ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠨᠢ ᠬᠢᠩᠭᠠᠨ ᠠᠶᠢᠮᠠᠭ ᠤᠨ ᠰᠠᠬᠢᠯᠭ᠎ᠠ ᠪᠠᠳᠣ ᠪᠠᠶᠢᠴᠠᠭᠠᠬᠤ ᠰᠢᠰᠲ᠋ᠧᠮ ᠤᠨ ᠬᠢᠨᠠᠨ ᠪᠠᠶᠢᠴᠠᠭᠠᠬᠤ ᠠᠵᠢᠯ ᠤᠨ ᠮᠡᠳᠡᠯᠭᠡ ᠶᠢᠨ ᠮᠦᠷᠦᠶᠢᠴᠡᠭᠡᠨ ᠳᠤ ᠳᠤᠪᠤᠶᠢᠮ᠎ᠠ ᠠᠮᠵᠢᠯᠳᠠ ᠤᠯᠪᠠ
ᠨᠡᠶᠢᠲᠡᠯᠡᠭᠰᠡᠨ ᠴᠠᠭ᠄
2017/6/28
   5 ᠰᠠᠷ᠎ᠠ ᠶᠢᠨ 26᠎ ᠤ ᠡᠳᠦᠷ᠂ ᠬᠢᠩᠭᠠᠨ ᠠᠶᠢᠮᠠᠭ ᠤᠨ ᠰᠠᠬᠢᠯᠭ᠎ᠠ ᠪᠠᠳᠣ ᠪᠠᠶᠢᠴᠠᠭᠠᠬᠤ ᠰᠢᠰᠲ᠋ᠧᠮ ᠤᠨ ᠬᠢᠨᠠᠨ ᠪᠠᠶᠢᠴᠠᠭᠠᠬᠤ ᠠᠵᠢᠯ ᠤᠨ ᠮᠡᠳᠡᠯᠭᠡ ᠶᠢᠨ ᠮᠦᠷᠦᠶᠢᠴᠡᠭᠡᠨ ᠳᠤ᠂ ᠲᠤᠮᠳᠠᠳᠣ ᠬᠤᠰᠢᠭᠤᠨ ᠤ ᠰᠠᠬᠢᠯᠭ᠎ᠠ ᠪᠠᠳᠣ ᠪᠠᠶᠢᠴᠠᠭᠠᠬᠤ ᠲᠤᠪᠴᠢᠶᠠᠨ ᠤ ᠲᠦᠯᠦᠭᠡᠯᠡᠭᠴᠢ 16 ᠨᠡᠷᠡᠰ ᠲᠤᠳᠣᠷᠠᠵᠤ᠂ ︽ᠬᠤᠶᠠᠳᠣᠭᠠᠷ ᠨᠡᠷᠡᠰ︾᠎ ᠤᠨ ᠰᠢᠯᠢᠳᠡᠭ ᠰᠠᠶᠢᠨ ᠦᠷ᠎ᠡ ᠪᠦᠲᠦᠮᠵᠢ ᠤᠯᠪᠠ᠃    ᠮᠦᠷᠦᠶᠢᠴᠡᠭᠡᠨ ᠳᠤ᠂ ᠲᠤᠮᠳᠠᠳᠣ ᠬᠤᠰᠢᠭᠤᠨ ᠤ ᠰᠠᠬᠢᠯᠭ᠎ᠠ ᠪᠠᠳᠣ ᠪᠠᠶᠢᠴᠠᠭᠠᠬᠤ ᠲᠤᠪᠴᠢᠶᠠᠨ ᠤ ᠲᠦᠯᠦᠭᠡᠯᠡᠭᠴᠢ ᠴᠤᠭ ᠵᠢᠪᠬᠤᠭ᠎ᠠ ᠪᠠᠳᠠᠷᠠᠨ᠂ ᠢᠳᠡᠭᠡᠯ ᠲᠡᠭᠦᠯᠳᠡᠷ ᠪᠠᠶᠢᠯ᠎ᠠ᠃ ᠡᠷᠬᠡᠪᠰᠢ ᠬᠠᠷᠢᠭᠤᠯᠬᠤ ᠭᠤᠭᠴᠤᠭ᠎ᠠ ᠎ ᠳᠤ᠂ ᠭᠤᠷᠪᠠ ᠤᠷᠤᠯᠴᠠᠭᠴᠢ ᠯᠠᠪᠳᠠᠭᠤᠨ ᠢᠶᠠᠷ ᠪᠦᠬᠦ ᠰᠡᠳᠦᠪ ᠢ ᠬᠠᠷᠢᠭᠤᠯᠪᠠ᠃ ᠪᠤᠯᠢᠶᠠᠯᠳᠣᠨ ᠬᠠᠷᠢᠭᠤᠯᠬᠤ ᠭᠤᠭᠴᠤᠭᠠᠨ ᠳᠤ᠂ ᠤᠷᠤᠯᠴᠠᠭᠴᠢ ᠴᠠᠭ ᠢ ᠠᠮᠵᠢᠨ ᠲᠦᠷᠭᠡᠨ ᠬᠠᠷᠢᠭᠤᠯᠵᠤ᠂ ᠦᠷᠢᠰᠦᠯᠳᠦᠭᠴᠢ ᠶᠢᠨ ᠬᠤᠭᠤᠷᠤᠨᠳᠣᠬᠢ ᠬᠤᠪᠢ ᠶᠢᠨ ᠵᠦᠷᠢᠶ᠎ᠡ ᠪᠠᠨ ᠶᠡᠬᠡᠰᠭᠡᠪᠡ᠃ ᠲᠦᠭᠰᠢᠬᠦᠷᠳᠦ ᠰᠡᠳᠦᠪ ᠤᠨ ᠭᠤᠭᠴᠤᠭᠠᠨ ᠳᠤ᠂ ᠣᠷᠣᠯᠴᠠᠭᠴᠢ ᠨᠠᠷᠢᠨ ᠲᠤᠩᠭᠠᠨ᠂ ᠬᠢᠨᠠᠮᠠᠭᠠᠢ ᠬᠠᠷᠢᠭᠤᠯᠤᠨ᠂ ᠬᠠᠮᠤᠭ ᠡᠴᠦᠰ ᠳᠤ ᠶᠡᠷᠦᠩᠬᠡᠢ ᠬᠤᠪᠢ 280 ᠬᠤᠪᠢ ᠎ ᠪᠠᠷ ᠮᠦᠷᠦᠶᠢᠴᠡᠭᠡᠨ ᠤ ᠬᠤᠶᠠᠳᠣᠭᠠᠷ ᠨᠡᠷᠡᠰ ᠳᠤ ᠣᠷᠣᠪᠠ᠃ ᠲᠤᠮᠳᠠᠳᠣ ᠬᠤᠰᠢᠭᠤᠨ ᠤ ᠰᠠᠬᠢᠯᠭ᠎ᠠ ᠪᠠᠳᠣ ᠪᠠᠶᠢᠴᠠᠭᠠᠬᠤ ᠲᠤᠪᠴᠢᠶᠠᠨ ᠤ ᠲᠦᠯᠦᠭᠡᠯᠡᠭᠴᠢ ᠶᠢᠨ ᠰᠢᠯᠢᠳᠡᠭ ᠰᠠᠶᠢᠨ ᠢᠯᠡᠷᠡᠯ ᠨᠢ ᠲᠤᠮᠳᠠᠳᠣ ᠬᠤᠰᠢᠭᠤᠨ ᠤ ᠰᠠᠬᠢᠯᠭ᠎ᠠ ᠪᠠᠳᠣ ᠪᠠᠶᠢᠴᠠᠭᠠᠬᠤ ᠠᠩᠭᠢ ᠶᠢᠨ ᠵᠤᠷᠢᠭ ᠲᠡᠬᠦᠯᠳᠡᠷ ᠪᠠᠶᠢᠳᠠᠯ ᠢ ᠢᠯᠡᠷᠡᠭᠦᠯᠪᠡ᠃
 
ᠢᠷᠡᠯᠲᠡ᠄ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号