︽ᠬᠤᠷᠴᠢᠨ ᠪᠠᠷᠠᠭᠤᠨ ᠭᠠᠷᠤᠨ ᠲᠤᠮᠳᠠᠳᠣ ᠬᠤᠰᠢᠭᠤᠨ ᠤ ᠬᠤᠶᠠᠳᠣᠭᠠᠷ ᠲᠡᠰ ᠤᠨ ᠭᠠᠩ ᠢ ᠡᠰᠡᠷᠭᠦᠴᠡᠬᠦ ᠶᠢ ᠲᠦᠰᠦᠯ ᠢ ᠬᠡᠷᠡᠭᠵᠢᠬᠦᠯᠬᠦ︾ ᠲᠤᠬᠠᠢ ᠬᠤᠷᠴᠢᠨ ᠪᠠᠷᠠᠭᠤᠨ ᠭᠠᠷᠤᠨ ᠲᠤᠮᠳᠠᠳᠣ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2017/6/28
ᠡᠯ᠎ᠡ ᠰᠣᠮᠣ ᠪᠠᠯᠭᠠᠰᠣ ᠶᠢᠨ ᠵᠠᠰᠠᠭ ᠤᠨ ᠣᠷᠳᠣᠨ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ᠂ ᠬᠤᠰᠢᠭᠤᠨ ᠳᠤ ᠰᠠᠭᠤᠷᠢᠰᠢᠵᠤ ᠪᠠᠶᠢᠭ᠎ᠠ ᠠᠩᠭᠢ᠂ ᠬᠠᠮᠢᠶ᠎ᠠ ᠪᠦᠬᠦᠢ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ᠄     4 ᠰᠠᠷ᠎ᠠ ᠠᠴᠠ ᠨᠠᠰᠢ᠂ ᠮᠠᠨ ᠤᠨ ᠬᠤᠰᠢᠭᠤᠨ ᠤᠨ ᠬᠦᠳᠡᠭᠡ ᠲᠤᠰᠬᠤᠨ ᠮᠠᠯᠵᠢᠬᠤ ᠣᠷᠣᠨ ᠤᠨ ᠬᠤᠷ᠎ᠠ ᠲᠤᠨᠤᠳᠠᠰᠣ ᠶᠢᠨ ᠬᠡᠮᠵᠢᠶ᠎ᠡ ᠦᠩᠭᠡᠷᠡᠭᠰᠡᠨ ᠵᠢᠯ ᠤᠨ ᠠᠳᠠᠯᠢ ᠬᠤᠭᠤᠴᠠᠭᠠᠨ ᠤ ᠬᠢ ᠠᠴᠠ ᠪᠠᠭ᠎ᠠ᠂ ᠲᠤᠯᠠᠭᠠᠨ ᠤ ᠬᠡᠮᠵᠢᠶ᠎ᠡ ᠦᠨᠳᠦᠷ᠂ ᠶᠡᠭᠡ ᠰᠠᠯᠬᠢ ᠲᠠᠢ ᠡᠳᠦᠷ ᠠᠷᠪᠢᠨ ᠪᠤᠯᠵᠠᠢ᠃ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠭᠠᠩ ᠢ ᠡᠰᠡᠷᠭᠦᠴᠡᠬᠦ ᠪᠠᠴᠢᠮ ᠢ ᠠᠷᠭᠠᠴᠠᠭᠠᠬᠤ ᠲᠦᠰᠦᠯ︾᠂ ︽ᠬᠢᠩᠭᠠᠨ ᠠᠶᠢᠮᠠᠭ ᠤᠨ ᠦᠶᠡᠷ ᠢ ᠰᠡᠷᠭᠡᠶᠢᠯᠡᠨ ᠭᠠᠩ ᠢ ᠡᠰᠡᠷᠭᠦᠴᠡᠬᠦ ᠵᠢᠯᠤᠭᠤᠳᠬᠤ ᠭᠠᠵᠠᠷ ᠤᠨ ᠭᠠᠩ ᠬᠠᠭᠰᠠᠷᠭᠠᠨ ᠬᠤᠶᠠᠳᠣᠭᠠᠷ ᠳᠡᠰ ᠤᠨ ᠰᠡᠷᠡᠮᠵᠢ ᠵᠢᠴᠢ ᠬᠤᠶᠠᠳᠣᠭᠠᠷ ᠳᠡᠰ ᠤᠨ ᠭᠠᠩ ᠢ ᠡᠰᠡᠷᠭᠦᠴᠡᠬᠦ ᠶᠢ ᠡᠬᠢᠯᠡᠬᠦᠯᠬᠦ ᠪᠠᠴᠢᠮ ᠮᠡᠳᠡᠭᠳᠡᠯ︾ ︵ᠬᠢᠩᠭᠠᠨ ᠠᠶᠢᠮᠠᠭ ᠤᠨ ᠦᠶᠡᠷ ᠢ ᠰᠡᠷᠭᠡᠶᠢᠯᠡᠬᠦ ᠵᠢᠯᠤᠭᠤᠳᠬᠤ ᠲᠦᠪ ﹇2017﹈ 2 ᠨᠤᠮᠧᠷ︶᠎ ᠤᠨ ᠱᠠᠭᠠᠷᠳᠠᠯᠭ᠎ᠠ ᠢ ᠦᠨᠳᠦᠰᠦᠯᠡᠨ ︽ᠬᠤᠷᠴᠢᠨ ᠪᠠᠷᠠᠭᠤᠨ ᠭᠠᠷᠤᠨ ᠲᠤᠮᠳᠠᠳᠣ ᠬᠤᠰᠢᠭᠤᠨ ᠤ ᠬᠤᠶᠠᠳᠣᠭᠠᠷ ᠲᠡᠰ ᠤᠨ ᠭᠠᠩ ᠢ ᠡᠰᠡᠷᠭᠦᠴᠡᠬᠦ ᠶᠢ ᠬᠡᠷᠡᠭᠵᠢᠬᠦᠯᠬᠦ ᠲᠦᠰᠦᠯ ᠤᠨ ᠲᠤᠬᠠᠢ︾ ᠮᠡᠳᠡᠭᠳᠡᠯ ᠢ ᠲᠠᠷᠬᠠᠭᠠᠨ᠂ ᠬᠢᠨᠠᠮᠠᠭᠠᠢ ᠬᠡᠷᠡᠭᠵᠢᠬᠦᠯᠬᠦ ᠢ ᠬᠦᠰᠡᠵᠦ ᠪᠠᠶᠢᠨ᠎ᠠ᠃                                                     2017 ᠣᠨ ᠤ 6 ᠰᠠᠷ᠎ᠠ ᠶᠢᠨ 1᠎ ᠤ ᠡᠳᠦᠷ
 
ᠢᠷᠡᠯᠲᠡ᠄ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号