ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠬᠢᠯᠭ᠎ᠠ ᠪᠠᠳᠤ ᠬᠢᠨᠠᠨ ᠪᠠᠶᠢᠴᠠᠭᠠᠬᠤ ᠳᠤᠪᠴᠢᠶ᠎ᠠ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭ᠎ᠠ ᠶᠢᠨ ᠳᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠶᠢᠨ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠤᠪᠠ
ᠨᠡᠶᠢᠲᠡᠯᠡᠭᠰᠡᠨ ᠴᠠᠭ᠄
2017/6/28
   3 ᠰᠠᠷ᠎ᠠ ᠶᠢᠨ 17᠎ ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠬᠢᠯᠭ᠎ᠠ ᠪᠠᠳᠤ ᠬᠢᠨᠠᠨ ᠪᠠᠶᠢᠴᠠᠭᠠᠬᠤ ᠳᠤᠪᠴᠢᠶ᠎ᠠ ᠠᠴᠠ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭ᠎ᠠ ᠶᠢᠨ ᠳᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠶᠢᠨ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠤᠭᠤᠯᠪᠠ᠃ ᠬᠤᠰᠢᠭᠤᠨ ᠎ ᠤ ᠬᠢᠨᠠᠨ ᠪᠠᠶᠢᠴᠠᠭᠠᠬᠤ ᠳᠤᠪᠴᠢᠶ᠎ᠠ ᠶᠢᠨ ᠳᠣᠪᠴᠢᠶᠠᠨ ᠳᠠᠷᠤᠭ᠎ᠠ ᠹᠦ᠋ ᠱᠤᠸᠠᠩ ᠰᠢ ᠬᠤᠷᠠᠯ ᠢ ᠡᠷᠬᠢᠯᠡᠵᠤ᠂ ᠡᠯ᠎ᠡ ᠰᠤᠮᠤ ᠪᠠᠯᠭᠠᠰᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ᠂ ᠳᠡᠳ᠋ ᠱᠦᠵᠢ᠂ ᠬᠤᠷᠢᠶ᠎ᠠ ᠳᠤᠪᠴᠢᠶ᠎ᠠ ᠎ ᠶᠢᠨ ᠪᠦᠬᠦ ᠺᠠᠳ᠋ᠷ ᠠᠵᠢᠯᠳᠠᠨ᠂ ᠡᠯ᠎ᠡ ᠳᠤᠮᠢᠯᠠᠨ ᠰᠠᠭᠤᠯᠭᠠᠭᠰᠠᠨ ᠰᠠᠬᠢᠯᠭ᠎ᠠ ᠪᠠᠳᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠬᠤᠷᠠᠯ ᠳᠤ ᠤᠷᠤᠯᠴᠠᠪᠠ᠃    ᠬᠤᠷᠠᠯ ᠳᠤ᠂ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠬᠦᠨ᠂ ᠬᠢᠨᠠᠨ ᠪᠠᠶᠢᠴᠠᠭᠠᠬᠤ ᠭᠤᠷᠪᠠᠳᠤᠭᠠᠷ ᠳᠠᠰᠤᠭ ᠤᠨ ᠡᠷᠬᠢᠯᠡᠭᠴᠢ ᠬᠦᠩ ᠯᠢ ᠮᠧᠢ ᠠᠴᠠ ᠶᠠᠷᠢᠯᠴᠠᠬᠤ ᠠᠴᠠ ᠡᠮᠦᠨᠡᠬᠢ ᠬᠤᠭᠤᠴᠠᠭᠠᠨ ᠤ ᠪᠡᠯᠡᠳᠭᠡᠯ ᠢ ᠰᠠᠶᠢᠳᠦᠷ ᠬᠢᠬᠦ᠂ ᠶᠠᠷᠢᠯᠴᠠᠬᠤ ᠠᠷᠭ᠎ᠠ ᠪᠤᠳᠤᠯᠭ᠎ᠠ ᠶᠢ ᠡᠷᠬᠢᠮᠯᠡᠬᠦ᠂ ᠶᠠᠷᠢᠯᠴᠠᠬᠤ ᠠᠷᠭ᠎ᠠ ᠳᠦᠯᠦᠪᠯᠡᠯᠭᠡᠵᠢ ᠠᠪᠬᠤ᠂ ᠰᠠᠬᠢᠯᠭ᠎ᠠ ᠪᠠᠳᠤ ᠲᠠᠢ ᠬᠠᠤᠯᠢ ᠶᠤᠰᠤ ᠪᠠᠷ ᠬᠡᠷᠡᠭ ᠶᠠᠪᠤᠳᠠᠯ ᠢ ᠡᠷᠬᠢᠯᠡᠬᠦ ᠵᠡᠷᠭᠡ ᠳᠦᠷᠪᠡᠨ ᠳᠠᠯ᠎ᠠ ᠶᠢᠨ ᠳᠤᠭᠤᠷᠢᠨ ᠳᠤ᠂ ᠤᠶᠢᠷ᠎ᠠ ᠶᠢᠨ ᠬᠤᠶᠠᠷ ᠵᠢᠯ ᠤᠨ ᠬᠡᠷᠡᠭ ᠶᠠᠪᠤᠳᠠᠯ ᠡᠷᠬᠢᠯᠡᠭᠰᠡᠨ ᠳᠤᠷᠰᠢᠯᠭ᠎ᠠ ᠲᠠᠢ ᠤᠶᠠᠯᠳᠤᠭᠤᠯᠵᠤ᠂ ᠪᠤᠳᠠᠳᠠᠢ ᠵᠢᠱᠢᠶ᠎ᠡ ᠶᠢ ᠳᠠᠷᠠᠭᠠᠯᠠᠨ ᠳᠤᠭᠠᠴᠢᠵᠤ᠂ ᠰᠠᠬᠢᠯᠭ᠎ᠠ ᠪᠠᠳᠤ ᠶᠢᠨ ᠬᠢᠨᠠᠨ ᠪᠠᠶᠢᠴᠠᠭᠠᠬᠤ ᠶᠠᠷᠢᠯᠴᠠᠬᠤ ᠠᠷᠭ᠎ᠠ ᠳᠦᠯᠦᠪᠯᠯᠡᠭᠡ ᠶᠢ ᠨᠠᠷᠢᠨ ᠳᠤᠳᠤᠷᠭᠠᠢ ᠳᠠᠶᠢᠯᠪᠦᠷᠢᠯᠠᠵᠠᠢ᠃ ᠳᠠᠷᠠᠭ᠎ᠠ ᠳᠤ ᠨᠢ᠂ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠤᠬᠠᠭᠤᠯᠬᠤ ᠬᠡᠯᠳᠡᠰ ᠤᠨ ᠳᠠᠷᠤᠭ᠎ᠠ ᠰᠢᠶᠠᠩ ᠴᠦᠨ ᠠᠴᠠ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠤᠬᠠᠭᠤᠯᠭ᠎ᠠ ᠶᠢᠨ ᠠᠵᠢᠯ ᠤᠨ ᠡᠬᠦᠷᠭᠡ ᠬᠠᠷᠢᠭᠤᠴᠠᠯᠭ᠎ᠠ ᠶᠢ ᠳᠠᠶᠢᠯᠪᠦᠷᠢᠯᠠᠬᠤ ᠶᠢᠨ ᠳᠠᠭᠠᠤ ᠨᠢᠳᠤᠨᠤᠨ ᠵᠢᠯ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠤᠬᠠᠭᠤᠯᠭ᠎ᠠ ᠶᠢᠨ ᠠᠵᠢᠯ ᠤᠨ ᠭᠤᠤᠯᠳᠠᠯᠭ᠎ᠠ᠂ ᠬᠢᠯᠠᠰ ᠴᠡᠭ ᠪᠠ ᠰᠢᠨ᠎ᠡ ᠶᠢ ᠡᠬᠦᠳᠬᠦ ᠳᠤᠭᠤᠷᠢᠨ ᠳᠤ᠂ ᠪᠦᠬᠦ ᠳᠠᠯ᠎ᠠ ᠪᠠᠷ ᠪᠤᠰᠤᠳᠴᠢ ᠳ᠋ᠦᠩᠨᠡᠯᠲᠡ ᠬᠢᠵᠤ᠂ ᠡᠨᠡ ᠵᠢᠯ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠤᠬᠠᠭᠤᠯᠭ᠎ᠠ ᠶᠢᠨ ᠠᠵᠢᠯ ᠤᠨ ᠡᠬᠦᠷᠭᠡ ᠶᠢ ᠳᠤᠬᠢᠷᠠᠭᠤᠯᠤᠨ ᠪᠠᠶᠢᠷᠢᠯᠠᠭᠤᠯᠵᠤ᠂ ᠤᠨᠴᠠᠭᠠᠶᠢᠯᠠᠨ  ᠦᠨᠳᠦᠷ ᠶᠠᠰᠤ ᠴᠢᠨᠠᠷ ᠲᠠᠢ ᠪᠠᠷ ᠰᠠᠬᠢᠯᠭ᠎ᠠ ᠪᠠᠳᠤ ᠬᠢᠨᠠᠨ ᠪᠠᠶᠢᠴᠠᠭᠠᠬᠤ ᠠᠵᠢᠯ ᠤᠨ ᠰᠤᠷᠠᠭ ᠵᠠᠩᠬᠢ᠂ ᠠᠵᠢᠯ ᠤᠨ ᠬᠦᠳᠡᠯᠦᠯ ᠢ ᠬᠡᠷᠬᠢᠨ ᠨᠠᠶᠢᠷᠠᠭᠤᠯᠤᠨ ᠪᠢᠴᠢᠬᠦ ᠳᠤ ᠪᠤᠳᠠᠳᠠᠢ ᠱᠠᠭᠠᠷᠳᠠᠯᠭ᠎ᠠ ᠳᠤᠷᠠᠳᠤᠪᠠ᠃    ᠵᠢᠯ ᠤᠨ ᠡᠬᠢᠨ ᠠᠴᠠ ᠨᠠᠰᠢ᠂ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠠᠴᠠ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠬᠢᠯᠭ᠎ᠠ ᠪᠠᠳᠤ ᠬᠢᠨᠠᠨ ᠪᠠᠶᠢᠴᠠᠭᠠᠬᠤ ᠬᠤᠷᠢᠶ᠎ᠠ ᠶᠢᠨ ᠳᠤᠬᠠᠶᠢᠯᠠᠭᠰᠠᠨ ᠠᠵᠢᠯ ᠤᠨ ᠮᠡᠳᠡᠯᠭᠡ ᠶᠢᠨ ᠶᠠᠷᠢᠶᠠᠨ ᠤ ᠳᠠᠪᠴᠠᠩ︾᠎ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠨᠢᠬᠡᠨᠲᠡ ᠪᠦᠬᠦ ᠬᠤᠰᠢᠭᠤᠨ ᠤ ᠰᠠᠬᠢᠯᠭ᠎ᠠ ᠪᠠᠳᠤ ᠬᠢᠨᠠᠨ ᠪᠠᠶᠢᠴᠠᠭᠠᠬᠤ ᠳᠤᠬᠠᠶᠢᠯᠠᠭᠰᠠᠨ ᠠᠵᠢᠯ ᠤᠨ ᠮᠡᠳᠡᠯᠭᠡ ᠶᠢᠨ ᠶᠠᠷᠢᠶᠠᠨ ᠤ ᠳᠠᠪᠴᠠᠩ ᠢ ᠭᠤᠷᠪᠠᠨ ᠬᠤᠭᠤᠴᠠᠭ᠎ᠠ ᠠᠮᠵᠢᠯᠳᠠ ᠲᠠᠢ ᠡᠷᠬᠢᠯᠡᠵᠤ᠂ ᠬᠤᠭᠤᠴᠠᠭ᠎ᠠ ᠪᠦᠷᠢ ᠶᠢᠨ ᠳᠠᠶᠢᠯᠤᠮᠵᠢ ᠶᠢ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠡᠯ᠎ᠡ ᠬᠡᠯᠳᠡᠰ ᠳᠠᠰᠤᠭ ᠤᠨ ᠡᠷᠬᠢᠯᠡᠭᠴᠢ ᠠᠴᠠ ᠨᠠᠮ ᠤᠨ ᠳᠦᠪ ᠬᠤᠷᠢᠶ᠎ᠠ᠂ ᠦᠪᠡᠷᠲᠡᠭᠡᠨ ᠵᠠᠰᠠᠬᠤ ᠤᠷᠤᠨ ᠪᠠ ᠠᠶᠢᠮᠠᠭ ᠤᠨ ᠱᠠᠳᠤᠨ ᠤ ᠬᠤᠷᠠᠯ ᠎ ᠤᠨ ᠬᠤᠷᠢᠭ ᠰᠠᠨᠠᠭ᠎ᠠ ᠪᠠ ᠰᠠᠬᠢᠯᠭ᠎ᠠ ᠪᠠᠳᠤ ᠬᠢᠨᠠᠨ ᠪᠠᠶᠢᠴᠠᠭᠠᠬᠤ ᠡᠯ᠎ᠡ ᠵᠦᠢᠯ ᠤᠨ ᠳᠤᠬᠠᠶᠢᠯᠠᠭᠰᠠᠨ ᠠᠵᠢᠯ ᠤᠨ ᠮᠡᠳᠡᠯᠭᠡ ᠶᠢᠨ ᠳᠤᠭᠤᠷᠢᠨ ᠳᠤ ᠳᠠᠶᠢᠯᠤᠮᠵᠢ ᠬᠢᠵᠡᠢ᠃ ᠮᠡᠳᠡᠯᠭᠡ ᠶᠢᠨ ᠳᠠᠶᠢᠯᠤᠮᠵᠢ ᠶᠢ ᠡᠷᠬᠢᠯᠡᠬᠦ ᠪᠠᠷ ᠳᠠᠮᠵᠢᠨ᠂ ᠪᠦᠬᠦ ᠬᠤᠰᠢᠭᠤᠨ ᠤ ᠰᠠᠬᠢᠯᠭ᠎ᠠ ᠪᠠᠳᠤ ᠬᠢᠨᠠᠨ ᠪᠠᠶᠢᠴᠠᠭᠠᠬᠤ ᠺᠠᠳ᠋ᠷ ᠤᠨ ᠤᠯᠤᠰ ᠳᠦᠷᠦ ᠶᠢᠨ ᠤᠬᠠᠮᠰᠠᠷ᠂ ᠤᠨᠤᠯ ᠤᠨ ᠮᠡᠳᠡᠯᠭᠡ᠂ ᠳᠤᠬᠠᠶᠢᠯᠠᠭᠰᠠᠨ ᠠᠵᠢᠯ ᠤᠨ ᠬᠢᠷᠢ ᠲᠦᠪᠰᠢᠨ᠂ ᠶᠡᠷᠦᠩᠬᠡᠶᠢᠯᠡᠭᠰᠡᠨ ᠬᠡᠪ ᠴᠢᠨᠠᠷ᠂ ᠠᠵᠢᠯ ᠤᠨ ᠴᠢᠳᠠᠪᠦᠷᠢ ᠳᠠᠰᠤᠷᠠᠯᠳᠠ ᠦᠬᠡᠢ ᠳᠡᠭᠡᠭᠰᠢᠯᠡᠵᠤ᠂ ︽ᠤᠯᠤᠰ ᠳᠦᠷᠦ ᠶᠢ ᠡᠷᠬᠢᠮᠯᠡᠵᠤ᠂ ᠰᠠᠬᠢᠯᠭ᠎ᠠ ᠪᠠᠳᠤ ᠶᠢ ᠵᠢᠷᠤᠮᠯᠠᠵᠤ᠂ ᠳᠤᠬᠠᠶᠢᠯᠠᠭᠰᠠᠨ ᠠᠵᠢᠯ ᠢᠶᠠᠨ ᠤᠶᠢᠯᠠᠭᠠᠬᠤ︾ ᠦᠨᠳᠦᠷ ᠭᠡᠪ ᠴᠢᠨᠠᠷ ᠲᠠᠢ ᠰᠠᠬᠢᠯᠭ᠎ᠠ ᠪᠠᠳᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢ ᠬᠦᠮᠦᠵᠢᠬᠦᠯᠬᠦ ᠳᠤ ᠳᠠᠪᠴᠠᠩ ᠢ ᠪᠠᠶᠢᠭᠤᠯᠪᠠ᠃    
 
ᠢᠷᠡᠯᠲᠡ᠄ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号