠡᠷ ᠮᠠᠯᠵᠢᠯ ᠤᠢ ᠰᠢᠭᠤᠢ ᠶᠢᠨ ᠬᠠᠮᠠᠭᠠᠯᠠᠯᠲᠠ  ᠶᠢᠨ ᠨᠡᠶᠢᠲᠡ ᠶᠢᠨ ᠠᠰᠠᠷᠠᠮᠵᠢ ᠶᠢᠨ ᠴᠢᠨᠠᠷ ᠲᠠᠢ ᠠᠵᠢᠯ ᠤᠨ ᠪᠠᠶᠢᠷᠢᠨ ᠤ ᠬᠦᠮᠦᠰ ᠲᠠᠢ ᠬᠦᠮᠦᠨ ᠬᠡᠷᠡᠭᠯᠡᠬᠦ ᠬᠡᠷ᠎ᠡ ᠳᠤ ᠭᠠᠷ ᠤᠨ ᠦᠰᠦᠭ ᠵᠢᠷᠣᠨ᠎ᠠ᠃    ︵ᠳᠦᠷᠪᠡ︶ ᠬᠤᠰᠢᠭᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠳᠣᠪᠴᠢᠶ᠎ᠠ ᠠᠴᠠ ᠬᠤᠷᠠᠯ ᠤᠨ ᠳᠠᠯᠠᠪᠦᠷ ᠪᠠᠶᠢᠷᠢᠯᠠᠭᠤᠯᠤᠯᠲᠠ ᠪᠠ ᠠᠵᠢᠯᠳᠠᠨ ᠣᠷᠢᠨ ᠬᠡᠷᠡᠭᠯᠡᠬᠦ ᠠᠵᠤ ᠠᠬᠤᠶᠢᠯᠠᠯ ᠲᠠᠢ ᠨᠡᠶᠢᠯᠡᠯᠲᠡ ᠬᠢᠵᠤ ᠵᠤᠬᠢᠴᠠᠭᠤᠯᠬᠤ ᠠᠵᠢᠯ ᠢ ᠰᠠᠶᠢᠳᠦᠷ ᠬᠢᠵᠤ᠂ ᠠᠵᠢᠯ ᠣᠯᠭᠤᠬᠤ ᠬᠦᠮᠦᠰ ᠲᠤ ᠠᠵᠢᠯ ᠣᠯᠭᠤᠬᠤ ᠲᠦᠷᠦ ᠶᠢᠨ ᠪᠤᠳᠤᠯᠭ᠎ᠠ ᠶᠢᠨ ᠠᠰᠠᠭᠤᠨ ᠰᠣᠷᠠᠭᠯᠠᠯᠲᠠ ᠶᠢᠨ ᠦᠢᠯᠡᠴᠢᠯᠡᠭᠡᠨ ᠢ ᠰᠠᠶᠢᠳᠦᠷ ᠬᠠᠩᠭᠠᠬᠤ ᠬᠡᠷᠡᠭᠲᠡᠢ᠃︵ᠳᠠᠪᠤ︶ ᠬᠤᠷᠠᠯ ᠳᠤ ᠣᠷᠣᠯᠴᠠᠬᠤ ᠬᠦᠮᠦᠰ ᠶᠠᠪᠤᠵᠤ ᠰᠠᠭᠤᠬᠤ ᠵᠠᠮ ᠬᠠᠷᠢᠯᠴᠠᠭᠠᠨ ᠤ ᠰᠦᠢᠳᠭᠡᠯ᠂ ᠢᠳᠡᠵᠤ ᠬᠤᠨᠤᠬᠤ ᠰᠦᠢᠳᠭᠡᠯ ᠢᠶᠠᠨ ᠦᠪᠡᠰᠦᠪᠡᠨ ᠰᠢᠳᠪᠤᠷᠢᠯᠡᠨ᠎ᠡ᠃                                       2012 ᠤᠨ ᠤ 3 ᠰᠠᠷ᠎ᠠ ᠶᠢᠨ 23 ᠤ ᠡᠳᠦᠷ
 
ᠢᠷᠡᠯᠲᠡ᠄ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号