ᠪᠦᠬᠦ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ | ᠶᠢᠨ ᠤᠨ ᠤ ᠠᠵᠢᠯᠯᠠᠭ᠎ᠠ ᠶᠢ ᠬᠦᠨᠵᠡᠬᠡᠢ ᠠᠬᠢᠭᠤᠯᠵᠤ᠂ ᠨᠠᠮ ᠤᠨ ᠰᠤᠷᠳᠠᠯ ᠴᠢᠬᠡᠴᠢ ᠵᠠᠰᠠᠭ ᠤᠨ ᠰᠤᠶᠤᠯ ᠤᠨ | ᠪᠠᠶᠢᠭᠤᠯᠤᠯᠳᠠ ᠶᠢ ᠴᠢᠩᠭᠠᠳᠬᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠤᠷᠠᠨ ᠪᠢᠴᠢᠯᠭᠡ | ᠶᠢᠨ ᠨᠤᠳᠤᠭ︾ ᠤᠨ ᠨᠡᠷ᠎ᠡ ᠶᠢᠨ ᠬᠠᠭᠤᠳᠠᠰᠤ ᠶᠢᠨ ᠦᠢᠯᠡᠳᠦᠯ ᠢ ᠬᠦᠢᠴᠡᠳ ᠪᠠᠳᠠᠷᠠᠭᠤᠯᠬᠤ ᠶᠢᠨ ᠳᠦᠯᠦᠬᠡ᠂ 4 | ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠳᠤᠪᠴᠢᠶ᠎ᠠ ᠪᠠ ᠬᠤᠰᠢᠭᠤᠨ ᠤ ᠤᠳᠬ᠎ᠠ ᠤᠷᠠᠯᠢᠭ ᠤᠨ | ᠬᠤᠯᠪᠤᠭ᠎ᠠ ᠶᠢᠨ ᠬᠢᠨ ᠠᠴᠠ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ | ᠤᠨ ᠤᠢ ᠶᠢ ᠤᠭᠳᠤᠬᠤ ᠵᠢᠴᠢ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ | ᠴᠤᠭᠴᠠᠯᠠᠯᠳᠠ ᠶᠢᠨ ︿ᠴᠢᠬᠡᠴᠢ ᠵᠠᠰᠠᠭ ᠤᠨ ᠰᠤᠶᠤᠯ﹀ ᠤᠷᠠᠨ ᠪᠢᠴᠢᠯᠭᠡ ᠶᠢᠨ ᠦᠵᠡᠬᠦᠯᠦᠯᠭᠡ︾ ᠶᠢ ᠬᠠᠮᠳᠤᠷᠠᠨ | ᠶᠠᠪᠤᠭᠳᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠠᠢ ᠶᠦᠨ ᠬᠠᠢ᠂ ᠬᠤᠰᠢᠭᠤᠨ ᠤ ᠤᠯᠤᠰ | ᠳᠦᠷᠦ ᠶᠢᠨ ᠵᠦᠪᠯᠡᠯᠭᠡᠨ ᠤ ᠳᠡᠷᠢᠬᠦᠯᠡᠭᠴᠢ ᠪᠠᠢ ᠵᠢᠩ ᠶᠢᠩ ᠵᠡᠷᠭᠡ ᠬᠤᠰᠢᠭᠤᠨ ᠤ ᠳᠦᠷᠪᠡᠨ ᠶᠡᠭᠡ ᠤᠳᠤᠷᠢᠳᠬᠤ | ᠪᠠᠭ ᠤᠨ ᠬᠤᠯᠪᠤᠭᠳᠠᠯ ᠪᠦᠬᠦᠢ ᠤᠳᠤᠷᠢᠳᠤᠯᠭ᠎ᠠ ᠵᠢᠴᠢ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠸᠠᠩ | ᠾᠦᠢ ᠢᠦᠢ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠬᠤᠰᠢᠭᠤᠨ ᠤ ᠰᠠᠬᠢᠯᠭ᠎ᠠ ᠪᠠᠳᠤ | ᠪᠠᠶᠢᠴᠠᠭᠠᠬᠤ ᠬᠤᠷᠢᠶᠠᠨ ᠤ ᠱᠦᠵᠢ ᠰᠡᠴᠡᠨᠳᠦ᠋ᠬᠦᠷᠡᠩ ᠵᠡᠷᠭᠡ ᠬᠤᠰᠢᠭᠤᠨ ᠳᠤ ᠪᠠᠶᠢᠭ᠎ᠠ ᠨᠠᠮ ᠤᠨ ᠬᠤᠷᠢᠶᠠᠨ ᠤ | ᠪᠠᠶᠢᠩᠭᠤ ᠶᠢᠨ ᠬᠡᠰᠢᠬᠦᠨ᠂ ᠬᠤᠰᠢᠭᠤᠨ ᠤ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ | ᠬᠠᠷᠢᠭᠤᠴᠠᠯᠭᠠᠳᠠᠨ ᠡᠬᠢᠯᠡᠯᠲᠡ ᠶᠢᠨ ᠶᠤᠰᠤᠯᠠᠯ ᠳᠤ ᠰᠠᠭᠠᠳᠠᠪᠠ᠃ ᠪᠦᠬᠦ ᠬᠤᠰᠢᠭᠤᠨ ᠤ ᠰᠠᠬᠢᠯᠭ᠎ᠠ ᠪᠠᠳᠤ | ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ ᠤᠨ ᠺᠠᠳ᠋ᠷ ᠠᠵᠢᠯᠳᠠᠨ᠂ ᠳᠦᠷᠪᠡᠨ ᠰᠤᠮᠤ ᠪᠠᠯᠭᠠᠰᠤ ᠪᠠ ᠳᠦᠷᠪᠡᠨ | ᠳᠤᠮᠢᠯᠠᠨ ᠰᠠᠭᠤᠯᠭᠠᠭᠰᠠᠨ ᠰᠠᠬᠢᠯᠭ᠎ᠠ ᠪᠠᠳᠤ ᠪᠠᠶᠢᠴᠠᠭᠠᠬᠤ ᠳᠤᠭᠤᠶᠢᠯᠠᠩ ᠤᠨ ᠬᠠᠷᠢᠶᠠᠯᠠᠭᠤᠯᠬᠤ ᠨᠢᠬᠡᠴᠡ ᠶᠢᠨ ᠪᠦᠬᠦ | ᠨᠠᠮ ᠤᠨ ᠬᠡᠰᠢᠬᠦᠨ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠨᠡᠶᠢᠬᠡᠮ ᠤᠨ ᠡᠯ᠎ᠡ ᠡᠳᠡᠭᠡᠳ ᠤᠨ ᠤᠷᠠᠨ | ᠪᠢᠴᠢᠯᠭᠡ ᠶᠢᠨ ᠡᠷᠬᠢᠮᠯᠡᠭᠴᠢ ᠵᠡᠷᠭᠡ 500 ᠭᠠᠷᠤᠢ ᠬᠦᠮᠦᠨ ᠠᠵᠢᠯᠯᠠᠭᠠᠨ ᠳᠤ ᠤᠷᠤᠯᠴᠠᠵᠤ᠂ ᠦᠵᠡᠬᠦᠯᠦᠯᠭᠡ ᠶᠢ | ᠳᠤᠭᠤᠷᠢᠨ ᠦᠵᠡᠪᠡ᠃ ᠡᠬᠢᠯᠡᠯᠲᠡ ᠶᠢᠨ ᠶᠤᠰᠤᠯᠠᠯ ᠳᠤ᠂ ᠬᠤᠰᠢᠭᠤᠨ ᠤ ᠤᠳᠬ᠎ᠠ ᠤᠷᠠᠯᠢᠭ ᠤᠨ ᠬᠤᠯᠪᠤᠭ᠎ᠠ ᠶᠢᠨ | ᠬᠢᠨ ᠤ ᠳᠡᠷᠢᠬᠦᠯᠡᠭᠴᠢ ᠸᠠᠩ ᠵᠤᠸᠠᠩᠽᠢ ᠦᠬᠡ ᠶᠠᠷᠢᠵᠤ᠂ ᠬᠤᠰᠢᠭᠤᠨ ᠤ ᠪᠢᠴᠢᠯᠬᠡ ᠵᠢᠷᠤᠭ ᠤᠨ ᠨᠡᠶᠢᠬᠡᠮᠯᠢᠭ ᠤᠨ | ᠳᠡᠳ᠋ ᠳᠡᠷᠢᠬᠦᠯᠡᠭᠴᠢ ᠳᠤᠯᠬᠢᠶᠠᠨ ᠡᠷᠬᠢᠯᠡᠪᠡ᠃ | ᠳᠤᠰ ᠣᠳᠠᠭᠠᠨ ᠤ ᠦᠵᠡᠬᠦᠯᠦᠯᠭᠡ ᠳᠤ 70 ᠬᠤᠪᠢ ᠪᠦᠲᠦᠭᠡᠯ ᠢ ᠦᠵᠡᠬᠦᠯᠵᠤ᠂ ᠡᠬᠦᠨ ᠳᠤ᠂ ᠦᠪᠦᠷ | ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠳᠬ᠎ᠠ ᠤᠷᠠᠯᠢᠭ ᠤᠨ ᠬᠤᠯᠪᠤᠭᠠᠨ ᠤ ᠬᠢᠨ ᠤ ᠳᠡᠳ᠋ | ᠳᠡᠷᠢᠬᠦᠯᠡᠭᠴᠢ᠂ ᠠᠯᠳᠠᠷᠲᠦ ᠤᠷᠠᠨ ᠪᠢᠴᠢᠯᠭᠡᠳᠡᠨ ᠢᠷᠦᠬᠡᠯ ᠵᠢᠴᠢ ᠪᠤᠰᠤᠳ ᠭᠠᠳᠠᠨ᠎ᠠ ᠠᠵᠢᠯᠯᠠᠵᠤ ᠰᠤᠷᠤᠯᠴᠠᠵᠤ | ᠪᠠᠶᠢᠭ᠎ᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠨᠤᠳᠤᠭ ᠲᠠᠢ ᠡᠤ ᠮᠠᠨᠳᠤᠯ᠎ᠠ ᠵᠡᠷᠭᠡ ᠬᠦᠮᠦᠰ ᠤᠨ | ᠤᠷᠠᠨ ᠪᠢᠴᠢᠯᠭᠡ ᠶᠢᠨ ᠪᠦᠲᠦᠭᠡᠯ 16 ᠬᠤᠪᠢ᠂ ᠬᠤᠰᠢᠭᠤᠨ ᠤ ᠳᠤᠳᠤᠨᠠᠬᠢ ᠸᠠᠩ ᠬᠤᠸᠠ ᠵᠡᠷᠭᠡ ᠤᠷᠠᠨ ᠪᠢᠴᠢᠯᠭᠡ | ᠶᠢᠨ ᠪᠤᠯᠪᠠᠰᠤᠷᠠᠯ ᠤᠨ ᠰᠠᠭᠤᠷᠢ ᠨᠡᠯᠢᠶᠡᠳ ᠦᠨᠳᠦᠷ ᠵᠤᠬᠢᠶ᠋ᠭᠴᠢ ᠶᠢᠨ ᠱᠠᠩᠨᠠᠯ ᠤᠯᠭᠤᠭᠰᠠᠨ ᠪᠦᠲᠦᠭᠡᠯ 16 ᠬᠤᠪᠢ | ᠂ ᠦᠵᠡᠬᠦᠯᠦᠯᠭᠡ ᠳᠤ ᠤᠷᠤᠭᠤᠯᠤᠭᠰᠠᠨ ᠪᠦᠲᠦᠭᠡᠯ 31 ᠬᠤᠪᠢ᠂ ᠰᠢᠬᠦᠮᠵᠢᠯᠡᠭᠴᠢ ᠶᠢᠨ ᠪᠦᠲᠦᠭᠡᠯ 7 ᠬᠤᠪᠢ ᠶᠢ | ᠤᠨᠴᠠ ᠤᠷᠢᠪᠠ᠃ ᠮᠤᠩᠭᠤᠯ ᠤᠷᠠᠨ ᠪᠢᠴᠢᠯᠭᠡ ᠶᠢᠨ ᠪᠦᠲᠦᠭᠡᠯ 50 ᠬᠤᠪᠢ᠂ ᠬᠢᠳᠠᠳ ᠤᠷᠠᠨ ᠪᠢᠴᠢᠯᠭᠡ ᠶᠢᠨ | ᠪᠦᠲᠦᠭᠡᠯ 20 ᠬᠤᠪᠢ ᠶᠢ ᠪᠠᠶᠢᠷᠢᠯᠠᠭᠤᠯᠪᠠ᠃ ᠴᠢᠬᠡᠴᠢ ᠵᠠᠰᠠᠭ ᠤᠨ ᠰᠤᠶᠤᠯ ᠤᠨ ᠤᠷᠠᠨ ᠪᠢᠴᠢᠯᠬᠡ ᠶᠢᠨ | ᠦᠵᠡᠬᠦᠯᠦᠯᠬᠡ ᠶᠢᠨ ᠠᠵᠢᠯᠯᠠᠭᠠᠨ ᠤ ᠠᠭᠤᠯᠭ᠎ᠠ ᠶᠢ ᠤᠯᠠᠮ ᠨᠢᠬᠡ ᠠᠯᠬᠤᠮ ᠪᠠᠶᠠᠯᠢᠬᠵᠢᠭᠤᠯᠬᠤ ᠶᠢᠨ ᠳᠦᠯᠦᠬᠡ᠂ | ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠳᠤᠪᠴᠢᠶ᠎ᠠ ᠠᠴᠠ ᠬᠤᠰᠢᠭᠤᠨ ᠤ ᠤᠳᠬ᠎ᠠ | ᠤᠷᠠᠯᠢᠭ ᠤᠨ ᠬᠤᠯᠪᠤᠭ᠎ᠠ ᠶᠢᠨ ᠬᠢᠨ ᠲᠠᠢ ᠬᠠᠮᠳᠤᠷᠠᠵᠤ᠂ ︽ᠠᠷᠢᠭᠤᠨ ᠴᠢᠭᠡᠴᠢ ᠪᠠᠶᠢᠬᠤ︾ ᠪᠠᠷ ᠭᠤᠤᠯ ᠰᠡᠳᠦᠪ | ᠪᠤᠯᠭᠠᠭᠰᠠᠨ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ | ᠤᠭᠳᠤᠬᠤ ᠵᠢᠴᠢ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ | ︿ᠴᠢᠬᠡᠴᠢ ᠵᠠᠰᠠᠭ ᠤᠨ ᠰᠤᠶᠤᠯ﹀ ᠤᠷᠠᠨ ᠪᠢᠴᠢᠯᠭᠡ ᠶᠢᠨ ᠪᠦᠲᠦᠭᠡᠯ ᠤᠨ ᠡᠮᠬᠢᠳᠭᠡᠯ︾ ᠢ ᠨᠡᠶᠢᠲᠡ 500 ᠳᠡᠪᠳᠡᠷ | ᠡᠮᠬᠢᠳᠭᠡᠨ᠂ ᠨᠠᠶᠢᠷᠠᠭᠤᠯᠤᠨ ᠳᠠᠷᠤᠮᠠᠯᠠᠵᠤ ᠳᠠᠷᠬᠠᠭᠠᠪᠠ᠃ | ᠦᠵᠡᠬᠦᠯᠦᠯᠭᠡ ᠳᠤ ᠤᠷᠤᠯᠴᠠᠭᠰᠠᠨᠳ ᠠᠴᠠ ᠨᠠᠷᠢᠯᠢᠭ ᠬᠠᠳᠠᠭᠰᠠᠨ ᠤᠷᠠᠨ ᠪᠢᠴᠢᠯᠭᠡ ᠶᠢᠨ ᠪᠦᠲᠦᠭᠡᠯ ᠢ ᠨᠢᠬᠡ | ᠨᠢᠬᠡ ᠪᠠᠷ ᠦᠵᠡᠵᠤ᠂ ᠤᠷᠠᠯᠢᠭ ᠤᠨ ᠨᠦᠯᠦᠭᠡ ᠶᠢ ᠤᠯᠵᠤ᠂ ᠨᠢᠬᠡ ᠤᠳᠠᠭᠠᠨ ᠤ ᠢᠯᠵᠠᠷᠠᠯ ᠢ ᠡᠰᠡᠷᠬᠦᠴᠡᠵᠤ | ᠠᠷᠢᠭᠤᠨ ᠴᠢᠬᠡᠴᠢ ᠶᠢ ᠡᠷᠬᠢᠮᠯᠡᠬᠦ ᠤᠬᠠᠭᠤᠯᠭ᠎ᠠ ᠬᠦᠮᠦᠵᠢᠯ ᠢ ᠬᠦᠷᠳᠡᠪᠡ᠃ ᠴᠢᠬᠡᠴᠢ ᠵᠠᠰᠠᠭ ᠤᠨ ᠰᠤᠶᠤᠯ ᠤᠨ | ᠤᠷᠠᠨ ᠪᠢᠴᠢᠯᠭᠡ ᠶᠢᠨ ᠦᠵᠡᠬᠦᠯᠦᠯᠭᠡ ᠶᠢ ᠳᠤᠭᠤᠷᠢᠨ ᠦᠵᠡᠬᠦ ᠪᠠᠷ ᠳᠠᠮᠵᠢᠨ᠂ ᠪᠦᠬᠦ ᠬᠤᠰᠢᠭᠤᠨ ᠤ ᠨᠠᠮ ᠤᠨ | ᠭᠡᠰᠢᠬᠦᠨ ᠺᠠᠳ᠋ᠷ ᠤᠨ ᠴᠢᠭᠡᠴᠢ ᠵᠠᠰᠠᠭ ᠤᠨ ᠳᠦᠭᠰᠢᠬᠦᠷᠢ ᠶᠢ ᠰᠡᠷᠭᠡᠶᠢᠯᠡᠬᠦ ᠤᠬᠠᠮᠰᠠᠷ ᠢ ᠤᠯᠠᠮ ᠨᠢᠬᠡ ᠠᠯᠬᠤᠮ | ᠴᠢᠩᠭᠠᠳᠬᠠᠵᠤ᠂ ᠪᠦᠬᠦᠶᠢᠯᠡ ᠴᠤᠭᠴᠠ ᠶᠢᠨ ᠴᠢᠬᠡᠴᠢ ᠵᠠᠰᠠᠭ ᠤᠨ ᠪᠠᠶᠢᠳᠠᠯ ᠢ ᠪᠤᠢ ᠪᠤᠯᠭᠠᠵᠤ᠂ ᠰᠠᠬᠢᠯᠭ᠎ᠠ ᠪᠠᠳᠤ | ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭᠠᠨ ᠢ ᠬᠦᠨᠵᠡᠬᠡᠢ | ᠠᠬᠢᠭᠤᠯᠵᠤ᠂ ᠢᠯᠵᠠᠷᠠᠯ ᠢ ᠡᠰᠡᠷᠬᠦᠴᠡᠵᠤ ᠠᠷᠢᠭᠤᠨ ᠴᠢᠭᠡᠴᠢ ᠶᠢ ᠡᠷᠬᠢᠮᠯᠡᠬᠦ ᠬᠦᠮᠦᠵᠢᠯ ᠢ ᠦᠷᠨᠢᠬᠦᠯᠬᠦ ᠪᠠ ᠴᠢᠭᠡᠴᠢ | ᠵᠠᠰᠠᠭ ᠤᠨ ᠰᠤᠶᠤᠯ ᠤᠨ ᠪᠠᠶᠢᠭᠤᠯᠤᠯᠳᠠ ᠶᠢ ᠠᠬᠢᠭᠤᠯᠵᠤ ᠬᠦᠨᠵᠡᠬᠡᠶᠢᠷᠡᠨ ᠬᠦᠭᠵᠢᠬᠦᠯᠬᠦ ᠳᠤ ᠬᠦᠨ ᠬᠦᠨᠵᠡᠬᠡᠢ | ᠨᠦᠯᠦᠬᠡ ᠳᠤᠰᠬᠠᠯ ᠲᠠᠢ ᠶᠤᠮ᠃ | ᠳᠤᠰ ᠤᠳᠠᠭᠠᠨ ᠤ ᠦᠵᠡᠬᠦᠯᠦᠯᠬᠡ ᠶᠢ ᠨᠢᠬᠡ ᠭᠠᠷᠠᠭ ᠦᠷᠬᠦᠯᠵᠢᠯᠡᠬᠦᠯᠵᠤ᠂ ᠪᠦᠯᠦᠭ ᠳᠡᠰ ᠬᠤᠪᠢᠶᠠᠨ ᠡᠯ᠎ᠡ | ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠪᠠᠶᠢᠭᠤᠯᠭ᠎ᠠ ᠨᠢᠭᠡᠴᠡ ᠶᠢᠨ ᠪᠦᠬᠦ ᠨᠠᠮ ᠤᠨ ᠬᠡᠰᠢᠬᠦᠨ | ᠺᠠᠳ᠋ᠷ ᠠᠵᠢᠯᠳᠠᠨ ᠢ ᠵᠤᠬᠢᠶᠠᠨ ᠪᠠᠶᠢᠭᠤᠯᠵᠤ ᠳᠤᠭᠤᠷᠢᠨ ᠦᠵᠡᠬᠦᠯᠵᠤ᠂ ᠨᠡᠶᠢᠬᠡᠮ ᠨᠡᠶᠢᠲᠡ ᠳᠤ ᠨᠡᠭᠡᠭᠡᠨ᠎ᠡ᠃ | ᠬᠤᠶᠢᠰᠢᠳᠠ ᠳᠤ᠂ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠳᠤᠪᠴᠢᠶ᠎ᠠ ᠠᠴᠠ ᠪᠠᠰᠠ | ᠤᠯᠠᠨ ᠵᠦᠢᠯ ᠤᠨ ᠠᠵᠢᠯᠯᠠᠭᠠᠨ ᠢ ᠦᠷᠨᠢᠬᠦᠯᠵᠤ᠂ ᠨᠠᠮ ᠤᠨ ᠰᠤᠷᠳᠠᠯ ᠴᠢᠬᠡᠴᠢ ᠵᠠᠰᠠᠭ ᠤᠨ ᠬᠦᠮᠦᠵᠢᠯ ᠢ | ᠦᠷᠬᠦᠯᠵᠢᠯᠡᠨ ᠴᠢᠩᠭᠠᠳᠬᠠᠵᠤ᠂ ᠦᠨᠢ ᠤᠳᠠᠭᠠᠨ ᠰᠡᠷᠡᠮᠵᠢᠯᠡᠬᠦᠯᠬᠦ ᠳᠤᠬᠢᠶ᠎ᠠ ᠲᠠᠢ ᠪᠠᠶᠢᠯᠭᠠᠨ᠎ᠠ᠃ |