4 ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠡ᠂ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ | ᠬᠢᠨᠠᠨ ᠪᠠᠶᠢᠴᠠᠭᠠᠬᠤ ᠳᠤᠪᠴᠢᠶ᠎ᠠ ᠬᠤᠰᠢᠭᠤᠨ ᠤ ᠰᠤᠶᠤᠯ ᠤᠬᠠᠭᠤᠯᠭ᠎ᠠ ᠶᠢᠨ ᠳᠦᠪ ᠲᠤ ᠰᠠᠬᠢᠯᠭ᠎ᠠ ᠪᠠᠳᠤ | ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭᠠᠨ ᠤ ︽ᠬᠢᠨᠠᠯᠳᠠ | ᠳᠠᠯᠪᠢᠵᠤ ᠰᠠᠬᠢᠯᠭ᠎ᠠ ᠪᠠᠳᠤ ᠶᠢ ᠶᠠᠪᠤᠭᠳᠠᠭᠤᠯᠬᠤ ᠮᠡᠳᠡᠯᠭᠡ ᠶᠢᠨ ᠤᠷᠤᠯᠳᠤᠭᠠᠨ︾ ᠤ ᠡᠬᠢᠨ ᠤ ᠤᠷᠤᠯᠳᠤᠭᠠᠨ ᠢ | ᠶᠠᠪᠤᠭᠳᠠᠭᠤᠯᠪᠠ᠃ ᠳᠤᠰ ᠤᠳᠠᠭᠠᠨ ᠤ ᠤᠷᠤᠯᠳᠤᠭᠠᠨ ᠨᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠤ ᠭᠤᠤᠯ ᠤᠳᠤᠷᠢᠳᠤᠯᠭ᠎ᠠ ᠶᠢᠨ ᠳᠡᠮᠵᠢᠯᠬᠡ ᠶᠢ ᠤᠯᠪᠠ᠃ ᠬᠤᠰᠢᠭᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠬᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ ᠰᠡᠴᠡᠨᠳᠦ᠋ᠬᠦᠷᠡᠩ ᠤᠷᠤᠯᠳᠤᠭᠠᠨ ᠤ | ᠪᠦᠬᠦᠴᠡ ᠶᠢ ᠦᠵᠡᠵᠤ᠂ ᠪᠦᠬᠦ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ ᠤᠨ | 126 ᠨᠡᠷᠡᠰ ᠺᠠᠳ᠋ᠷ ᠠᠵᠢᠯᠯᠠᠭᠠᠨ ᠳᠤ ᠤᠷᠤᠯᠴᠠᠪᠠ᠃ | ᠳᠤᠰ ᠤᠳᠠᠭᠠᠨ ᠤ ᠠᠵᠢᠯᠯᠠᠭ᠎ᠠ ᠳᠤ ᠡᠯ᠎ᠡ ᠰᠤᠮᠤ ᠪᠠᠯᠭᠠᠰᠤᠨ ᠤ 12 ᠳᠦᠯᠦᠭᠡᠯᠡᠭᠴᠢ ᠶᠢᠨ ᠡᠩᠨᠡᠭᠡ᠂ ᠬᠤᠷᠢᠶ᠎ᠠ | ᠳᠤᠪᠴᠢᠶ᠎ᠠ ᠶᠢᠨ 3 ᠳᠦᠯᠦᠭᠡᠯᠡᠭᠴᠢ ᠶᠢᠨ ᠡᠩᠨᠡᠭᠡ᠂ ᠳᠤᠮᠢᠯᠠᠨ ᠰᠠᠭᠤᠯᠭᠠᠭᠰᠠᠨ ᠰᠠᠬᠢᠯᠭ᠎ᠠ ᠪᠠᠳᠤ ᠪᠠᠶᠢᠴᠠᠭᠠᠬᠤ | ᠳᠤᠭᠤᠶᠢᠯᠠᠩ ᠤᠨ 3 ᠡᠩᠨᠡᠭᠡ ᠶᠢᠨ ᠨᠡᠶᠢᠲᠡ 54 ᠨᠡᠷᠡᠰ ᠤᠷᠤᠯᠴᠠᠭᠴᠢ ᠤᠷᠤᠯᠴᠠᠪᠠ᠃ ᠤᠷᠤᠯᠳᠤᠭᠠᠨ ᠳᠤ᠂ | ᠬᠤᠪᠢ ᠬᠦᠮᠦᠨ ᠤ ᠵᠠᠪᠠᠯ ᠬᠠᠷᠢᠭᠤᠯᠬᠤ ᠰᠡᠳᠦᠪ᠂ ᠪᠠᠭ᠎ᠠ ᠳᠤᠭᠤᠶᠢᠯᠠᠩ ᠤᠨ ᠵᠠᠪᠠᠯ ᠬᠠᠷᠢᠭᠤᠯᠬᠤ ᠰᠡᠳᠦᠪ᠂ ᠪᠠᠭ᠎ᠠ | ᠳᠤᠭᠤᠶᠢᠯᠠᠩ ᠤᠨ ᠵᠠᠪᠳᠤᠨ ᠬᠠᠷᠢᠭᠤᠯᠬᠤ ᠰᠡᠳᠦᠪ᠂ ᠳᠤᠳᠤᠷᠬᠠᠢ ᠢᠯᠡᠳᠭᠡᠭᠴᠢ ᠨᠢ ᠠᠳᠠᠯᠢ ᠪᠤᠰᠤ ᠳᠦᠭᠰᠢᠬᠦᠷᠲᠦ | ᠰᠡᠳᠦᠪ᠂ ᠰᠡᠳᠦᠪ ᠨᠡᠮᠡᠬᠦ ᠵᠡᠷᠭᠡ ᠶᠢ ᠪᠠᠶᠢᠷᠢᠯᠠᠭᠤᠯᠪᠠ᠃ ᠡᠯ᠎ᠡ ᠳᠦᠯᠦᠬᠡᠯᠡᠭᠴᠢ ᠶᠢᠨ ᠡᠩᠨᠡᠭᠡ ᠠᠴᠠ ᠭᠤᠷᠪᠠᠨ ᠡᠬᠡᠯᠵᠢ | ᠶᠢᠨ ᠬᠤᠷᠴᠠ ᠰᠢᠷᠤᠬᠦᠨ ᠦᠷᠢᠰᠦᠯᠳᠦᠭᠡᠨ ᠢᠶᠠᠷ ᠳᠠᠮᠵᠢᠨ᠂ ᠳᠦᠯᠢᠶᠡᠮᠤᠳᠤ ᠪᠠᠯᠭᠠᠰᠤᠨ ᠤ ᠰᠠᠬᠢᠯᠭ᠎ᠠ ᠪᠠᠳᠤ | ᠪᠠᠶᠢᠴᠠᠭᠠᠬᠤ ᠬᠤᠷᠢᠶᠠᠨ ᠤ ᠳᠦᠯᠦᠭᠡᠯᠡᠭᠴᠢ ᠶᠢᠨ ᠡᠩᠨᠡᠭᠡ᠂ ᠪᠠᠷᠠᠭᠤᠨ ᠵᠢᠷᠢᠮ ᠪᠠᠯᠭᠠᠰᠤᠨ ᠤ ᠰᠠᠬᠢᠯᠭ᠎ᠠ ᠪᠠᠳᠤ | ᠪᠠᠶᠢᠴᠠᠭᠠᠬᠤ ᠬᠤᠷᠢᠶᠠᠨ ᠤ ᠳᠦᠯᠦᠭᠡᠯᠡᠭᠴᠢ ᠶᠢᠨ ᠡᠩᠨᠡᠭᠡ᠂ ᠪᠠᠶᠠᠨᠨᠠᠭᠤᠷ ᠰᠤᠮᠤᠨ ᠤ ᠰᠠᠬᠢᠯᠭ᠎ᠠ ᠪᠠᠳᠤ ᠪᠠᠶᠢᠴᠠᠭᠠᠬᠤ | ᠬᠤᠷᠢᠶᠠᠨ ᠤ ᠳᠦᠯᠦᠬᠡᠯᠡᠭᠴᠢ ᠶᠢᠨ ᠡᠩᠨᠡᠭᠡ᠂ ᠬᠠᠷᠠᠨᠢᠭᠤᠷ ᠰᠤᠮᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ | ᠳᠦᠯᠦᠬᠡᠯᠡᠭᠴᠢ ᠶᠢᠨ ᠡᠩᠨᠡᠭᠡ᠂ ᠬᠤᠷᠢᠶ᠎ᠠ ᠳᠤᠪᠴᠢᠶ᠎ᠠ ᠶᠢᠨ ᠭᠤᠷᠪᠠᠳᠤᠭᠠᠷ ᠳᠤᠭᠤᠶᠢᠯᠠᠩ ᠤᠨ ᠳᠦᠯᠦᠭᠡᠯᠡᠭᠴᠢ ᠶᠢᠨ | ᠡᠩᠨᠡᠭᠡ᠂ ᠬᠤᠰᠢᠭᠤᠨ ᠤ ᠠᠵᠢᠯᠳᠠᠨ ᠬᠦᠳᠡᠯᠮᠦᠷᠢ ᠪᠠ ᠨᠡᠶᠢᠬᠡᠮ ᠤᠨ ᠪᠠᠳᠤᠯᠠᠭ᠎ᠠ ᠶᠢᠨ ᠳᠤᠪᠴᠢᠶ᠎ᠠ ᠶᠢᠨ ᠰᠠᠬᠢᠯᠭ᠎ᠠ | ᠪᠠᠳᠤ ᠪᠠᠶᠢᠴᠠᠭᠠᠬᠤ ᠳᠤᠭᠤᠶᠢᠯᠠᠩ ᠤᠨ ᠳᠦᠯᠦᠬᠡᠯᠡᠭᠴᠢ ᠶᠢᠨ ᠡᠩᠨᠡᠭᠡ ᠳᠤᠰ ᠪᠦᠷᠢ ᠡᠷᠳᠡᠮ ᠴᠢᠳᠠᠯ ᠢᠶᠠᠨ | ᠢᠯᠡᠷᠡᠬᠦᠯᠵᠤ᠂ ᠰᠢᠢᠳᠪᠦᠷᠢᠲᠦ ᠤᠷᠤᠯᠳᠤᠭᠠᠨ ᠳᠤ ᠤᠷᠤᠪᠠ᠃ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ | ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭᠠᠨ ᠤ ︽ᠬᠢᠨᠠᠯᠳᠠ ᠳᠠᠯᠪᠢᠵᠤ ᠰᠠᠬᠢᠯᠭ᠎ᠠ ᠪᠠᠳᠤ ᠶᠢ | ᠶᠠᠪᠤᠭᠳᠠᠭᠤᠯᠬᠤ ᠮᠡᠳᠡᠯᠬᠡ ᠶᠢᠨ ᠤᠷᠤᠯᠳᠤᠭᠠᠨ︾ ᠤ ᠰᠢᠢᠳᠪᠦᠷᠲᠦ ᠤᠷᠤᠯᠳᠤᠭᠠᠨ ᠢ 4 ᠰᠠᠷ᠎ᠠ ᠶᠢᠨ 14 ᠤ ᠡᠳᠦᠷ | ᠤᠨ ᠦᠳᠡ ᠶᠢᠨ ᠡᠮᠦᠨ᠎ᠡ ᠬᠤᠰᠢᠭᠤᠨ ᠤ ᠰᠤᠶᠤᠯ ᠤᠬᠠᠭᠤᠯᠭ᠎ᠠ ᠶᠢᠨ ᠳᠦᠪ ᠲᠤ ᠶᠠᠪᠤᠭᠳᠠᠭᠤᠯᠬᠤ ᠪᠠᠷ ᠪᠠᠶᠢᠨ᠎ᠠ᠃ |