ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠳᠤᠪᠴᠢᠶ᠎ᠠ ᠠᠴᠠ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭᠠᠨ ᠤ ︽ᠬᠢᠨᠠᠯᠳᠠ ᠳᠠᠯᠪᠢᠵᠤ ᠰᠠᠬᠢᠯᠭ᠎ᠠ ᠪᠠᠳᠤ ᠶᠢ ᠶᠠᠪᠤᠭᠳᠠᠭᠤᠯᠬᠤ ᠮᠡᠳᠡᠯᠭᠡ ᠶᠢᠨ ᠤᠷᠤᠯᠳᠤᠭᠠᠨ︾᠎ ᠤ ᠰᠢᠢᠳᠪᠦᠷᠢᠲᠦ ᠤᠷᠤᠯᠳᠤᠭᠠᠨ ᠢ ᠠᠮᠵᠢᠯᠳᠠ ᠲᠠᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2017/6/28
   4 ᠰᠠᠷ᠎ᠠ ᠶᠢᠨ 14᠎ ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠳᠤᠪᠴᠢᠶ᠎ᠠ ᠬᠤᠰᠢᠭᠤᠨ ᠤ ᠰᠤᠶᠤᠯ ᠤᠬᠠᠭᠤᠯᠭ᠎ᠠ ᠶᠢᠨ ᠳᠦᠪ ᠲᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭᠠᠨ ᠤ ︽ᠬᠢᠨᠠᠯᠳᠠ ᠳᠠᠯᠪᠢᠵᠤ ᠰᠠᠬᠢᠯᠭ᠎ᠠ ᠪᠠᠳᠤ ᠶᠢ ᠶᠠᠪᠤᠭᠳᠠᠭᠤᠯᠬᠤ ᠮᠡᠳᠡᠯᠭᠡ ᠶᠢᠨ ᠤᠷᠤᠯᠳᠤᠭᠠᠨ︾᠎ ᠤ ᠰᠢᠢᠳᠪᠦᠷᠢᠲᠦ ᠤᠷᠤᠯᠳᠤᠭᠠᠨ ᠢ ᠠᠮᠵᠢᠯᠳᠠ ᠲᠠᠢ ᠶᠠᠪᠤᠭᠳᠠᠭᠤᠯᠪᠠ᠃ ᠡᠯ᠎ᠡ ᠳᠦᠯᠦᠬᠡᠯᠡᠭᠴᠢ ᠶᠢᠨ ᠡᠩᠨᠡᠭᠡ ᠠᠴᠠ ᠭᠤᠷᠪᠠᠨ ᠡᠬᠡᠯᠵᠢ ᠶᠢᠨ ᠬᠤᠷᠴᠠ ᠰᠢᠷᠤᠬᠦᠨ ᠦᠷᠢᠰᠦᠯᠳᠦᠭᠡᠨ ᠢᠶᠠᠷ ᠳᠠᠮᠵᠢᠨ᠂ ᠳᠦᠯᠢᠶᠡᠮᠤᠳᠤ ᠪᠠᠯᠭᠠᠰᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠎ ᠤ ᠳᠦᠯᠦᠭᠡᠯᠡᠭᠴᠢ ᠶᠢᠨ ᠡᠩᠨᠡᠭᠡ᠂ ᠪᠠᠷᠠᠭᠤᠨ ᠵᠢᠷᠢᠮ ᠪᠠᠯᠭᠠᠰᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠳᠦᠯᠦᠭᠡᠯᠡᠭᠴᠢ ᠶᠢᠨ ᠡᠩᠨᠡᠭᠡ᠂ ᠪᠠᠶᠠᠨᠨᠠᠭᠤᠷ ᠰᠤᠮᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠳᠦᠯᠦᠬᠡᠯᠡᠭᠴᠢ ᠎ ᠶᠢᠨ ᠡᠩᠨᠡᠭᠡ᠂ ᠬᠠᠷᠠᠨᠢᠭᠤᠷ ᠰᠤᠮᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠳᠦᠯᠦᠬᠡᠯᠡᠭᠴᠢ ᠶᠢᠨ ᠡᠩᠨᠡᠭᠡ᠂ ᠬᠤᠷᠢᠶ᠎ᠠ ᠳᠤᠪᠴᠢᠶ᠎ᠠ ᠶᠢᠨ ᠭᠤᠷᠪᠠᠳᠤᠭᠠᠷ ᠳᠤᠭᠤᠶᠢᠯᠠᠩ ᠤᠨ ᠳᠦᠯᠦᠭᠡᠯᠡᠭᠴᠢ ᠶᠢᠨ ᠡᠩᠨᠡᠭᠡ᠂ ᠬᠤᠰᠢᠭᠤᠨ ᠤ ᠠᠵᠢᠯᠳᠠᠨ ᠬᠦᠳᠡᠯᠮᠦᠷᠢ ᠪᠠ ᠨᠡᠶᠢᠬᠡᠮ ᠤᠨ ᠪᠠᠳᠤᠯᠠᠭ᠎ᠠ ᠶᠢᠨ ᠳᠤᠪᠴᠢᠶ᠎ᠠ ᠶᠢᠨ ᠰᠠᠬᠢᠯᠭ᠎ᠠ ᠪᠠᠳᠤ ᠪᠠᠶᠢᠴᠠᠭᠠᠬᠤ ᠳᠤᠭᠤᠶᠢᠯᠠᠩ ᠤᠨ ᠳᠦᠯᠦᠬᠡᠯᠡᠭᠴᠢ ᠶᠢᠨ ᠡᠩᠨᠡᠭᠡ ᠳᠤᠰ ᠪᠦᠷᠢ ᠡᠷᠳᠡᠮ ᠴᠢᠳᠠᠯ ᠢᠶᠠᠨ ᠢᠯᠡᠷᠡᠬᠦᠯᠵᠤ᠂ ᠰᠢᠢᠳᠪᠦᠷᠢᠲᠦ ᠤᠷᠤᠯᠳᠤᠭᠠᠨ ᠳᠤ ᠤᠷᠤᠪᠠ᠃ ᠰᠢᠢᠳᠪᠦᠷᠢᠲᠦ ᠤᠷᠤᠯᠳᠤᠭᠠᠨ ᠤ ᠳᠤᠬᠠᠢ ᠶᠢᠨ ᠳᠠᠯᠠᠪᠤᠷ ᠲᠤ᠂ ᠡᠯ᠎ᠡ ᠳᠦᠯᠦᠭᠡᠯᠡᠭᠴᠢ ᠎ ᠶᠢᠨ ᠡᠩᠨᠡᠭᠡ ᠠᠴᠠ ᠠᠰᠠᠭᠤᠯᠳᠠ ᠶᠢᠨ ᠰᠡᠳᠦᠪ ᠢ ᠴᠢᠨᠡᠭᠡ ᠮᠡᠳᠡᠨ ᠵᠠᠪᠳᠤᠨ ᠬᠠᠷᠢᠭᠤᠯᠵᠤ᠂ ᠬᠦᠷ ᠬᠦᠭᠵᠢᠶᠡᠨ ᠢᠶᠠᠷ ᠪᠢᠯᠬᠠᠵᠤ᠂ ᠠᠯᠠᠭ᠎ᠠ ᠳᠠᠰᠢᠬᠤ ᠳᠠᠭᠤᠨ ᠦᠷᠬᠦᠯᠵᠢᠯᠡᠵᠡᠢ᠃ ᠤᠷᠤᠯᠳᠤᠭᠠᠨ ᠳᠤ᠂ ᠬᠤᠪᠢ ᠬᠦᠮᠦᠨ ᠤ ᠵᠠᠪᠠᠯ ᠬᠠᠷᠢᠭᠤᠯᠬᠤ ᠰᠡᠳᠦᠪ᠂ ᠪᠠᠭ᠎ᠠ ᠳᠤᠭᠤᠶᠢᠯᠠᠩ ᠤᠨ ᠵᠠᠪᠠᠯ ᠬᠠᠷᠢᠭᠤᠯᠬᠤ ᠰᠡᠳᠦᠪ᠂ ᠪᠠᠭ᠎ᠠ ᠳᠤᠭᠤᠶᠢᠯᠠᠩ ᠤᠨ ᠵᠠᠪᠳᠤᠨ ᠬᠠᠷᠢᠭᠤᠯᠬᠤ ᠰᠡᠳᠦᠪ᠂ ᠳᠤᠳᠤᠷᠬᠠᠢ ᠢᠯᠡᠳᠭᠡᠭᠴᠢ ᠨᠢ ᠠᠳᠠᠯᠢ ᠪᠤᠰᠤ ᠳᠦᠭᠰᠢᠬᠦᠷᠲᠦ ᠰᠡᠳᠦᠪ ᠵᠡᠷᠭᠡ 4 ᠭᠤᠭᠴᠤᠭ᠎ᠠ ᠶᠢ ᠦᠩᠭᠡᠷᠡᠭᠡᠵᠤ᠂ ᠪᠠᠶᠠᠨᠨᠠᠭᠤᠷ ᠰᠤᠮᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠡᠩᠨᠡᠭᠡ ᠴᠤᠯᠭᠤᠷᠠᠨ ᠭᠠᠷᠴᠦ ᠨᠢᠬᠡᠳᠦᠭᠡᠷ ᠳᠡᠰ ᠲᠤ ᠳᠤᠳᠤᠷᠠᠪᠠ᠃ ᠬᠤᠷᠢᠶ᠎ᠠ ᠳᠤᠪᠴᠢᠶ᠎ᠠ ᠶᠢᠨ ᠭᠤᠷᠪᠠᠳᠤᠭᠠᠷ ᠳᠤᠭᠤᠶᠢᠯᠠᠩ ᠎ ᠤᠨ ᠳᠦᠯᠦᠭᠡᠯᠡᠭᠴᠢ ᠶᠢᠨ ᠡᠩᠨᠡᠭᠡ᠂ ᠬᠤᠰᠢᠭᠤᠨ ᠤ ᠠᠵᠢᠯᠳᠠᠨ ᠬᠦᠳᠡᠯᠮᠦᠷᠢ ᠪᠠ ᠨᠡᠶᠢᠬᠡᠮ ᠤᠨ ᠪᠠᠳᠤᠯᠠᠭ᠎ᠠ ᠶᠢᠨ ᠳᠤᠪᠴᠢᠶ᠎ᠠ ᠶᠢᠨ ᠰᠠᠬᠢᠯᠭ᠎ᠠ ᠪᠠᠳᠤ ᠪᠠᠶᠢᠴᠠᠭᠠᠬᠤ ᠳᠤᠭᠤᠶᠢᠯᠠᠩ ᠤᠨ ᠳᠦᠯᠦᠬᠡᠯᠡᠭᠴᠢ ᠶᠢᠨ ᠡᠩᠨᠡᠭᠡ ᠬᠤᠶᠠᠳᠤᠭᠠᠷ ᠳᠡᠰ ᠎ ᠲᠤ ᠳᠤᠳᠤᠷᠠᠵᠤ᠂ ᠬᠠᠷᠠᠨᠢᠭᠤᠷ ᠰᠤᠮᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠳᠦᠯᠦᠭᠡᠯᠡᠭᠴᠢ ᠶᠢᠨ ᠡᠩᠨᠡᠭᠡ ᠭᠤᠷᠪᠠᠳᠤᠭᠠᠷ ᠳᠡᠰ ᠲᠤ ᠳᠤᠳᠤᠷᠠᠪᠠ᠃    ᠠᠶᠢᠮᠠᠭ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠳᠡᠳ᠋ ᠱᠦᠵᠢ ᠵᠦᠩ ᠿᠦᠢ ᠵᠧᠨ᠂ ᠠᠶᠢᠮᠠᠭ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠤᠬᠠᠭᠤᠯᠬᠤ ᠬᠡᠯᠳᠡᠰ ᠤᠨ ᠳᠠᠷᠤᠭ᠎ᠠ ᠵᠠᠩ ᠭᠥᠸᠧ ᡁᠢ᠂ ᠠᠶᠢᠮᠠᠭ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠤᠨ ᠺᠠᠳ᠋ᠷ ᠤᠨ ᠬᠢᠨᠠᠯᠳᠠ ᠳᠠᠯᠪᠢᠬᠤ ᠳᠠᠰᠤᠭ ᠤᠨ ᠡᠷᠬᠢᠯᠡᠭᠴᠢ ᠯᠢ ᠬᠤᠤ ᠳᠤᠬᠠᠢ ᠶᠢᠨ ᠳᠠᠯᠠᠪᠤᠷ ᠲᠤ ᠢᠷᠡᠵᠤ ᠤᠷᠤᠯᠳᠤᠭᠠᠨ ᠤ ᠪᠦᠬᠦ ᠶᠠᠪᠤᠴᠠ ᠶᠢ ᠦᠵᠡᠵᠤ᠂ ᠱᠠᠩᠨᠠᠯ ᠬᠦᠷᠳᠡᠭᠰᠡᠨ ᠳᠦᠯᠦᠭᠡᠯᠡᠭᠴᠢ ᠶᠢᠨ ᠡᠩᠨᠡᠭᠡ ᠳᠤ ᠱᠠᠩᠨᠠᠯ ᠤᠯᠭᠤᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ ᠰᠡᠴᠡᠨᠳᠦ᠋ᠬᠦᠷᠡᠩ ᠵᠢᠴᠢ ᠬᠤᠷᠢᠶ᠎ᠠ ᠳᠤᠪᠴᠢᠶ᠎ᠠ ᠶᠢᠨ ᠤᠳᠤᠷᠢᠳᠬᠤ ᠪᠠᠭ ᠤᠨ ᠬᠡᠰᠢᠬᠦᠳ᠂ ᠡᠯ᠎ᠡ ᠰᠤᠮᠤ ᠪᠠᠯᠭᠠᠰᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ᠂ ᠳᠡᠳ᠋ ᠱᠦᠵᠢ᠂ ᠡᠯ᠎ᠡ ᠳᠤᠮᠢᠯᠠᠨ ᠰᠠᠭᠤᠯᠭᠠᠭᠰᠠᠨ ᠰᠠᠬᠢᠯᠭ᠎ᠠ ᠪᠠᠳᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠰᠠᠬᠢᠯᠭ᠎ᠠ ᠪᠠᠳᠤ ᠪᠠᠶᠢᠴᠠᠭᠠᠬᠤ ᠳᠤᠰᠬᠠᠢ ᠠᠵᠢᠯᠳᠠᠨ ᠵᠡᠷᠭᠡ ᠨᠡᠶᠢᠲᠡ 100 ᠢᠯᠡᠬᠦᠦ ᠬᠦᠮᠦᠨ ᠤᠷᠤᠯᠳᠤᠭᠠᠨ ᠢ ᠦᠵᠡᠪᠡ᠃     ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭᠠᠨ ᠤ ︽ᠬᠢᠨᠠᠯᠳᠠ ᠳᠠᠯᠪᠢᠵᠤ ᠰᠠᠬᠢᠯᠭ᠎ᠠ ᠪᠠᠳᠤ ᠶᠢ ᠶᠠᠪᠤᠭᠳᠠᠭᠤᠯᠬᠤ ᠮᠡᠳᠡᠯᠬᠡ ᠶᠢᠨ ᠤᠷᠤᠯᠳᠤᠭᠠᠨ︾ ᠪᠤᠯ ᠪᠦᠬᠦ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ ᠤᠨ ᠳᠤᠬᠠᠶᠢᠯᠠᠭᠰᠠᠨ ᠠᠵᠢᠯ ᠤᠨ ᠴᠢᠳᠠᠪᠦᠷᠢ ᠶᠢᠨ ᠶᠡᠭᠡ ᠰᠤᠷᠢᠯᠳᠠ ᠪᠤᠯᠤᠨ᠎ᠠ᠃ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭᠠᠨ ᠤ ︽ᠬᠢᠨᠠᠯᠳᠠ ᠳᠠᠯᠪᠢᠵᠤ ᠰᠠᠬᠢᠯᠭ᠎ᠠ ᠪᠠᠳᠤ ᠶᠢ ᠶᠠᠪᠤᠭᠳᠠᠭᠤᠯᠬᠤ ᠮᠡᠳᠡᠯᠬᠡ ᠶᠢᠨ ᠤᠷᠤᠯᠳᠤᠭᠠᠨ︾᠎ ᠢ ᠶᠠᠪᠤᠭᠳᠠᠭᠤᠯᠬᠤ ᠪᠠᠷ ᠳᠠᠮᠵᠢᠨ᠂ ᠦᠷᠭᠡᠨ ᠤᠯᠠᠨ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠬᠢᠨᠠᠯᠳᠠ ᠳᠠᠯᠪᠢᠵᠤ ᠰᠠᠬᠢᠯᠭ᠎ᠠ ᠪᠠᠳᠤ ᠶᠢ ᠶᠠᠪᠤᠭᠳᠠᠭᠤᠯᠬᠤ ᠳᠤᠬᠠᠶᠢᠯᠠᠭᠰᠠᠨ ᠠᠵᠢᠯ ᠤᠨ ᠮᠡᠳᠡᠯᠭᠡ ᠶᠢᠨ ᠰᠤᠷᠤᠯᠴᠯᠠᠭ᠎ᠠ ᠶᠢᠨ ᠬᠡᠯᠪᠡᠷᠢ ᠶᠢ ᠤᠯᠠᠮ ᠨᠢᠬᠡ ᠠᠯᠬᠤᠮ ᠪᠠᠶᠠᠯᠢᠬᠵᠢᠭᠤᠯᠵᠤ᠂ ︽ᠰᠤᠷᠤᠯᠴᠯᠠᠭ᠎ᠠ ᠪᠠᠨ ᠠᠳᠠᠯᠢᠳᠬᠠᠵᠤ᠂ ᠳᠠᠪᠠᠨ ᠭᠠᠷᠬᠤ︾ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠪᠠ᠃
 
ᠢᠷᠡᠯᠲᠡ᠄ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号