ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠳᠤᠪᠴᠢᠶ᠎ᠠ ᠠᠴᠠ ᠰᠤᠮᠤ ᠪᠠᠯᠭᠠᠰᠤᠨ ᠤ ᠴᠢᠭᠡᠴᠢ ᠵᠠᠰᠠᠭ ᠤᠨ ᠤᠬᠠᠭᠤᠯᠭ᠎ᠠ ᠬᠦᠮᠦᠵᠢᠯ ᠤᠨ ᠬᠢᠯᠠᠰ ᠴᠡᠭ ᠢ ᠬᠦᠴᠦᠯᠡᠨ ᠪᠤᠢ ᠪᠤᠯᠭᠠᠵᠤ ᠪᠠᠶᠢᠨ᠎ᠠ
ᠨᠡᠶᠢᠲᠡᠯᠡᠭᠰᠡᠨ ᠴᠠᠭ᠄
2017/6/28
   ᠪᠦᠬᠦ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭ᠎ᠠ ᠶᠢ ᠬᠦᠨᠵᠡᠬᠡᠢ ᠦᠷᠨᠢᠬᠦᠯᠦᠭᠰᠡᠨ ᠠᠴᠠ ᠨᠠᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠳᠤᠪᠴᠢᠶ᠎ᠠ ᠶᠢᠨ ᠤᠳᠤᠷᠢᠳᠬᠤ ᠪᠠᠭ ᠠᠴᠠ ᠤᠯᠠᠨ ᠤᠳᠠᠭ᠎ᠠ ᠦᠨᠳᠦᠰᠦᠨ ᠱᠠᠳᠤᠨ ᠳᠤ ᠬᠦᠨᠵᠡᠬᠡᠶᠢᠷᠡᠵᠤ ᠪᠠᠶᠢᠴᠠᠭᠠᠨ ᠰᠤᠳᠤᠯᠤᠯᠳᠠ ᠬᠢᠵᠤ ᠰᠢᠮᠳᠠᠭᠤᠯᠤᠨ ᠵᠢᠯᠤᠭᠤᠳᠴᠦ᠂ ᠠᠵᠢᠯ ᠤᠨ ᠳᠤᠬᠢᠷᠠᠭᠤᠯᠤᠯᠳᠠ ᠶᠢᠨ ᠬᠤᠷᠠᠯ ᠢ ᠬᠤᠷᠠᠯᠳᠤᠭᠤᠯᠵᠤ᠂ ᠰᠤᠳᠤᠯᠤᠨ ᠶᠠᠷᠢᠯᠴᠠᠬᠤ ᠬᠤᠷᠠᠯ ᠢ ᠬᠢᠵᠤ᠂ ︽ᠨᠢᠬᠡ ᠨᠢᠬᠡ ᠶᠢᠨ ᠬᠠᠷᠢᠴᠠᠭ᠎ᠠ︾᠎ ᠢ ᠰᠢᠰᠲ᠋ᠧᠮ ᠢᠶᠠᠷ ᠰᠢᠮᠳᠠᠭᠤᠯᠤᠨ ᠵᠢᠯᠤᠭᠤᠳᠬᠤ ᠵᠡᠷᠭᠡ ᠤᠯᠠᠨ ᠵᠦᠢᠯ ᠤᠨ ᠬᠦᠴᠦᠨ ᠪᠦᠬᠦᠢ ᠠᠷᠭ᠎ᠠ ᠠᠪᠴᠠᠯ ᠢᠶᠠᠷ ᠳᠠᠮᠵᠢᠨ᠂ ᠰᠤᠮᠤ ᠪᠠᠯᠭᠠᠰᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢ ᠪᠦᠬᠦ ᠳᠠᠯ᠎ᠠ ᠪᠠᠷ ᠰᠢᠮᠳᠠᠭᠤᠯᠤᠨ ᠵᠢᠯᠤᠭᠤᠳᠴᠦ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭ᠎ᠠ ᠶᠢᠨ ︽ᠳᠦᠷᠢᠮᠵᠢᠯᠲᠦ ᠠᠵᠢᠯᠯᠠᠭ᠎ᠠ︾᠎ ᠶᠢ ᠰᠠᠶᠢᠳᠦᠷ ᠠᠳᠬᠤᠬᠤ ᠶᠢᠨ ᠳᠠᠭᠠᠤ ᠰᠤᠮᠤ ᠪᠠᠯᠭᠠᠰᠤᠨ ᠤ ᠠᠵᠢᠯᠯᠠᠭᠠᠨ ᠤ ︽ᠦᠪᠡᠰᠦᠪᠡᠨ ᠰᠤᠩᠭᠤᠬᠤ ᠠᠵᠢᠯᠯᠠᠭ᠎ᠠ︾᠎ ᠶᠢ ᠢᠯᠡᠷᠡᠬᠦᠯᠦᠨ ᠠᠭᠤᠳᠠᠯᠠᠵᠤ᠂  ᠰᠤᠮᠤ ᠪᠠᠯᠭᠠᠰᠤᠨ ᠤ ᠴᠢᠭᠡᠴᠢ ᠵᠠᠰᠠᠭ ᠎ ᠤᠨ ᠤᠬᠠᠭᠤᠯᠭ᠎ᠠ ᠬᠦᠮᠦᠵᠢᠯ ᠤᠨ ᠬᠢᠯᠠᠰ ᠴᠡᠭ ᠢ ᠬᠦᠴᠦᠯᠡᠨ ᠪᠤᠢ ᠪᠤᠯᠭᠠᠵᠤ ᠪᠠᠶᠢᠨ᠎ᠠ᠃    ᠨᠢᠬᠡ ᠳᠤ᠂ ᠪᠠᠶᠠᠨᠨᠠᠭᠤᠷ ᠰᠤᠮᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠴᠢᠭᠡᠴᠢ ᠵᠠᠰᠠᠭ ᠤᠨ ᠬᠦᠮᠦᠵᠢᠯ ᠎ ᠤᠨ ᠦᠵᠡᠬᠦᠯᠦᠯᠭᠡ ᠶᠢᠨ ᠦᠷᠦᠭᠡ ᠶᠢ ᠪᠠᠶᠢᠷᠢᠯᠠᠭᠤᠯᠪᠠ᠃ ᠪᠠᠶᠠᠨᠨᠠᠭᠤᠷ ᠰᠤᠮᠤ ᠴᠢᠭᠡᠴᠢ ᠵᠠᠰᠠᠭ ᠤᠨ ᠬᠦᠮᠦᠵᠢᠯ ᠤᠨ ᠦᠵᠡᠬᠦᠯᠦᠯᠬᠡ ᠶᠢᠨ ᠦᠷᠦᠭᠡ ᠶᠢ ᠪᠠᠶᠢᠷᠢᠯᠠᠭᠤᠯᠵᠤ᠂ ᠴᠦᠨ ᠰᠢᠶᠠᠩ ᠨᠦᠬᠦᠷ ᠤᠨ ᠬᠤᠯᠪᠤᠭᠳᠠᠯ ᠪᠦᠬᠦᠢ ᠳᠠᠩᠰᠠ ᠡᠪᠬᠡᠮᠡᠯ ᠢ ᠦᠵᠡᠬᠦᠯᠵᠤ᠂ ᠴᠦᠨ ᠰᠢᠶᠠᠩ ᠨᠦᠬᠦᠷ ᠤᠨ ᠠᠮᠢᠳᠤ ᠰᠡᠷᠡᠬᠦᠨ ᠪᠠᠶᠢᠬᠤ ᠳᠤ ᠪᠠᠨ ᠡᠮᠦᠰᠴᠦ ᠪᠠᠶᠢᠭᠰᠠᠨ ᠬᠤᠪᠴᠠᠰᠦ ᠬᠤᠨᠠᠷ ᠪᠠ ᠭᠡᠷᠡᠭᠯᠡᠵᠤ ᠪᠠᠶᠢᠭᠰᠠᠨ ᠠᠮᠢᠳᠤᠷᠠᠯ ᠤᠨ ᠭᠡᠷᠡᠭᠰᠡᠯ᠂ ᠵᠠᠮ ᠬᠠᠷᠢᠯᠴᠠᠭᠠᠨ ᠤ ᠪᠠᠭᠠᠵᠢ ᠭᠡᠷᠡᠭᠰᠡᠯ ᠎ ᠢ ᠪᠠᠶᠢᠷᠢᠯᠠᠭᠤᠯᠪᠠ᠃ ᠴᠢᠭᠡᠴᠢ ᠵᠠᠰᠠᠭ ᠤᠨ ᠬᠦᠮᠦᠵᠢᠯ ᠤᠨ ᠦᠵᠡᠬᠦᠯᠦᠯᠬᠡ ᠶᠢᠨ ᠦᠷᠦᠭᠡ ᠶᠢ ᠪᠠᠶᠢᠭᠤᠯᠤᠭᠰᠠᠨ ᠨᠢ ᠦᠷᠭᠡᠨ ᠤᠯᠠᠨ ᠨᠠᠮ ᠤᠨ ᠭᠡᠰᠢᠬᠦᠨ ᠺᠠᠳ᠋ᠷ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠠᠴᠠ ᠴᠦᠨ ᠰᠢᠶᠠᠩ ᠨᠦᠬᠦᠷ ᠤᠨ ᠨᠢᠬᠡ ᠨᠠᠰᠤ ᠶᠢ ᠡᠷᠬᠢᠴᠡᠬᠦᠯᠬᠦ ᠪᠠᠷ ᠳᠠᠮᠵᠢᠨ᠂ ᠦᠷᠭᠡᠨ ᠤᠯᠠᠨ ᠨᠠᠮ ᠤᠨ ᠬᠡᠰᠢᠬᠦᠨ ᠪᠠ ᠰᠠᠬᠢᠯᠭ᠎ᠠ ᠪᠠᠳᠤ ᠬᠢᠨᠠᠨ ᠪᠠᠶᠢᠴᠠᠭᠠᠬᠤ ᠺᠠᠳ᠋ᠷ ᠤᠨ ᠡᠬᠦᠷᠭᠡ ᠶᠢ ᠵᠤᠷᠢᠭᠳᠠᠢ ᠪᠠᠷ ᠡᠬᠦᠷᠭᠡᠯᠡᠵᠤ᠂ ᠵᠤᠷᠢᠭᠳᠠᠢ ᠪᠠᠷ ᠬᠢᠨᠠᠯᠳᠠ ᠳᠠᠯᠪᠢᠬᠤ᠂ ᠵᠤᠷᠢᠭᠳᠠᠢ ᠪᠠᠷ ᠬᠠᠷᠢᠭᠤᠴᠯᠠᠭ᠎ᠠ ᠡᠬᠦᠷᠭᠡᠯᠡᠬᠦ ᠶᠢ ᠬᠦᠳᠦᠯᠦᠨ ᠳᠠᠭᠠᠭᠤᠯᠬᠤ ᠶᠢ ᠬᠦᠮᠦᠵᠢᠬᠦᠯᠵᠤ ᠂ ︽ᠤᠯᠤᠰ ᠳᠦᠷᠦ ᠶᠢ ᠡᠷᠬᠢᠮᠯᠡᠬᠦ᠂ ᠰᠠᠬᠢᠯᠭ᠎ᠠ ᠪᠠᠳᠤ ᠶᠢ ᠵᠢᠷᠤᠮᠯᠡᠬᠤ᠂ ᠳᠤᠬᠠᠶᠢᠯᠠᠭᠰᠠᠨ ᠠᠵᠢᠯ ᠢᠶᠠᠨ ᠤᠶᠢᠯᠠᠭᠠᠬᠤ ︾ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢ ᠪᠠᠶᠢᠭᠤᠯᠵᠤ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠢ ᠦᠨᠡᠨᠴᠢ ᠰᠢᠳᠤᠷᠭᠤ ᠠᠷᠢᠭᠤᠨ ᠴᠡᠪᠡᠷ ᠡᠬᠦᠷᠭᠡ ᠡᠬᠦᠷᠭᠡᠯᠡᠬᠦ ᠳᠠᠭᠤᠷᠢᠶᠠᠯ ᠪᠤᠯᠭᠠᠪᠠ᠃ ᠪᠠᠶᠠᠨᠨᠠᠭᠤᠷ ᠰᠤᠮᠤᠨ ᠳᠤ ᠴᠢᠭᠡᠴᠢ ᠵᠠᠰᠠᠭ ᠤᠨ ᠬᠦᠮᠦᠵᠢᠯ ᠤᠨ ᠦᠵᠡᠬᠦᠯᠦᠯᠬᠡ ᠶᠢᠨ ᠦᠷᠦᠭᠡ ᠶᠢ ᠪᠠᠶᠢᠭᠤᠯᠤᠭᠰᠠᠨ ᠨᠢ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠨᠠᠮ ᠤᠨ ᠭᠡᠰᠢᠬᠦᠨ ᠺᠠᠳ᠋ᠷ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠲᠤ ᠴᠢᠭᠡᠴᠢ ᠵᠠᠰᠠᠭ ᠤᠨ ᠬᠦᠮᠦᠵᠢᠯ ᠤᠨ ᠴᠢᠬᠤᠯᠠ ᠳᠠᠪᠴᠠᠩ ᠢ  ᠬᠠᠩᠭᠠᠵᠤ᠂ ᠪᠤᠰᠤᠳ ᠰᠤᠮᠤ ᠪᠠᠯᠭᠠᠰᠤᠨ ᠤ ᠴᠢᠭᠡᠴᠢ ᠵᠠᠰᠠᠭ ᠤᠨ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠳᠠᠶᠢᠴᠢᠯᠠᠬᠤ ᠳᠤ ᠵᠢᠱᠢᠶ᠎ᠡ ᠦᠵᠡᠬᠦᠯᠦᠨ ᠬᠦᠳᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠪᠠ᠃    ᠬᠤᠶᠠᠷ ᠲᠤ᠂ ᠳᠦᠯᠢᠶᠡᠮᠤᠳᠤ ᠪᠠᠯᠭᠠᠰᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠠᠵᠢᠯᠯᠠᠭᠠᠨ ᠤ ᠤᠨᠴᠠᠯᠢᠬᠲᠦ ᠦᠵᠡᠬᠦᠯᠦᠯᠬᠡ ᠶᠢᠨ ᠬᠠᠪᠳᠠᠰᠤ ᠶᠢ ᠪᠠᠶᠢᠷᠢᠯᠠᠭᠤᠯᠪᠠ᠃ ᠳᠦᠯᠢᠶᠡᠮᠤᠳᠤ ᠪᠠᠯᠭᠠᠰᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠠᠴᠠ ︽ᠳᠦᠯᠢᠶᠡᠮᠤᠳᠤ ᠪᠠᠯᠭᠠᠰᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭ᠎ᠠ︾᠎ ᠢ ᠤᠨᠴᠠᠯᠢᠬᠲᠦ ᠦᠵᠡᠬᠦᠯᠦᠯᠭᠡ ᠶᠢᠨ ᠬᠠᠪᠳᠠᠰᠤ ᠶᠢ ᠵᠤᠬᠢᠶᠠᠵᠤ᠂ ᠠᠵᠢᠯᠯᠠᠭᠠᠨ ᠤ ︽ᠭᠡᠷᠡᠭᠵᠢᠬᠦᠯᠬᠦ ᠳᠦᠰᠦᠯ︾ ᠵᠢᠴᠢ ᠨᠠᠮ ᠤᠨ ᠬᠡᠰᠢᠬᠦᠨ ᠺᠠᠳ᠋ᠷ ᠤᠨ 100 ᠵᠤᠷᠪᠤᠰ ᠬᠤᠷᠢᠶ᠎ᠠ ᠴᠠᠭᠠᠵᠠ ᠶᠢᠨ ᠵᠠᠷᠯᠢᠭ ᠢ ᠬᠠᠪᠳᠠᠰᠤᠨ ᠳᠤ ᠪᠢᠴᠢᠨ ᠤᠷᠤᠭᠤᠯᠵᠤ᠂ ᠠᠵᠢᠯᠯᠠᠭᠠᠨ ᠤ ᠬᠠᠮᠢᠶ᠎ᠠ ᠪᠦᠬᠦᠢ ᠵᠢᠷᠤᠭ ᠳᠦᠷᠰᠦ ᠶᠢ ᠬᠠᠳᠠᠨ ᠤᠷᠤᠭᠤᠯᠵᠤ᠂ ᠵᠠᠰᠠᠭ ᠤᠨ ᠤᠷᠳᠤᠨ ᠤ ᠠᠯᠪᠠᠯᠠᠬᠤ ᠠᠯᠪᠠᠯᠠᠬᠤ ᠠᠰᠠᠷ ᠤᠨ ᠶᠡᠭᠡ ᠲᠢᠩᠬᠢᠮ ᠳᠤ ᠪᠠᠶᠢᠷᠢᠯᠠᠭᠤᠯᠵᠤ᠂ ︽ᠴᠤᠭᠴᠠᠯᠠᠯᠳᠠ ᠶᠢᠨ ᠤᠨ︾᠎ ᠤ ᠠᠵᠢᠯᠯᠠᠭ᠎ᠠ ᠶᠢ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠠᠴᠠ ᠦᠷᠭᠡᠳᠭᠡᠨ᠂ ᠨᠡᠩ ᠤᠯᠠᠨ ᠨᠠᠮ ᠤᠨ ᠬᠡᠰᠢᠬᠦᠨ ᠺᠠᠳ᠋ᠷ ᠤᠯᠠᠨ ᠲᠦᠮᠡᠨ ᠳᠤ ︽ᠴᠤᠭᠴᠠᠯᠠᠯᠳᠠ ᠶᠢᠨ ᠤᠨ︾᠎ ᠤ ᠠᠵᠢᠯᠯᠠᠭ᠎ᠠ ᠶᠢᠨ ᠪᠤᠳᠠᠳᠠᠢ ᠠᠭᠤᠯᠭ᠎ᠠ ᠶᠢ ᠤᠶᠢᠯᠠᠭᠠᠭᠤᠯᠵᠤ᠂ ᠨᠡᠩ ᠤᠯᠠᠨ ᠰᠠᠨᠠᠯ ᠰᠠᠨᠠᠭᠤᠯᠭ᠎ᠠ ᠶᠢ ᠬᠦᠯᠢᠶᠡᠵᠤ᠂ ︽ᠴᠤᠭᠴᠠᠯᠠᠯᠳᠠ ᠶᠢᠨ ᠤᠨ︾᠎ ᠤ ᠠᠵᠢᠯᠯᠠᠭ᠎ᠠ ᠶᠢ ᠦᠷᠨᠢᠬᠦᠯᠬᠦ ᠬᠠᠷᠠᠯᠳᠠ ᠳᠤ ᠬᠦᠷᠴᠦ ᠪᠠᠶᠢᠨ᠎ᠠ᠃    ᠭᠤᠷᠪᠠ ᠳᠤ᠂ ᠬᠠᠷᠠᠨᠢᠭᠤᠷ ᠰᠤᠮᠤ ᠶᠢᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠠᠴᠠ ᠴᠢᠭᠡᠴᠢ ᠵᠠᠰᠠᠭ ᠤᠨ ᠰᠤᠶᠤᠯ ᠤᠨ ᠬᠠᠨ᠎ᠠ ᠶᠢ ᠪᠠᠶᠢᠷᠢᠯᠠᠭᠤᠯᠪᠠ᠃ ᠬᠠᠷᠠᠨᠢᠭᠤᠷ ᠰᠤᠮᠤ ᠶᠢᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠠᠴᠠ ᠴᠢᠭᠡᠴᠢ ᠵᠠᠰᠠᠭ ᠤᠨ ᠰᠤᠶᠤᠯ ᠤᠨ ᠪᠠᠶᠢᠭᠤᠯᠤᠯᠳᠠ ᠶᠢ ᠤᠯᠠᠮ ᠨᠢᠬᠡ ᠠᠯᠬᠤᠮ ᠴᠢᠩᠭᠠᠳᠬᠠᠵᠤ᠂ ᠰᠢᠨ᠎ᠡ ᠪᠠᠶᠢᠳᠠᠯ ᠤᠨ ᠳᠤᠤᠷᠠᠬᠢ ᠨᠠᠮ ᠤᠨ ᠰᠤᠷᠳᠠᠯ ᠴᠢᠭᠡᠴᠢ ᠵᠠᠰᠠᠭ ᠤᠨ ᠬᠦᠮᠦᠵᠢᠯ ᠢ ᠳᠠᠰᠤᠷᠠᠯᠳᠠ ᠦᠬᠡᠢ ᠪᠠᠶᠠᠯᠢᠬᠵᠢᠭᠤᠯᠵᠤ᠂ ᠴᠢᠭᠡᠴᠢ ᠵᠠᠰᠠᠭ ᠤᠨ ᠰᠤᠶᠤᠯ ᠤᠨ ᠤᠬᠠᠭᠤᠯᠭ᠎ᠠ ᠶᠢᠨ ᠠᠴᠢᠶᠠᠯᠠᠪᠦᠷᠢ ᠶᠢ ᠰᠢᠨᠡᠳᠭᠡᠵᠤ᠂ ᠴᠢᠭᠡᠴᠢ ᠵᠠᠰᠠᠭ ᠤᠨ ᠰᠤᠶᠤᠯ ᠤᠨ ︽ᠬᠠᠨ᠎ᠠ ᠳᠤ ᠭᠠᠷᠬᠤ︾ ᠠᠵᠢᠯᠯᠠᠭ᠎ᠠ ᠶᠢ ᠢᠳᠡᠪᠬᠢᠲᠡᠢ ᠦᠷᠨᠢᠬᠦᠯᠵᠤ ᠪᠠᠶᠢᠨ᠎ᠠ᠃ ᠠᠷᠢᠭᠤᠨ ᠴᠢᠭᠡᠴᠢ᠂ ᠠᠵᠢᠯᠴᠢ ᠠᠷᠪᠢᠴᠢ᠂ ᠶᠤᠰᠤ ᠰᠤᠷᠳᠠᠬᠤᠨ᠂ ᠠᠴᠢᠯᠠᠯ ᠡᠯᠪᠡᠷᠢᠯ᠂ ᠬᠠᠤᠯᠢ ᠳᠦᠷᠢᠮ ᠢᠶᠠᠷ ᠤᠬᠠᠭᠤᠯᠭ᠎ᠠ ᠶᠢᠨ ᠭᠤᠤᠯ ᠰᠡᠳᠦᠪ ᠪᠤᠯᠭᠠᠵᠤ᠂ ᠳᠤᠮᠳᠠᠳᠤ ᠶᠢᠨ ᠤᠯᠠᠮᠵᠢᠯᠠᠯᠲᠦ ᠰᠤᠶᠤᠯ ᠤᠨ ᠳᠤᠮᠳᠠᠬᠢ ᠴᠢᠭᠡᠴᠢ ᠵᠠᠰᠠᠭ ᠤᠨ ᠰᠤᠶᠤᠯ ᠤᠨ ᠡᠯᠧᠮᠧᠨ᠋ᠲ ᠢ ᠬᠦᠢᠴᠡᠳ ᠠᠭᠤᠳᠠᠯᠠᠵᠤ᠂ ᠮᠡᠷᠭᠡᠨ ᠦᠬᠡ ᠬᠠᠪᠤᠳᠤ ᠦᠬᠡᠰ᠂ ᠨᠡᠷᠡᠲᠦ ᠬᠦᠮᠦᠨ ᠤ ᠰᠢᠯᠦᠭ᠂ ᠴᠢᠭᠡᠴᠢ ᠵᠠᠰᠠᠭ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠭᠰᠠᠨ ᠦᠯᠢᠭᠡᠷ ᠵᠢᠱᠢᠶ᠎ᠡ᠂ ᠰᠡᠷᠡᠮᠵᠢᠯᠡᠯ ᠤᠨ ᠱᠤᠭ ᠵᠢᠷᠤᠭ ᠵᠡᠷᠭᠡ ᠪᠠᠷ ᠭᠤᠤᠯ ᠠᠭᠤᠯᠭ᠎ᠠ ᠪᠤᠯᠭᠠᠵᠤ᠂ ᠰᠤᠮᠤᠨ ᠤ ᠵᠠᠰᠠᠭ ᠤᠨ ᠤᠷᠳᠤᠨ ᠤ ᠠᠯᠪᠠᠯᠠᠬᠤ ᠠᠰᠠᠷ ᠤᠨ ᠬᠤᠩᠬᠢᠯ᠂ ᠬᠤᠷᠠᠯ ᠤᠨ ᠭᠡᠷ᠂ ᠠᠵᠢᠯᠳᠠᠨ ᠤ ᠬᠤᠭᠤᠯᠠᠨ ᠭᠡᠷ ᠤᠨ ᠬᠠᠨ᠎ᠠ ᠳᠤ ᠬᠠᠳᠠᠵᠤ᠂ ᠠᠮᠢᠳᠤ ᠳᠦᠷᠰᠦᠯᠢᠭ ᠴᠢᠭᠡᠴᠢ ᠵᠠᠰᠠᠭ ᠤᠨ ᠰᠤᠶᠤᠯ ᠤᠨ ᠪᠠᠶᠢᠳᠠᠯ ᠢ ᠪᠤᠢ ᠪᠤᠯᠭᠠᠵᠤ ᠪᠠᠶᠢᠨ᠎ᠠ᠃ ᠴᠢᠭᠡᠴᠢ ᠵᠠᠰᠠᠭ ᠤᠨ ᠰᠤᠶᠤᠯ ᠤᠨ ᠬᠠᠨ᠎ᠠ ᠶᠢ ᠪᠠᠶᠢᠷᠢᠯᠠᠭᠤᠯᠤᠭᠰᠠᠨ ᠨᠢ ᠦᠷᠭᠡᠨ ᠤᠯᠠᠨ ᠨᠠᠮ ᠤᠨ ᠬᠡᠰᠢᠬᠦᠨ ᠺᠠᠳ᠋ᠷ᠂ ᠠᠵᠢᠯᠳᠠᠨ ᠪᠠ ᠶᠠᠪᠤᠳᠠᠯ ᠡᠷᠬᠢᠯᠡᠬᠦ ᠪᠠᠷ ᠢᠷᠡᠭᠰᠡᠨ ᠤᠯᠠᠨ ᠲᠦᠮᠡᠨ ᠳᠤ ᠦᠵᠡᠬᠦᠯᠵᠤ᠂ ᠰᠤᠮᠤᠨ ᠤ ᠵᠠᠰᠠᠭ ᠤᠨ ᠤᠷᠳᠤᠨ ᠤ ᠠᠯᠪᠠᠯᠠᠬᠤ ᠤᠷᠴᠢᠨ ᠳᠤᠭᠤᠷᠢᠨ ᠎ ᠢ ᠭᠤᠶᠤᠵᠢᠭᠤᠯᠤᠭᠰᠠᠨ ᠢᠶᠠᠷ ᠪᠠᠷᠠᠬᠤ ᠦᠬᠡᠢ ᠴᠢᠭᠡᠴᠢ ᠵᠠᠰᠠᠭ ᠤᠨ ᠤᠬᠠᠭᠤᠯᠭ᠎ᠠ ᠶᠢᠨ ᠦᠢᠯᠡᠳᠦᠯ ᠢ ᠪᠠᠳᠠᠷᠠᠭᠤᠯᠵᠤ᠂ ᠨᠠᠮ ᠤᠨ ᠬᠡᠰᠢᠬᠦᠨ ᠺᠠᠳ᠋ᠷ ᠢ ᠵᠦᠪ ᠤᠨᠤᠪᠴᠢᠳᠠᠢ ᠪᠠᠷ ᠬᠦᠳᠦᠯᠦᠨ ᠳᠠᠭᠠᠭᠤᠯᠵᠤ ᠰᠤᠷᠳᠠᠯ ᠴᠢᠭᠡᠴᠢ ᠤᠪᠤᠷ ᠳᠦᠪ᠂ ᠴᠢᠭᠡᠴᠢ ᠵᠠᠰᠠᠭ ᠤᠨ ᠠᠷᠠᠳ ᠲᠤ ᠦᠢᠯᠡᠴᠢᠯᠠᠬᠦ ᠠᠵᠢᠯ ᠤᠨ ᠤᠶᠢᠯᠠᠭᠠᠭᠳᠠᠬᠤᠨ ᠢ ᠪᠤᠢ ᠪᠤᠯᠭᠠᠵᠤ᠂ ᠤᠬᠠᠮᠰᠠᠷ ᠠᠴᠠ ᠎ ᠪᠠᠨ ᠠᠷᠢᠭᠤᠨ ᠴᠢᠭᠡᠴᠢ ᠪᠡᠶ᠎ᠡ ᠪᠠᠨ ᠪᠠᠷᠢᠬᠤ ᠠᠵᠢᠯ ᠤᠨ ᠵᠠᠩ ᠳᠠᠳᠬᠠᠯ ᠲᠠᠢ ᠪᠤᠯᠬᠤ ᠶᠢ ᠬᠦᠮᠦᠵᠢᠬᠦᠯᠦᠨ᠎ᠠ᠃ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠳᠤᠪᠴᠢᠶ᠎ᠠ ᠠᠴᠠ ᠪᠠᠶᠠᠨᠨᠠᠭᠤᠷ ᠰᠤᠮᠤ᠂ ᠳᠦᠯᠢᠶᠡᠮᠤᠳᠤ ᠪᠠᠯᠭᠠᠰᠤ᠂ ᠬᠠᠷᠠᠨᠢᠭᠤᠷ ᠰᠤᠮᠤ ᠵᠡᠷᠭᠡ 3 ᠰᠤᠮᠤ ᠪᠠᠯᠭᠠᠰᠤᠨ ᠎ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠠᠵᠢᠯᠯᠠᠭ᠎ᠠ ᠶᠢᠨ ᠬᠢᠯᠠᠰ ᠴᠡᠭ ᠢ ᠭᠤᠤᠯᠳᠠᠯᠭ᠎ᠠ ᠲᠠᠢ ᠪᠠᠷ ᠪᠤᠯᠭᠠᠵᠤ᠂ ᠨᠢᠬᠡ ᠪᠦᠯᠦᠭ ᠰᠤᠮᠤ ᠪᠠᠯᠭᠠᠰᠤᠨ ᠤ ᠴᠢᠭᠡᠴᠢ ᠵᠠᠰᠠᠭ ᠤᠨ ᠤᠬᠠᠭᠤᠯᠭ᠎ᠠ ᠬᠦᠮᠦᠵᠢᠯ ᠤᠨ ᠠᠵᠢᠯ ᠤᠨ ᠳᠡᠷᠢᠬᠦᠨ ᠤ ᠨᠡᠶᠢᠳᠡᠯᠢᠭ ᠵᠢᠱᠢᠶ᠎ᠡ ᠶᠢ ᠪᠤᠢ ᠪᠤᠯᠭᠠᠵᠤ᠂ ᠰᠤᠮᠤ ᠪᠠᠯᠭᠠᠰᠤᠨ ᠤ ᠴᠢᠭᠡᠴᠢ ᠵᠠᠰᠠᠭ ᠤᠨ ᠤᠬᠠᠭᠤᠯᠭ᠎ᠠ ᠬᠦᠮᠦᠵᠢᠯ ᠤᠨ ᠠᠵᠢᠯ ᠢ ᠤᠯᠠᠮ ᠤ ᠨᠢᠬᠡ ᠠᠯᠬᠤᠮ ᠴᠢᠩᠭᠠᠷᠠᠭᠤᠯᠵᠤ᠂ ᠰᠠᠴᠤᠷᠠᠭ ᠳᠠᠶᠢᠴᠢᠯᠠᠬᠤ ᠦᠢᠯᠡᠳᠦᠯ ᠢ ᠪᠠᠳᠠᠷᠠᠭᠤᠯᠪᠠ᠃
 
ᠢᠷᠡᠯᠲᠡ᠄ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号