ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ ᠰᠡᠴᠡᠨᠳᠦᠠᠬᠦᠷᠡᠩ ᠨᠠᠷ ᠰᠤᠮᠤ ᠪᠠᠯᠭᠠᠰᠤᠨ ᠳᠤ ᠬᠦᠨᠵᠡᠬᠡᠶᠢᠷᠡᠵᠤ ᠭᠤᠷᠪᠠᠨ ᠵᠦᠢᠯ ᠤᠨ ᠭᠤᠤᠯᠳᠠᠯᠭ᠎ᠠ ᠲᠠᠢ ᠠᠵᠢᠯ ᠢ ᠰᠢᠮᠳᠠᠭᠤᠯᠤᠨ ᠵᠢᠯᠤᠭᠤᠳᠪᠠ
ᠨᠡᠶᠢᠲᠡᠯᠡᠭᠰᠡᠨ ᠴᠠᠭ᠄
2017/6/28
   3 ᠰᠠᠷ᠎ᠠ ᠶᠢᠨ 28᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ ᠰᠡᠴᠡᠨᠳᠦᠠᠬᠦᠷᠡᠩ᠂ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠳᠡᠳ᠋ ᠱᠦᠵᠢ ᠰᠦᠨ ᠭᠤᠸᠠᠩ ᠶᠧᠦ᠂ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠬᠠᠨ ᠶᠠᠨ ᠹᠧᠩ᠂ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠤᠬᠠᠭᠤᠯᠬᠤ ᠬᠡᠯᠳᠡᠰ ᠤᠨ ᠳᠠᠷᠤᠭ᠎ᠠ ᠰᠢᠶᠠᠩ ᠴᠦᠨ ᠢᠶᠠᠷ ᠪᠦᠷᠢᠯᠳᠦᠭᠰᠡᠨ ᠪᠠᠶᠢᠴᠠᠭᠠᠨ ᠰᠤᠳᠤᠯᠬᠤ ᠬᠢᠵᠤ ᠰᠢᠮᠳᠠᠭᠤᠯᠤᠨ ᠵᠢᠯᠤᠭᠤᠳᠬᠤ ᠳᠤᠭᠤᠶᠢᠯᠠᠩ ᠰᠤᠮᠤ ᠪᠠᠯᠭᠠᠰᠤᠨ ᠳᠤ ᠬᠦᠨᠵᠡᠬᠡᠶᠢᠷᠡᠵᠤ᠂ ᠪᠦᠬᠦ ᠬᠤᠰᠢᠭᠤᠨ ᠤ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠠᠴᠠ ᠨᠠᠮ ᠤᠨ ᠰᠠᠬᠢᠯᠭ᠎ᠠ ᠪᠠᠳᠤ ᠶᠢ ᠵᠦᠷᠢᠴᠡᠭᠰᠡᠨ ᠺᠠᠳ᠋ᠷ ᠢ ᠬᠢᠨᠠᠨ ᠪᠠᠶᠢᠴᠠᠭᠠᠬᠤ ᠠᠶᠤᠯᠬᠦᠢ ᠠᠵᠢᠯ ᠤᠨ ᠬᠤᠷᠠᠯ ᠤᠨ ᠳᠤᠷᠠᠳᠤᠭᠰᠠᠨ ᠠᠰᠠᠭᠤᠳᠠᠯ ᠢ ᠵᠠᠰᠠᠨ ᠰᠠᠶᠢᠵᠢᠷᠠᠭᠤᠯᠤᠭᠰᠠᠨ ᠪᠠᠶᠢᠳᠠᠯ᠂ ᠪᠦᠬᠦ ᠬᠤᠰᠢᠭᠤᠨ ᠎ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠣᠨ ᠤ ᠠᠵᠢᠯᠯᠠᠭ᠎ᠠ ᠶᠢ ᠦᠷᠨᠢᠬᠦᠯᠵᠤ ᠪᠠᠶᠢᠭ᠎ᠠ ᠪᠠᠶᠢᠳᠠᠯ᠂ ᠪᠦᠬᠦ ᠬᠤᠰᠢᠭᠤᠨ ᠤ ︽ᠵᠠᠪᠰᠢᠶᠠᠨ ᠪᠤᠯᠭᠠᠨ ᠢ ᠠᠯᠳᠠᠬᠤ ᠦᠬᠡᠢ︾ ᠬᠡᠯᠪᠡᠷᠢ ᠶᠢᠨ ᠢᠯᠵᠠᠷᠠᠯ ᠤᠨ ᠠᠰᠠᠭᠤᠳᠠᠯ ᠢ ᠳᠦᠪᠯᠡᠷᠡᠬᠦᠯᠦᠨ ᠵᠠᠰᠠᠨ ᠴᠡᠭᠴᠡᠯᠡᠬᠦ ᠠᠵᠢᠯ ᠢ ᠨᠠᠶᠢᠳᠠᠪᠦᠷᠢᠵᠢᠭᠤᠯᠵᠤ ᠪᠠᠶᠢᠭ᠎ᠠ ᠪᠠᠶᠢᠳᠠᠯ ᠵᠡᠷᠭᠡ ᠭᠤᠷᠪᠠᠨ ᠵᠦᠢᠯ ᠤᠨ ᠭᠤᠤᠯᠳᠠᠯᠭ᠎ᠠ ᠲᠠᠢ ᠠᠵᠢᠯ ᠳᠤ ᠳᠤᠰᠬᠠᠢ ᠵᠦᠢᠯ ᠤᠨ ᠪᠠᠶᠢᠴᠠᠭᠠᠨ ᠰᠤᠳᠤᠯᠤᠯᠳᠠ ᠬᠢᠵᠤ ᠰᠢᠮᠳᠠᠭᠤᠯᠤᠨ ᠵᠢᠯᠤᠭᠤᠳᠪᠠ᠃ ᠪᠠᠶᠢᠴᠠᠭᠠᠨ ᠰᠤᠳᠤᠯᠤᠯᠳᠠ ᠬᠢᠵᠤ ᠰᠢᠮᠳᠠᠭᠤᠯᠤᠨ ᠵᠢᠯᠤᠭᠤᠳᠬᠤ ᠳᠤᠭᠤᠶᠢᠯᠠᠩ ᠡᠩ ᠳᠡᠷᠢᠬᠦᠨ ᠳᠤ ᠬᠤᠶᠠᠷᠰᠤᠮᠤ ᠪᠠᠯᠭᠠᠰᠤ᠂ ᠪᠠᠶᠠᠨᠮᠠᠩᠬ᠎ᠠ ᠰᠤᠮᠤ ᠪᠠ ᠳᠠᠶᠢᠴᠢᠨᠳᠠᠯ᠎ᠠ ᠰᠤᠮᠤ ᠶᠢᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠶᠠᠷᠢᠯᠴᠠᠬᠤ ᠳᠠᠰᠤᠭ᠂ ᠬᠦᠯᠢᠶᠡᠬᠦ ᠳᠠᠰᠤᠭ᠂ ᠬᠢᠨᠠᠨ ᠡᠵᠡᠮᠳᠡᠬᠦ ᠳᠠᠰᠤᠭ ᠵᠡᠷᠭᠡ ᠬᠠᠳᠠᠭᠤ ᠳᠤᠨᠤᠭ ᠳᠦᠬᠦᠭᠡᠷᠦᠮᠵᠢ ᠶᠢ ᠳᠦᠷᠮᠵᠢᠬᠦᠯᠦᠨ ᠬᠠᠮᠢᠶᠠᠷᠴᠦ ᠭᠡᠷᠡᠭᠯᠡᠵᠤ ᠪᠠᠶᠢᠭ᠎ᠠ ᠪᠠᠶᠢᠳᠠᠯ ᠪᠠ ᠳᠠᠩᠰᠠ ᠡᠪᠬᠡᠮᠡᠯ ᠮᠠᠲ᠋ᠧᠷᠢᠶᠠᠯ ᠵᠡᠷᠭᠡ ᠵᠦᠬᠡᠯᠡᠨ ᠳᠤᠨᠤᠭ ᠢ ᠪᠠᠶᠢᠴᠠᠭᠠᠨ ᠦᠵᠡᠵᠤ᠂ ᠰᠤᠮᠤ ᠪᠠᠯᠭᠠᠰᠤᠨ ᠎ ᠤ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠠᠴᠠ ᠨᠠᠮ ᠤᠨ ᠰᠠᠬᠢᠯᠭ᠎ᠠ ᠪᠠᠳᠤ ᠶᠢ ᠵᠦᠷᠢᠴᠡᠭᠰᠡᠨ ᠺᠠᠳ᠋ᠷ ᠢ ᠬᠢᠨᠠᠨ ᠪᠠᠶᠢᠴᠠᠭᠠᠬᠤ ᠠᠶᠤᠯᠬᠦᠢ ᠠᠵᠢᠯ ᠤᠨ ᠳᠤᠮᠳᠠ ᠤᠷᠤᠰᠢᠵᠤ ᠪᠠᠶᠢᠭ᠎ᠠ ᠠᠰᠠᠭᠤᠳᠠᠯ ᠢ ᠵᠠᠰᠠᠨ ᠰᠠᠶᠢᠵᠢᠷᠠᠭᠤᠯᠵᠤ ᠨᠠᠶᠢᠳᠠᠪᠦᠷᠢᠵᠢᠭᠤᠯᠤᠭᠰᠠᠨ ᠪᠠᠶᠢᠳᠠᠯ ᠢ ᠪᠦᠬᠦ ᠳᠠᠯ᠎ᠠ ᠪᠠᠷ ᠨᠠᠷᠢᠨ ᠨᠢᠬᠳᠠ ᠤᠶᠢᠯᠠᠭᠠᠪᠠ᠃    ᠳᠠᠷᠠᠭ᠎ᠠ ᠳᠤ ᠨᠢ᠂ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠪᠠᠯᠭᠠᠰᠤᠨ ᠳᠠᠷᠤᠭ᠎ᠠ᠂ ᠰᠤᠮᠤᠨ ᠳᠠᠷᠤᠭ᠎ᠠ᠂ ᠨᠠᠮ ᠤᠨ ᠬᠤᠷᠢᠶᠠᠨ ᠤ ᠳᠡᠳ᠋ ᠱᠦᠵᠢ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠡᠳ᠋ ᠤᠨ ᠵᠠᠰᠠᠭ ᠤᠨ ᠭᠠᠵᠠᠷ ᠤᠨ ᠳᠠᠷᠤᠭ᠎ᠠ᠂ ᠠᠷᠠᠳ ᠎ ᠤᠨ ᠶᠠᠪᠤᠳᠠᠯ ᠤᠨ ᠭᠠᠵᠠᠷ ᠤᠨ ᠳᠠᠷᠤᠭ᠎ᠠ᠂ ᠮᠠᠯᠵᠢᠬᠤ ᠳᠠᠷᠢᠶᠠᠯᠠᠬᠤ ᠤᠷᠤᠨ ᠤ ᠡᠵᠡᠩᠨᠡᠯᠲᠡ ᠶᠢᠨ ᠬᠠᠮᠢᠶᠠᠷᠤᠯᠳᠠ ᠶᠢᠨ ᠭᠠᠵᠠᠷ ᠤᠨ ᠳᠠᠷᠤᠭ᠎ᠠ᠂ ᠭᠠᠴᠠᠭᠠᠨ ᠤ ᠨᠠᠮ ᠤᠨ ᠡᠬᠦᠷ ᠤᠨ ᠱᠦᠵᠢ 2 ᠨᠡᠷᠡᠰ᠂ ᠠᠶᠢᠯ ᠳᠤᠰᠬᠤᠨ ᠤ ᠠᠷᠠᠳ ᠤᠨ ᠬᠢᠨᠠᠯᠳᠠ ᠳᠠᠯᠪᠢᠬᠤ ᠵᠦᠪᠯᠡᠯ ᠤᠨ ᠡᠷᠬᠢᠯᠡᠭᠴᠢ ᠵᠢᠴᠢ ᠬᠡᠰᠢᠬᠦᠨ 3 ᠨᠡᠷᠡᠰ ᠤᠷᠤᠯᠴᠠᠭᠰᠠᠨ ᠰᠠᠭᠤᠳᠠᠯ ᠤᠨ ᠬᠤᠷᠠᠯ ᠢ ᠬᠤᠷᠠᠯᠳᠤᠭᠤᠯᠵᠤ᠂ ︽ᠪᠦᠬᠦ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠎ ᠶᠢᠨ ᠴᠤᠭᠴᠠᠯᠠᠯᠳᠠ ᠶᠢᠨ ᠤᠨ ᠤ ᠠᠵᠢᠯᠯᠠᠭ᠎ᠠ ᠶᠢᠨ ᠰᠠᠨᠠᠯ ᠬᠤᠷᠢᠶᠠᠬᠤ ᠬᠦᠰᠦᠨᠦᠭᠲᠦ︾᠂ ︽ᠪᠦᠬᠦ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭ᠎ᠠ ᠶᠢᠨ ᠪᠠᠶᠢᠴᠠᠭᠠᠯᠳᠠ ᠶᠢᠨ ᠠᠰᠠᠭᠤᠯᠳᠠ ᠶᠢᠨ ᠰᠡᠳᠦᠪ︾᠎ ᠢ ᠳᠠᠷᠬᠠᠭᠠᠬᠤ ᠬᠡᠯᠪᠡᠷᠢ ᠪᠠᠷ ᠦᠨᠳᠦᠰᠦᠨ ᠱᠠᠳᠤᠨ ᠤ ᠪᠦᠬᠦ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠤᠳᠤᠷᠢᠳᠬᠤ ᠪᠠᠶᠢᠭᠤᠯᠤᠯ ᠳᠤᠭᠳᠠᠴᠠ᠂ ᠺᠠᠳ᠋ᠷ ᠤᠨ ᠡᠩᠨᠡᠭᠡ ᠶᠢᠨ ᠴᠤᠭᠴᠠᠯᠠᠯᠳᠠ᠂    ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠢᠳᠡᠭᠡᠯ ᠵᠤᠷᠢᠭ ᠬᠦᠰᠡᠯᠡᠩ ᠢᠶᠠᠨ ᠴᠢᠩᠳᠠᠯᠠᠬᠤ ᠪᠠ ︽ᠳᠦᠷᠪᠡᠨ ᠵᠦᠢᠯ ᠤᠨ ᠤᠬᠠᠮᠰᠠᠷ︾᠎ ᠢ ᠪᠤᠯᠭᠠᠬᠤ᠂ ᠨᠠᠮ ᠤᠨ ᠳᠦᠷᠢᠮ ᠢ ᠴᠢᠩᠭ᠎ᠠ ᠰᠠᠬᠢᠵᠤ ᠬᠠᠤᠯᠢ ᠴᠠᠭᠠᠵᠠ ᠳᠦᠷᠢᠮ ᠳᠤᠭᠳᠠᠭᠠᠯ ᠶᠤᠰᠤᠭᠠᠷ ᠰᠠᠨᠠᠭᠠᠴᠢᠯᠠᠭ᠎ᠠ ᠠᠴᠠ ᠪᠠᠨ ᠰᠠᠬᠢᠯᠭ᠎ᠠ ᠪᠠᠳᠤ ᠬᠠᠤᠯᠢ ᠴᠠᠭᠠᠵᠠ ᠶᠢ ᠵᠦᠷᠢᠴᠡᠭᠰᠡᠨ ᠬᠡᠷᠡᠭ ᠶᠠᠪᠤᠳᠠᠯ ᠢ ᠡᠷᠬᠢᠯᠡᠬᠦ᠂ ᠬᠢᠨᠠᠯᠳᠠ ᠳᠠᠯᠪᠢᠬᠤ ᠰᠠᠬᠢᠯᠭ᠎ᠠ ᠪᠠᠳᠤ ᠶᠢ ᠭᠡᠷᠡᠭᠵᠢᠬᠦᠯᠵᠤ ᠪᠠᠶᠢᠬᠤ ᠶᠢ ᠠᠰᠠᠭᠤᠨ ᠬᠠᠷᠢᠭᠤᠴᠠᠬᠤ᠂ ᠬᠠᠷᠢᠭᠤᠴᠠᠯᠭ᠎ᠠ ᠪᠠᠨ ᠬᠦᠢᠴᠡᠳᠬᠡᠬᠦ ᠴᠢᠳᠠᠪᠦᠷᠢ ᠶᠢᠨ ᠬᠢᠷᠢ ᠳᠦᠪᠰᠢᠨ ᠢ ᠳᠡᠭᠡᠭᠰᠢᠯᠡᠬᠦᠯᠬᠦ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠪᠠ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠬᠢᠨᠠᠯᠳᠠ ᠳᠠᠯᠪᠢᠵᠤ ᠪᠠᠶᠢᠴᠠᠭᠠᠬᠤ ᠦᠢᠯᠡᠳᠦᠯ ᠢᠶᠠᠨ ᠪᠠᠳᠠᠷᠠᠭᠤᠯᠵᠤ ᠪᠠᠶᠢᠬᠤ ᠡᠰᠡᠬᠦ᠂ ᠰᠠᠬᠢᠯᠭ᠎ᠠ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭ᠎ᠠ ᠶᠢᠨ ᠦᠷ᠎ᠡ ᠪᠦᠲᠦᠮᠵᠢ ᠶᠢᠨ ᠳᠠᠯ᠎ᠠ ᠪᠠᠷ ᠬᠢ ᠰᠠᠨᠠᠯ ᠪᠠ ᠰᠠᠨᠠᠭᠤᠯᠭ᠎ᠠ ᠶᠢ ᠬᠤᠷᠢᠶᠠᠵᠠᠢ᠃    ᠬᠠᠮᠤᠭ ᠤᠨ ᠰᠡᠬᠦᠯ ᠳᠤ᠂ ᠪᠠᠶᠢᠴᠠᠭᠠᠨ ᠰᠤᠳᠤᠯᠤᠯᠳᠠ ᠬᠢᠵᠤ ᠰᠢᠮᠳᠠᠭᠤᠯᠤᠨ ᠵᠢᠯᠤᠭᠤᠳᠬᠤ ᠳᠤᠭᠤᠶᠢᠯᠠᠩ ᠠᠴᠠ ᠰᠤᠮᠤ ᠪᠠᠯᠭᠠᠰᠤ ᠶᠢ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︿ᠵᠠᠪᠰᠢᠶᠠᠨ ᠪᠤᠯᠭᠠᠨ ᠢ ᠠᠯᠳᠠᠬᠤ ᠦᠬᠡᠢ﹀ ᠬᠡᠯᠪᠡᠷᠢ ᠶᠢᠨ ᠢᠯᠵᠠᠷᠠᠯ ᠤᠨ ᠠᠰᠠᠭᠤᠳᠠᠯ ᠢ ᠳᠦᠪᠯᠡᠷᠡᠬᠦᠯᠦᠨ ᠵᠠᠰᠠᠨ ᠴᠡᠭᠴᠯᠡᠬᠦ ᠠᠵᠢᠯ ᠤᠨ ᠭᠡᠷᠡᠭᠵᠢᠬᠦᠯᠬᠦ ᠳᠦᠰᠦᠯ︾᠎ ᠤᠨ ᠱᠠᠭᠠᠷᠳᠠᠯᠭ᠎ᠠ ᠪᠠ ᠠᠭᠤᠯᠭ᠎ᠠ ᠶᠤᠰᠤᠭᠠᠷ᠂  ᠪᠦᠬᠦ ᠬᠤᠰᠢᠭᠤᠨ ᠤ ︿ᠵᠠᠪᠰᠢᠶᠠᠨ ᠪᠤᠯᠭᠠᠨ ᠢ ᠠᠯᠳᠠᠬᠤ ᠦᠬᠡᠢ﹀ ᠬᠡᠯᠪᠡᠷᠢ ᠶᠢᠨ ᠢᠯᠵᠠᠷᠠᠯ ᠤᠨ ᠠᠰᠠᠭᠤᠳᠠᠯ ᠢ ᠳᠦᠪᠯᠡᠷᠡᠬᠦᠯᠦᠨ ᠵᠠᠰᠠᠨ ᠴᠡᠭᠴᠯᠡᠬᠦ ᠠᠵᠢᠯ ᠤᠨ ᠳᠠᠶᠢᠴᠢᠯᠠᠯᠳᠠ ᠶᠢᠨ ᠬᠤᠷᠠᠯ ᠤᠨ ᠵᠤᠷᠢᠭ ᠰᠠᠨᠠᠭ᠎ᠠ ᠶᠢ ᠴᠠᠭ ᠳᠤᠬᠠᠢ ᠳᠤ ᠨᠢ ᠵᠦᠢᠯ ᠳᠠᠷᠠᠭᠠᠯᠠᠨ ᠨᠠᠷᠢᠯᠢᠭᠵᠢᠭᠤᠯᠵᠤ ᠨᠠᠶᠢᠳᠠᠪᠦᠷᠢᠵᠢᠭᠤᠯᠤᠨ᠂ ᠠᠵᠢᠯᠯᠠᠭᠠᠨ ᠢᠶᠠᠷ ᠳᠠᠮᠵᠢᠨ᠂ ᠤᠯᠠᠨ ᠲᠦᠮᠡᠨ ᠤ ᠢᠯᠠᠷᠡᠯ ᠬᠤᠷᠴᠠ ᠰᠢᠷᠦᠬᠦᠨ ᠳᠤᠪᠤᠶᠢᠮ᠎ᠠ ᠠᠰᠠᠭᠤᠳᠠᠯ ᠢ ᠦᠨᠡᠨᠬᠦ ᠰᠠᠶᠢᠳᠦᠷ ᠰᠢᠢᠳᠪᠦᠷᠢᠯᠡᠵᠤ᠂ ᠦᠨᠳᠦᠰᠤᠨ ᠱᠠᠳᠤᠨ ᠤ ᠰᠠᠬᠢᠯᠭ᠎ᠠ ᠪᠠᠳᠤ ᠲᠠᠢ ᠬᠤᠯᠪᠤᠭᠳᠠᠵᠤ ᠪᠠᠶᠢᠭ᠎ᠠ ᠰᠤᠷᠪᠤᠯᠵᠢᠯᠠᠯ ᠤᠨ ᠬᠤᠷᠠᠮᠳᠤᠭᠰᠠᠨ ᠭᠡᠷᠡᠭ ᠢ ᠪᠦᠲᠦᠮᠵᠢᠲᠡᠢ ᠢᠯᠭᠠᠷᠠᠭᠤᠯᠵᠤ᠂ ᠦᠨᠳᠦᠰᠦᠨ ᠱᠠᠳᠤᠨ ᠤ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠠᠵᠢᠯ ᠢ ᠤᠯᠠᠮ ᠨᠢᠬᠡ ᠠᠯᠬᠤᠮ ᠴᠢᠩᠭᠠᠳᠬᠠᠬᠤ ᠭᠡᠷᠡᠭᠲᠡᠢ ᠬᠡᠵᠡᠢ᠃
 
ᠢᠷᠡᠯᠲᠡ᠄ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号