ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠳᠤᠪᠴᠢᠶ᠎ᠠ ︽ᠵᠠᠭᠤᠨ ᠨᠡᠷᠡᠰ ᠬᠤᠭᠤᠷᠴᠢ ᠴᠢᠬᠡᠴᠢ ᠵᠠᠰᠠᠭ ᠢ ᠶᠠᠷᠢᠵᠤ ᠳᠠᠭᠤᠯᠠᠬᠤ︾ ᠠᠵᠢᠯᠯᠠᠭ᠎ᠠ ᠶᠢ ᠦᠷᠨᠢᠬᠦᠯᠪᠡ
ᠨᠡᠶᠢᠲᠡᠯᠡᠭᠰᠡᠨ ᠴᠠᠭ᠄
2017/6/28
   ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠤᠭᠳᠳᠤᠵᠤ᠂ ᠪᠦᠬᠦ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭ᠎ᠠ ᠶᠢ ᠬᠦᠨᠵᠡᠬᠡᠶᠢᠷᠡᠬᠦᠯᠦᠨ ᠠᠬᠢᠭᠤᠯᠬᠤ ᠶᠢᠨ ᠳᠤᠰᠠᠳᠠ᠂ 4 ᠰᠠᠷ᠎ᠠ ᠶᠢᠨ 14 ᠎ ᠤ ᠡᠳᠦᠷ ᠤᠨ ᠦᠳᠡ ᠶᠢᠨ ᠬᠤᠶᠢᠨ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠳᠤᠪᠴᠢᠶ᠎ᠠ ᠶᠢᠨ ᠬᠤᠰᠢᠭᠤᠨ ᠤ ᠤᠳᠬ᠎ᠠ ᠤᠷᠠᠯᠢᠭ ᠤᠨ ᠬᠤᠯᠪᠤᠭ᠎ᠠ ᠶᠢᠨ ᠬᠢᠨ ᠎ ᠲᠠᠢ ᠬᠠᠮᠳᠤᠷᠠᠨ᠂ ᠬᠤᠰᠢᠭᠤᠨ ᠤ ᠴᠢᠭᠡᠴᠢ ᠵᠠᠰᠠᠭ ᠤᠨ ᠰᠤᠶᠤᠯ ᠤᠨ ᠭᠤᠤᠯ ᠰᠡᠳᠦᠪᠲᠦ ᠳᠠᠯᠠᠪᠠᠢ ᠳᠤ ︽ᠵᠠᠭᠤᠨ ᠨᠡᠷᠡᠰ ᠬᠤᠭᠤᠷᠴᠢ ᠴᠢᠬᠡᠴᠢ ᠵᠠᠰᠠᠭ ᠢ ᠶᠠᠷᠢᠵᠤ ᠳᠠᠭᠤᠯᠠᠬᠤ︾ ᠠᠵᠢᠯᠯᠠᠭ᠎ᠠ ᠶᠢ ᠦᠷᠨᠢᠬᠦᠯᠪᠡ᠃ ᠠᠶᠢᠮᠠᠭ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠳᠡᠳ᠋ ᠱᠦᠵᠢ ᠵᠦᠩ ᠿᠦᠢ ᠵᠧᠨ᠂ ᠠᠶᠢᠮᠠᠭ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠤᠬᠠᠭᠤᠯᠬᠤ ᠬᠡᠯᠳᠡᠰ ᠤᠨ ᠳᠠᠷᠤᠭ᠎ᠠ ᠵᠠᠩ ᡁᠢ ᠭᠥᠸᠧ᠂ ᠠᠶᠢᠮᠠᠭ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠤᠨ ᠺᠠᠳ᠋ᠷ ᠤᠨ ᠬᠢᠨᠠᠯᠳᠠ ᠳᠠᠯᠪᠢᠬᠤ ᠳᠠᠰᠤᠭ ᠤᠨ ᠡᠷᠬᠢᠯᠡᠭᠴᠢ ᠯᠢ ᠬᠤᠤ ᠨᠠᠷ ᠤᠷᠢᠭᠳᠠᠵᠤ ᠠᠵᠢᠯᠯᠠᠭ᠎ᠠ ᠳᠤ ᠰᠠᠭᠠᠳᠠᠪᠠ᠃    ︽ᠵᠠᠭᠤᠨ ᠨᠡᠷᠡᠰ ᠬᠤᠭᠤᠷᠴᠢ ᠴᠢᠬᠡᠴᠢ ᠵᠠᠰᠠᠭ ᠢ ᠶᠠᠷᠢᠵᠤ ᠳᠠᠭᠤᠯᠠᠬᠤ︾ ᠠᠵᠢᠯᠯᠠᠭ᠎ᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠳᠤᠪᠴᠢᠶ᠎ᠠ ᠠᠴᠠ ᠪᠦᠬᠦ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭᠠᠨ ᠤ ᠬᠤᠶᠠᠳᠤᠭᠠᠷ ᠱᠠᠳᠤᠨ ᠳᠤ ᠳᠤᠬᠢᠷᠠᠭᠤᠯᠤᠭᠰᠠᠨ ᠨᠢᠬᠡ ᠵᠦᠢᠯ ᠤᠨ ᠴᠢᠬᠡᠴᠢ ᠵᠠᠰᠠᠭ ᠤᠨ ᠰᠤᠶᠤᠯ ᠤᠨ ᠰᠢᠨ᠎ᠡ ᠶᠢ ᠡᠬᠦᠳᠬᠦ ᠰᠢᠷᠢᠰ ᠠᠵᠢᠯᠯᠠᠭ᠎ᠠ ᠶᠢᠨ ᠨᠢᠬᠡ ᠪᠤᠯᠤᠨ᠎ᠠ᠃ ᠳᠤᠰ ᠤᠳᠠᠭᠠᠨ ᠤ ᠠᠵᠢᠯᠯᠠᠭ᠎ᠠ ᠳᠤ᠂ ᠡᠩ ᠳᠡᠷᠢᠬᠦᠨ ᠳᠤ᠂ ᠦᠯᠢᠭᠡᠷ ᠤᠨ ᠤᠷᠠᠯᠢᠭᠴᠢᠨ ᠤ ᠨᠡᠶᠢᠬᠡᠮᠯᠢᠭ ᠤᠨ ᠵᠠᠭᠤᠨ ᠨᠡᠷᠡᠰ ᠬᠤᠭᠤᠷᠴᠢ ᠠᠴᠠ ᠬᠤᠯᠪᠤᠭ᠎ᠠ ︽ᠰᠠᠬᠢᠯᠭ᠎ᠠ ᠪᠠᠳᠤ ᠶᠢᠨ ᠮᠠᠭᠳᠠᠭᠠᠯ︾᠎ ᠢ ᠶᠠᠷᠢᠵᠤ ᠳᠠᠭᠤᠯᠠᠵᠤ᠂ ᠡᠷᠳᠡᠨᠢᠴᠤᠭᠯᠠ ᠪᠤᠯᠤᠨ ᠪᠤᠶᠠᠨᠳᠤ ᠠᠴᠠ ︽ᠰᠠᠬᠢᠯᠭ᠎ᠠ ᠪᠠᠳᠤ ᠪᠠᠶᠢᠴᠠᠭᠠᠬᠤ ᠺᠠᠳ᠋ᠷ ᠴᠦᠨ ᠰᠢᠶᠠᠩ︾ ᠪᠠ ︽ᠠᠶᠢᠯ ᠳᠤᠰᠬᠤᠨ ᠳᠤ ᠰᠠᠭᠤᠭ᠎ᠠ ᠺᠠᠳ᠋ᠷ ᠸᠠᠩ ᠳᠤᠶᠠᠭ᠎ᠠ︾  ᠎ ᠶᠢ ᠭᠠᠭᠴᠠ ᠬᠦᠮᠦᠨ ᠤ ᠦᠯᠢᠬᠡᠷ ᠴᠢᠬᠡᠴᠢ ᠵᠠᠰᠠᠭ ᠤᠨ ᠰᠤᠶᠤᠯ ᠤᠨ ᠠᠭᠤᠯᠭ᠎ᠠ ᠪᠠ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠦᠢᠯᠡᠰ ᠲᠤ ᠠᠮᠢ ᠪᠡᠶ᠎ᠡ ᠪᠠᠨ ᠦᠷᠡᠭᠳᠡᠬᠦᠯᠦᠭᠰᠡᠨ ︽ᠬᠤᠪᠢᠰᠬᠠᠯ ᠤᠨ ᠨᠦᠭᠴᠢᠭᠰᠡᠨ ᠪᠠᠭᠠᠳᠤᠷ︾᠂ ︽ᠰᠢᠯᠢᠳᠡᠭ ᠡᠪ ᠬᠠᠮᠳᠤ ᠨᠠᠮ ᠤᠨ ᠬᠡᠰᠢᠬᠦᠨ︾᠂ ︽ᠰᠢᠯᠢᠳᠡᠭ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ︾ — — ᠴᠦᠨ ᠰᠢᠶᠠᠩ ᠵᠢᠴᠢ ᠠᠶᠢᠯ ᠳᠤᠰᠬᠤᠨ ᠳᠤ ᠰᠠᠭᠤᠭ᠎ᠠ ᠺᠠᠳ᠋ᠷ ᠸᠠᠩ ᠳᠤᠶᠠᠭ᠎ᠠ ᠶᠢᠨ ᠳᠡᠷᠢᠬᠦᠨ ᠤ ᠦᠢᠯᠡ ᠠᠵᠢᠯᠯᠠᠭ᠎ᠠ ᠶᠢ ᠶᠠᠷᠢᠵᠤ ᠳᠠᠭᠤᠯᠠᠨ᠂ ᠤᠯᠠᠨ ᠲᠦᠮᠡᠨ ᠤ ᠬᠠᠮᠤᠭ ᠠᠴᠠ ᠪᠠᠭ᠋ᠠᠷᠬᠠᠬᠤ ᠦᠯᠢᠬᠡᠷ ᠬᠤᠯᠪᠤᠭ᠎ᠠ ᠶᠢᠨ ᠬᠡᠯᠪᠡᠷᠢ ᠪᠠᠷ ᠦᠷᠭᠡᠨ ᠤᠯᠠᠨ ᠲᠦᠮᠡᠨ ᠳᠤ ᠳᠡᠪᠰᠢᠬᠦᠯᠵᠤ᠂ ︽ᠠᠷᠠᠳ ᠲᠦᠮᠡᠨ ᠤ ᠳᠦᠯᠦᠬᠡ ᠪᠤᠳᠠᠳᠠᠢ ᠠᠵᠢᠯᠯᠠᠠ ᠠᠷᠢᠭᠤᠨ ᠴᠢᠭᠡᠴᠢ︾᠎ ᠶᠢᠨ ᠰᠤᠷᠳᠠᠯ ᠢ ᠶᠡᠬᠡᠪᠡᠷ ᠮᠠᠨᠳᠤᠭᠤᠯᠵᠤ᠂ ᠡᠬᠦᠨ ᠎ ᠤ ᠤᠯᠠᠮ ᠢᠶᠠᠷ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠠᠷᠠᠳ ᠲᠦᠮᠡᠨ ᠢ ᠪᠤᠳᠤᠬᠤ ᠰᠡᠳᠬᠢᠯᠭᠡ ᠶᠢ ᠳᠡᠭᠡᠭᠰᠢᠯᠡᠬᠦᠯᠵᠤ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠳᠤᠰᠢᠶᠠᠯ ᠡᠬᠦᠷᠭᠡ ᠪᠠᠨ ᠬᠦᠢᠴᠡᠳᠬᠡᠬᠦ ᠴᠢᠳᠠᠪᠦᠷᠢ ᠶᠢ ᠳᠡᠭᠡᠭᠰᠢᠯᠡᠬᠦᠯᠬᠦ. ᠪᠤᠯᠤᠨ᠎ᠠ᠃    ᠤᠶᠢᠷ᠎ᠠ ᠶᠢᠨ ᠵᠢᠯ ᠠᠴᠠ ᠨᠠᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠳᠤᠪᠴᠢᠶ᠎ᠠ ᠠᠴᠠ ᠪᠤᠳᠠᠳᠠᠢ ᠪᠠᠶᠢᠳᠠᠯ ᠲᠠᠢ ᠪᠠᠨ ᠤᠶᠠᠯᠳᠤᠭᠤᠯᠵᠤ᠂ ᠤᠨᠴᠠᠯᠢᠭ ᠎ ᠢᠶᠠᠨ ᠳᠤᠪᠤᠶᠢᠯᠭᠠᠨ᠂ ᠠᠴᠢᠶᠠᠯᠠᠭᠴᠢ ᠶᠢᠨ ᠰᠢᠨ᠎ᠡ ᠶᠢ ᠡᠬᠦᠳᠴᠦ᠂ ᠴᠢᠬᠡᠴᠢ ᠵᠠᠰᠠᠭ ᠤᠨ ᠰᠤᠶᠤᠯ ᠤᠨ ᠭᠤᠤᠯ ᠰᠡᠳᠦᠪᠲᠦ ᠳᠠᠯᠠᠪᠠᠢ ᠶᠢ ᠪᠠᠶᠢᠭᠤᠯᠤᠨ᠂ ᠴᠢᠭᠡᠴᠢ ᠵᠠᠰᠠᠭ ᠤᠨ ᠰᠤᠶᠤᠯ ᠤᠨ ᠨᠢᠬᠡ ᠵᠤᠷᠪᠤᠰ ᠵᠡᠬᠡᠯᠢ ᠶᠢ ᠪᠦᠲᠦᠭᠡᠨ ᠪᠠᠶᠢᠭᠤᠯᠵᠤ᠂ ︽ᠴᠢᠭᠡᠴᠢ ᠵᠠᠰᠠᠭ ᠤᠨ ᠰᠤᠶᠤᠯ ᠤᠨ ᠤᠷᠠᠨ ᠪᠢᠴᠢᠯᠭᠡ ᠶᠢᠨ ᠦᠵᠡᠬᠦᠯᠦᠯᠭᠡ︾᠎ ᠶᠢ ᠡᠷᠬᠢᠯᠡᠵᠤ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ︽ᠳᠤᠬᠠᠶᠢᠯᠠᠭᠰᠠᠨ ᠠᠵᠢᠯ ᠤᠨ ᠮᠡᠳᠡᠯᠭᠡ ᠶᠢᠨ ᠶᠠᠷᠢᠶᠠᠨ ᠤ ᠳᠠᠪᠴᠠᠩ︾᠎ ᠶᠢ ᠪᠠᠶᠢᠷᠢᠯᠠᠭᠤᠯᠵᠤ᠂ ︽ᠴᠢᠭᠡᠴᠢ ᠵᠠᠰᠠᠭ ᠤᠨ ᠰᠤᠶᠤᠯ ᠤᠨ ᠵᠢᠵᠢᠭ ᠳᠠᠶᠢᠰᠠ︾᠎ ᠶᠢ ᠵᠤᠬᠢᠶᠠᠵᠤ᠂ ᠵᠠᠭᠤᠨ ᠨᠡᠷᠡᠰ ᠬᠤᠭᠤᠷᠴᠢ ᠦᠯᠢᠬᠡᠷ ᠶᠠᠷᠢᠵᠤ ᠳᠠᠭᠤᠯᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠳᠠᠮᠵᠢᠨ᠂ ᠨᠢᠬᠡ ᠰᠢᠷᠢᠰ ᠴᠢᠭᠡᠴᠢ ᠵᠠᠰᠠᠭ ᠤᠨ ᠰᠤᠶᠤᠯ ᠤᠨ ᠰᠢᠨ᠎ᠡ ᠶᠢ ᠡᠬᠦᠳᠬᠦ ᠠᠵᠢᠯᠯᠠᠭ᠎ᠠ ᠶᠢ ᠦᠷᠨᠢᠬᠦᠯᠵᠤ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢ ᠤᠯᠠᠮ ᠨᠢᠬᠡ ᠠᠯᠬᠤᠮ ᠴᠢᠩᠭᠠᠷᠠᠭᠤᠯᠵᠤ᠂ ᠰᠢᠨ᠎ᠡ ᠰᠢᠷᠢᠰ ᠦᠪᠡᠷᠮᠢᠴᠡ ᠤᠨᠴᠠᠯᠢᠭ ᠲᠠᠢ ᠴᠢᠭᠡᠴᠢ ᠵᠠᠰᠠᠭ ᠤᠨ ᠰᠤᠶᠤᠯ ᠤᠨ ᠰᠢᠯᠢᠳᠡᠭ ᠪᠦᠲᠦᠭᠡᠭᠳᠡᠬᠦᠨ ᠢ ᠪᠤᠢ ᠪᠤᠯᠭᠠᠵᠤ᠂ ᠤᠯᠠᠮᠵᠢᠯᠠᠯᠲᠦ ᠵᠠᠭᠤᠴᠢᠯᠠᠭᠤᠷ ᠪᠠ ᠰᠢᠨ᠎ᠡ ᠪᠠᠷ ᠮᠠᠨᠳᠤᠭᠰᠠᠨ ᠵᠠᠭᠤᠴᠢᠯᠥᠠᠭᠤᠷ ᠤᠨ ᠡᠬᠢ ᠪᠠᠶᠠᠯᠢᠭ ᠢ ᠬᠦᠢᠴᠡᠳ ᠠᠰᠢᠭᠯᠠᠨ᠂ ᠤᠬᠠᠭᠤᠯᠭ᠎ᠠ ᠶᠢᠨ ᠠᠷᠭ᠎ᠠ ᠵᠠᠮ ᠢᠶᠠᠨ ᠦᠷᠭᠡᠳᠭᠡᠵᠤ᠂ ᠦᠷᠭᠡᠨ ᠤᠯᠠᠨ ᠺᠠᠳ᠋ᠷ ᠣᠯᠠᠨ ᠳᠤ ᠨᠠᠮ ᠤᠨ ᠰᠤᠷᠳᠠᠯ ᠴᠢᠬᠡᠴᠢ ᠵᠠᠰᠠᠭ ᠤᠨ ᠳᠦᠷᠦᠯ ᠤᠨ ᠬᠦᠮᠦᠵᠢᠯ ᠤᠨ ᠮᠡᠳᠡᠯᠭᠡ ᠶᠢ ᠤᠬᠠᠭᠤᠯᠵᠤ᠂ ᠰᠤᠷᠳᠠᠯ ᠴᠢᠭᠡᠴᠢ ᠤᠪᠤᠷ ᠳᠦᠪ ᠬᠦᠭᠵᠢᠯᠲᠡ ᠶᠢᠨ ᠤᠷᠴᠢᠨ ᠢ ᠴᠢᠷᠮᠠᠶᠢᠨ ᠪᠤᠢ ᠪᠤᠯᠭᠠᠵᠤ ᠪᠠᠶᠢᠨ᠎ᠠ᠃
 
ᠢᠷᠡᠯᠲᠡ᠄ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号