ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠳᠤᠪᠴᠢᠶ᠎ᠠ ᠺᠠᠳ᠋ᠷ ᠎ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭ᠎ᠠ ᠶᠢᠨ ᠬᠤᠶᠠᠳᠤᠭᠠᠷ ᠱᠠᠳᠤᠨ ᠤ ᠠᠵᠢᠯ ᠢ ᠬᠦᠴᠦᠯᠡᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2017/6/28
   3 ᠰᠠᠷ᠎ᠠ ᠶᠢᠨ 17᠎ ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠬᠢᠯᠭ᠎ᠠ ᠪᠠᠳᠤ ᠬᠢᠨᠠᠨ ᠪᠠᠶᠢᠴᠠᠭᠠᠬᠤ ᠳᠤᠪᠴᠢᠶ᠎ᠠ ᠠᠴᠠ ᠰᠠᠬᠢᠯᠭ᠎ᠠ ᠪᠠᠳᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠎ ᠶᠢᠨ ᠤᠨ ᠤ ᠠᠵᠢᠯᠯᠠᠭ᠎ᠠ ᠶᠢᠨ ᠳᠤᠰᠬᠠᠢ ᠰᠡᠳᠦᠪᠲᠦ ᠠᠬᠢᠭᠤᠯᠬᠤ ᠬᠤᠷᠠᠯ ᠢ ᠬᠤᠷᠠᠯᠳᠤᠭᠤᠯᠵᠤ᠂ ᠡᠯ᠎ᠡ ᠰᠤᠮᠤ ᠪᠠᠯᠭᠠᠰᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ᠂ ᠳᠡᠳ᠋ ᠱᠦᠵᠢ᠂ ᠬᠤᠷᠢᠶ᠎ᠠ ᠳᠤᠪᠴᠢᠶ᠎ᠠ ᠶᠢᠨ ᠪᠦᠬᠦ ᠺᠠᠳ᠋ᠷ ᠠᠵᠢᠯᠳᠠᠨ᠂ ᠡᠯ᠎ᠡ ᠳᠤᠮᠢᠯᠠᠨ ᠰᠠᠭᠤᠯᠭᠠᠭᠰᠠᠨ ᠰᠠᠬᠢᠯᠭ᠎ᠠ ᠪᠠᠳᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠬᠤᠷᠠᠯ ᠳᠤ ᠤᠷᠤᠯᠴᠠᠪᠠ᠃ ᠬᠤᠰᠢᠭᠤᠨ ᠤ ᠬᠢᠨᠠᠨ ᠪᠠᠶᠢᠴᠠᠭᠠᠬᠤ ᠳᠤᠪᠴᠢᠶᠠᠨ ᠤ ᠳᠤᠪᠴᠢᠶᠠᠨ ᠳᠠᠷᠤᠭ᠎ᠠ ᠹᠦ᠋ ᠱᠤᠸᠠᠩ ᠰᠢ ᠠᠴᠠ ᠪᠦᠬᠦ ᠬᠤᠰᠢᠭᠤᠨ ᠤ ᠰᠠᠬᠢᠯᠭ᠎ᠠ ᠪᠠᠳᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠣᠨ ᠤ ᠠᠵᠢᠯᠯᠠᠭ᠎ᠠ ᠶᠢᠨ ᠬᠤᠶᠠᠳᠤᠭᠠᠷ ᠱᠠᠳᠤᠨ ᠤ ᠠᠰᠠᠭᠤᠳᠠᠯ ᠢ ᠪᠠᠶᠢᠴᠠᠭᠠᠨ ᠵᠠᠯᠠᠷᠠᠭᠤᠯᠬᠤ ᠪᠠ ᠳᠠᠷᠤᠢ ᠳᠦᠷᠭᠡᠨ ᠵᠠᠰᠠᠨ ᠰᠠᠶᠢᠵᠢᠷᠠᠭᠤᠯᠬᠤ ᠠᠵᠢᠯ ᠢ ᠪᠤᠳᠠᠳᠠᠢ ᠳᠤᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠤᠮᠤ ᠪᠠᠯᠭᠠᠰᠤ ᠶᠢᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ᠂ ᠬᠤᠷᠢᠶ᠎ᠠ ᠵᠦᠪᠯᠡᠯ ᠤᠨ ᠡᠯ᠎ᠡ ᠬᠡᠯᠳᠡᠰ ᠳᠠᠰᠤᠭ᠂ ᠡᠯ᠎ᠡ ᠳᠤᠮᠢᠯᠠᠨ ᠰᠠᠭᠤᠯᠭᠠᠭᠰᠠᠨ ᠰᠠᠬᠢᠯᠭ᠎ᠠ ᠪᠠᠳᠤ ᠪᠠᠶᠢᠴᠠᠭᠠᠬᠤ ᠳᠤᠭᠤᠶᠢᠯᠠᠩ ᠠᠴᠠ ᠰᠠᠭᠠᠳ ᠦᠬᠡᠢ ᠪᠠᠷ ᠰᠠᠨᠠᠯ ᠢ ᠰᠤᠨᠤᠰᠴᠦ᠂ ᠦᠪᠡᠰᠦᠪᠡᠨ ᠪᠠᠶᠢᠴᠠᠭᠠᠬᠤ ᠶᠢ ᠬᠦᠨᠵᠡᠬᠡᠢ ᠦᠷᠨᠢᠬᠦᠯᠵᠤ᠂ ᠠᠵᠢᠯ ᠤᠨ ᠳᠠᠩᠰᠠ ᠶᠢ ᠵᠤᠬᠢᠶᠠᠵᠤ᠂ ᠳᠦᠷᠦᠯ ᠨᠢᠬᠡᠪᠦᠷᠢ ᠶᠢᠨ ᠠᠰᠠᠭᠤᠳᠠᠯ ᠳᠤ ᠳᠠᠩᠰᠠ ᠺᠠᠷᠲ ᠵᠤᠬᠢᠶᠠᠵᠤ᠂ ᠬᠠᠷᠢᠭᠤᠴᠯᠠᠭ᠎ᠠ ᠶᠢᠨ ᠳᠤᠳᠤᠷᠬᠠᠢ ᠬᠠᠭᠤᠳᠠᠰᠤ ᠶᠢ ᠭᠠᠷᠭᠠᠵᠤ᠂ ᠦᠨᠡᠨᠬᠦ ᠵᠠᠰᠠᠨ ᠰᠠᠶᠢᠵᠢᠷᠠᠭᠤᠯᠬᠤ ᠵᠡᠷᠭᠡ ᠠᠵᠢᠯ ᠤᠨ ᠠᠷᠭ᠎ᠠ ᠠᠪᠴᠠᠯ ᠢ ᠠᠪᠴᠦ᠂ ᠨᠠᠷᠢᠨ ᠨᠢᠬᠳᠠ ᠳᠤᠬᠢᠷᠠᠭᠤᠯᠤᠯᠳᠠ ᠬᠢᠵᠤ᠂ ᠪᠤᠳᠠᠳᠠᠢ ᠪᠠᠶᠢᠷᠢᠯᠠᠭᠤᠯᠤᠯᠳᠠ ᠬᠢᠬᠦ ᠬᠡᠷᠡᠭᠲᠡᠢ ᠬᠡᠵᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠰᠢᠭᠤᠨ ᠤ ᠰᠠᠬᠢᠯᠭ᠎ᠠ ᠪᠠᠳᠤ ᠬᠢᠨᠠᠨ ᠪᠠᠶᠢᠴᠠᠭᠠᠬᠤ ᠺᠠᠳ᠋ᠷ ᠎ ᠠᠴᠠ ᠰᠠᠨᠠᠯ ᠬᠤᠷᠢᠶᠠᠬᠤ ᠬᠦᠷᠢᠶ᠎ᠡ ᠬᠡᠪᠴᠢᠶ᠎ᠡ ᠪᠠ ᠡᠳᠡᠭᠡᠳ ᠢ ᠡᠵᠡᠮᠰᠢᠬᠦ ᠳᠡᠭᠡᠷ᠎ᠡ ︽ᠳᠡᠭᠡᠲᠦ ᠳᠤᠤᠷᠠᠲᠦ ᠱᠠᠳᠤ ᠤᠶᠠᠯᠳᠤᠵᠤ᠂ ᠳᠤᠳᠤᠨ᠎ᠠ ᠭᠠᠳᠠᠨ᠎ᠠ ᠶᠢ ᠬᠠᠪᠰᠤᠷᠭᠠᠨ᠂ ᠦᠷᠭᠡᠨ ᠳᠡᠯᠬᠡᠷᠡᠩᠬᠦᠢ ᠤᠯᠠᠨ ᠡᠰᠢᠲᠦ᠂ ᠦᠨᠳᠦᠰᠦᠨ ᠱᠠᠳᠤ ᠪᠠᠷ ᠭᠤᠤᠯᠳᠠᠯᠭ᠎ᠠ ᠪᠤᠯᠭᠠᠬᠤ︾ ᠵᠠᠷᠴᠢᠮ ᠢ ᠵᠢᠷᠤᠮᠯᠠᠵᠤ᠂ ᠦᠪᠡᠰᠦᠪᠡᠨ ᠪᠠᠶᠢᠴᠠᠭᠠᠵᠤ᠂ ᠤᠯᠠᠨ ᠳᠠᠯ᠎ᠠ ᠶᠢᠨ ᠰᠠᠨᠠᠯ ᠰᠠᠨᠠᠭᠤᠯᠭ᠎ᠠ ᠶᠢ ᠦᠷᠭᠡᠨ ᠳᠡᠯᠬᠡᠷᠡᠩᠬᠦᠢ ᠪᠠᠷ ᠰᠤᠨᠤᠰᠬᠤ᠂ ᠠᠰᠠᠭᠤᠳᠠᠯ ᠢ ᠪᠠᠶᠢᠴᠠᠭᠠᠨ ᠵᠠᠯᠠᠷᠠᠭᠤᠯᠬᠤ ᠳᠤ 3 ᠡᠬᠡᠯᠵᠢ ᠤᠳᠠᠭ᠎ᠠ ᠶᠢᠨ ᠰᠡᠳᠬᠢᠯ ᠤᠨ ᠦᠬᠡ ᠪᠠᠨ ᠶᠠᠷᠢᠯᠴᠠᠬᠤ ᠵᠡᠷᠭᠡ ᠠᠵᠢᠯᠯᠠᠭ᠎ᠠ ᠶᠢ ᠦᠷᠨᠢᠬᠦᠯᠬᠦ ᠳᠤ ᠳᠦᠰᠦᠯ ᠤᠨ ᠱᠠᠭᠠᠷᠳᠠᠯᠭ᠎ᠠ ᠶᠤᠰᠤᠭᠠᠷ ᠦᠷᠨᠢᠬᠦᠯᠬᠦ ᠶᠢᠨ ᠳᠠᠭᠠᠤ ᠴᠠᠭ ᠳᠤᠬᠠᠢ ᠳᠤ ᠨᠢ ᠳᠦᠷᠦᠯ ᠬᠤᠪᠢᠶᠠᠨ ᠳᠠᠩᠰᠠ ᠡᠪᠬᠡᠮᠡᠯ ᠳᠤ ᠤᠷᠤᠭᠤᠯᠬᠤ ᠭᠡᠷᠡᠭᠳᠡᠢ᠃ ᠬᠤᠷᠠᠯ ᠳᠤ ᠪᠠᠰᠠ ︽ᠪᠦᠬᠦ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭ᠎ᠠ ᠶᠢᠨ ᠺᠠᠳ᠋ᠷ ᠤᠨ ᠰᠠᠨᠠᠯ ᠬᠤᠷᠢᠶᠠᠬᠤ ᠬᠦᠰᠦᠨᠦᠭᠲᠦ︾᠂ ︽ᠪᠦᠬᠦ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠎ ᠶᠢᠨ ᠴᠤᠭᠴᠠᠯᠠᠯᠳᠠ ᠶᠢᠨ ᠤᠨ ᠤ ᠠᠵᠢᠯᠯᠠᠭ᠎ᠠ ᠶᠢᠨ ᠰᠢᠯᠭᠠᠨ ᠪᠠᠶᠢᠴᠠᠭᠠᠬᠤ ᠠᠰᠠᠭᠤᠯᠳᠠ ᠶᠢᠨ ᠰᠡᠳᠦᠪ︾᠂ ︽ᠪᠦᠬᠦ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭ᠎ᠠ ᠶᠢᠨ ᠰᠡᠳᠬᠢᠯ ᠤᠨ ᠦᠬᠡ ᠪᠠᠨ ᠶᠠᠷᠢᠯᠴᠠᠬᠤ ᠳᠤᠳᠤᠷᠬᠠᠢ ᠬᠠᠭᠤᠳᠠᠰᠤ︾᠂ ︽ᠪᠦᠬᠦ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭ᠎ᠠ ᠶᠢᠨ ᠭᠡᠷ ᠤᠨ ᠰᠤᠷᠪᠤᠯᠵᠢᠯᠠᠯ ᠤᠨ ᠳᠤᠳᠤᠷᠬᠠᠢ ᠬᠠᠭᠤᠳᠠᠰᠤ︾᠂ ︽ᠪᠦᠬᠦ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭ᠎ᠠ ᠶᠢᠨ ᠶᠠᠷᠢᠯᠴᠠᠭᠰᠠᠨ ᠳᠡᠮᠳᠡᠭᠯᠡᠯ ᠤᠨ ᠬᠦᠰᠦᠨᠦᠭᠲᠦ︾᠂ ︽ᠪᠦᠬᠦ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭ᠎ᠠ ᠶᠢᠨ ᠭᠡᠷ ᠤᠨ ᠰᠤᠷᠪᠤᠯᠵᠢᠯᠠᠯ ᠤᠨ ᠳᠡᠮᠳᠡᠭᠯᠡᠯ ᠤᠨ ᠬᠦᠰᠦᠨᠦᠭᠲᠦ︾᠎ ᠶᠢ ᠳᠠᠷᠬᠠᠭᠠᠵᠠᠢ᠃  
 
ᠢᠷᠡᠯᠲᠡ᠄ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号