ᠵᠠᠰᠠᠭ ᠤᠨ ᠣᠷᠳᠣᠨ ᠤ ᠭᠠᠩ ᠢ ᠰᠡᠷᠭᠡᠶᠢᠯᠡᠬᠦ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠰᠠᠶᠢᠳᠣᠷ ᠬᠢᠬᠦ ᠲᠤᠬᠠᠢ ᠬᠤᠷᠴᠢᠨ ᠪᠠᠷᠠᠭᠤᠨ ᠭᠠᠷᠤᠨ ᠲᠤᠮᠳᠠᠳᠣ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2017/6/28
ᠡᠯ᠎ᠡ ᠰᠣᠮᠣ ᠪᠠᠯᠭᠠᠰᠣ ᠶᠢᠨ ᠵᠠᠰᠠᠭ ᠤᠨ ᠣᠷᠳᠣᠨ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠲᠤ᠄    ᠨᠢᠭᠡ ᠳᠤ᠂ ᠦᠵᠡᠯ ᠤᠬᠠᠮᠰᠠᠷ ᠢᠶᠠᠨ ᠲᠡᠭᠡᠭᠰᠢᠯᠡᠬᠦᠯᠵᠦ᠂ ᠭᠠᠩ ᠢ ᠰᠡᠷᠭᠡᠶᠢᠯᠡᠬᠦ ᠬᠠᠪᠤᠷ ᠤᠨ ᠲᠠᠷᠢᠶᠠᠯᠠᠭ᠎ᠠ ᠶᠢ ᠵᠤᠬᠢᠶᠠᠨ ᠪᠠᠶᠢᠭᠤᠯᠤᠨ ᠤᠳᠣᠷᠢᠳᠬᠤ ᠶᠢ ᠴᠢᠩᠭᠠᠳᠬᠠᠬᠤ ᠭᠡᠷᠡᠭᠲᠡᠢ᠃ᠨᠢᠳᠣᠨᠣᠨ ᠬᠠᠪᠤᠷ ᠠᠴᠠ ᠨᠠᠰᠢ᠂ ᠪᠦᠬᠦ ᠬᠤᠰᠢᠭᠤᠨ ᠤ ᠪᠤᠷᠤᠭᠠᠨ ᠤ ᠬᠡᠮᠵᠢᠶ᠎ᠡ ᠪᠠᠭ᠎ᠠ᠂ ᠲᠤᠯᠠᠭᠠᠨ ᠤ ᠬᠡᠮᠵᠢᠶ᠎ᠡ ᠦᠨᠳᠦᠷ᠂ ᠴᠠᠭ ᠠᠭᠤᠷ ᠤᠨ ᠰᠠᠯᠠᠭ᠎ᠠ ᠮᠦᠴᠢᠷ ᠤᠨ ᠣᠷᠢᠳᠴᠢᠯᠠᠭᠰᠠᠨ ᠪᠠᠷ᠂ ᠤᠶᠢᠷ᠎ᠠ ᠳᠤ᠂ ᠪᠦᠬᠦ ᠬᠤᠰᠢᠭᠤᠨ ᠤ ᠲᠤᠯᠠᠭᠠᠨ ᠤ ᠬᠡᠮᠵᠢᠶ᠎ᠡ ᠦᠷᠬᠦᠯᠵᠢᠯᠡᠨ ᠲᠡᠭᠡᠭᠰᠢᠯᠡᠨ᠂ ᠪᠤᠷᠤᠭᠠᠨ ᠤ ᠬᠡᠮᠵᠢᠶ᠎ᠡ ᠮᠦᠨᠴᠦ ᠪᠠᠭ᠎ᠠ ᠪᠠᠶᠢᠭᠰᠠᠭᠠᠷ᠃ ᠡᠶᠢᠮᠦ ᠎ ᠠᠴᠠ ᠡᠯ᠎ᠡ ᠭᠠᠵᠠᠷ ᠠᠴᠠ ᠲᠠᠨᠢᠯᠲᠠ ᠪᠠᠨ ᠲᠡᠭᠡᠭᠰᠢᠯᠡᠬᠦᠯᠵᠦ᠂ ᠬᠠᠷᠢᠭᠤᠴᠠᠯᠭᠠᠳᠣ ᠰᠡᠳᠬᠢᠯ ᠪᠤᠯᠤᠨ ᠪᠠᠴᠢᠮ ᠰᠡᠳᠬᠢᠯ ᠎ ᠢᠶᠠᠨ ᠴᠢᠩᠭᠠᠳᠬᠠᠵᠤ᠂ ᠨᠠᠷᠢᠨ ᠨᠢᠭᠳᠠ ᠪᠠᠶᠢᠷᠢᠯᠠᠭᠤᠯᠤᠨ᠂ ᠢᠳᠡᠪᠬᠢᠲᠡᠢ ᠠᠷᠭᠠᠴᠠᠭᠠᠬᠤ ᠬᠡᠷᠡᠭᠳᠡᠢ᠃    ᠬᠤᠶᠠᠷ ᠳᠤ᠂ ᠪᠦᠲᠦᠮᠵᠢᠲᠡᠢ ᠠᠷᠭ᠎ᠠ ᠠᠪᠴᠠᠯ ᠠᠪᠴᠤ᠂ ᠭᠠᠩ ᠢ ᠰᠡᠷᠭᠡᠶᠢᠯᠡᠬᠦ ᠲᠠᠷᠢᠶᠠᠯᠠᠭ᠎ᠠ ᠶᠢᠨ ᠠᠵᠢᠯ ᠢ ᠪᠦᠬᠦ ᠲᠠᠯ᠎ᠠ ᠪᠠᠷ ᠰᠠᠶᠢᠳᠣᠷ ᠬᠢᠬᠦ ᠭᠡᠷᠡᠭᠲᠡᠢ᠃ᠡᠯ᠎ᠡ ᠭᠠᠵᠠᠷ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠷᠢᠶᠠᠨ ᠭᠠᠵᠠᠷ ᠢ ᠣᠰᠣᠯᠠᠬᠤ ᠠᠵᠢᠯ ᠢ ᠢᠳᠡᠪᠬᠢᠲᠡᠢ ᠬᠢᠵᠦ᠂ ᠣᠳᠣᠬᠢ ᠪᠠᠶᠢᠭ᠎ᠠ ᠣᠰᠣᠨ ᠰᠣᠷᠪᠤᠯᠵᠢ᠂ ᠭᠠᠩ ᠢ ᠠᠷᠭᠠᠴᠠᠭᠠᠬᠤ ᠲᠤᠨᠤᠭ ᠲᠦᠭᠦᠭᠡᠷᠦᠮᠵᠢ ᠢ ᠬᠦᠢᠴᠡᠳ ᠠᠰᠢᠭᠯᠠᠨ᠂ ᠬᠢᠵᠠᠭᠠᠷᠳᠠᠢ ᠣᠰᠣᠨ ᠰᠣᠷᠪᠤᠯᠵᠢ ᠶᠢᠨ ᠭᠠᠩ ᠢ ᠠᠷᠭᠠᠴᠠᠭᠠᠬᠤ ᠦᠷ᠎ᠡ ᠪᠦᠲᠦᠮᠵᠢ ᠢ ᠬᠦᠢᠴᠡᠳ ᠪᠠᠳᠠᠷᠠᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠪᠤᠯᠤᠨ ᠴᠠᠭ ᠠᠭᠤᠷ ᠤᠨ ᠰᠠᠯᠠᠭ᠎ᠠ ᠮᠦᠴᠢᠷ ᠭᠠᠩ ᠤᠨ ᠪᠠᠶᠢᠳᠠᠯ ᠎ ᠢ ᠴᠠᠭ ᠲᠤᠬᠠᠢ ᠳᠤᠨᠢ ᠠᠩᠬᠠᠷᠣᠨ᠂ ᠭᠠᠩ ᠢ ᠰᠡᠷᠭᠡᠶᠢᠡᠯᠨ ᠭᠠᠮᠰᠢᠭ ᠢ ᠪᠠᠭᠠᠰᠬᠠᠬᠤ ᠠᠵᠢᠯ ᠳᠤ ᠢᠳᠡᠪᠬᠢᠲᠡᠢ ᠦᠢᠯᠡᠴᠢᠯᠡᠨ᠎ᠡ᠃    ᠭᠤᠷᠪᠠ ᠳᠤ᠂ ᠬᠢᠨᠠᠨ ᠪᠠᠶᠢᠴᠠᠭᠠᠯᠳᠠ ᠪᠠᠷ ᠴᠢᠩᠭᠠᠳᠬᠠᠨ᠂ ᠡᠯ᠎ᠡ ᠭᠠᠵᠠᠷ ᠤᠨ ᠭᠠᠩ ᠢ ᠰᠡᠷᠭᠡᠶᠢᠡᠯᠬᠦ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠪᠦᠲᠦᠮᠵᠢᠲᠡᠢ ᠨᠠᠶᠢᠳᠠᠪᠦᠷᠢᠵᠢᠭᠤᠯᠬᠤ ᠭᠡᠷᠡᠭᠲᠡᠢ᠃ᠡᠯ᠎ᠡ ᠭᠠᠵᠠᠷ᠂ ᠡᠯ᠎ᠡ ᠰᠠᠯᠠᠭ᠎ᠠ ᠮᠦᠴᠢᠷ ᠠᠴᠠ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠲᠡᠷᠢᠬᠦᠨ ᠳᠤ ᠲᠠᠯᠪᠢᠵᠤ᠂ ᠮᠡᠷᠭᠡᠵᠢᠯᠲᠡᠨ ᠢ ᠵᠤᠬᠢᠶᠠᠨ ᠪᠠᠶᠢᠭᠤᠯᠤᠨ ᠲᠠᠷᠢᠶᠠᠨ ᠴᠢᠬᠢ᠂ ᠭᠠᠩ ᠤᠨ ᠪᠠᠶᠢᠳᠠᠯ ᠢ ᠪᠠᠶᠢᠴᠠᠭᠠᠨ᠂ ᠴᠢᠭᠯᠡᠯᠳᠦ ᠴᠢᠨᠠᠷ ᠎ ᠲᠠᠢ ᠮᠡᠷᠭᠡᠵᠢᠯ ᠤᠨ ᠲᠦᠰᠦᠯ ᠬᠠᠩᠭᠠᠨ᠎ᠠ᠃ ᠤᠬᠠᠭᠤᠯᠭ᠎ᠠ ᠪᠠᠨ ᠴᠢᠩᠭᠠᠳᠬᠠᠨ᠂ ᠭᠠᠩ ᠢ ᠡᠰᠡᠷᠭᠦᠴᠡᠬᠦ ᠰᠣᠷᠠᠭ ᠴᠢᠮᠡᠭᠡ ᠶᠢ ᠴᠠᠭ ᠲᠤᠬᠠᠢ ᠳᠤᠨᠢ ᠬᠠᠩᠭᠠᠨ᠂ ᠣᠯᠠᠨ ᠲᠦᠮᠡᠨ ᠢ ᠵᠢᠯᠤᠭᠤᠳᠣᠨ ᠬᠠᠪᠤᠷ ᠤᠨ ᠲᠠᠷᠢᠶᠠᠯᠠᠭ᠎ᠠ ᠢ ᠰᠠᠶᠢᠳᠣᠷ ᠬᠢᠵᠦ᠂ ᠮᠠᠯᠴᠢᠨ ᠲᠠᠷᠢᠶᠠᠴᠢᠨ ᠤ ᠣᠷᠣᠯᠭ᠎ᠠ ᠨᠡᠮᠡᠭᠳᠡᠬᠦ ᠳᠤ ᠪᠠᠳᠣ ᠪᠠᠬᠢ ᠰᠠᠭᠤᠷᠢ ᠢ ᠳᠠᠯᠪᠢᠬᠤ ᠭᠡᠷᠡᠭᠲᠡᠢ᠃                                                        2017 ᠤᠨ ᠤ 5 ᠰᠠᠷ᠎ᠠ ᠶᠢᠨ 6᠎ ᠤ ᠡᠳᠦᠷ
 
ᠢᠷᠡᠯᠲᠡ᠄ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号