ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠳᠤᠪᠴᠢᠶ᠎ᠠ ᠠᠴᠠ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠢᠶᠠᠨ ᠵᠤᠬᠢᠶᠠᠨ ᠪᠠᠶᠢᠭᠤᠯᠵᠤ ᠪᠠᠶᠠᠨᠨᠠᠭᠤᠷ ᠴᠢᠭᠡᠴᠢ ᠵᠠᠰᠠᠭ ᠤᠨ ᠬᠦᠮᠦᠵᠢᠯ ᠤᠨ ᠦᠵᠡᠬᠦᠯᠦᠯᠭᠡ ᠶᠢᠨ ᠦᠷᠦᠬᠡ ᠶᠢ ᠳᠤᠭᠤᠷᠢᠨ ᠦᠵᠡᠪᠡ
ᠨᠡᠶᠢᠲᠡᠯᠡᠭᠰᠡᠨ ᠴᠠᠭ᠄
2017/6/28
   4 ᠰᠠᠷ᠎ᠠ ᠶᠢᠨ 14᠎ ᠤ ᠡᠳᠦᠷ᠂ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠠᠴᠠ ᠬᠤᠷᠢᠶ᠎ᠠ ᠳᠤᠪᠴᠢᠶ᠎ᠠ ᠶᠢᠨ ᠤᠳᠤᠷᠢᠳᠬᠤ ᠪᠠᠭ ᠤᠨ ᠬᠡᠰᠢᠬᠦᠳ᠂ ᠳᠤᠮᠢᠯᠠᠨ ᠰᠠᠭᠤᠯᠭᠠᠭᠰᠠᠨ ᠰᠠᠬᠢᠯᠭ᠎ᠠ ᠪᠠᠳᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠬᠤᠷᠢᠶ᠎ᠠ ᠳᠤᠪᠴᠢᠶ᠎ᠠ ᠶᠢᠨ ᠰᠠᠯᠠᠭ᠎ᠠ ᠳᠠᠰᠤᠭ ᠤᠨ ᠬᠠᠷᠢᠭᠤᠴᠠᠯᠭᠠᠳᠠᠨ ᠵᠡᠷᠭᠡ 50 ᠭᠠᠷᠤᠢ ᠬᠦᠮᠦᠨ ᠢ ᠵᠤᠬᠢᠶᠠᠨ ᠪᠠᠶᠢᠭᠤᠯᠵᠤ ᠪᠠᠶᠠᠨᠨᠠᠭᠤᠷ ᠰᠤᠮᠤᠨ ᠤ ᠴᠢᠭᠡᠴᠢ ᠵᠠᠰᠠᠭ ᠤᠨ ᠬᠦᠮᠦᠵᠢᠯ ᠤᠨ ᠦᠵᠡᠬᠦᠯᠦᠯᠭᠡ ᠶᠢᠨ ᠳᠠᠰᠤᠭ ᠢ ᠳᠤᠭᠤᠷᠢᠨ ᠦᠵᠡᠪᠡ᠃    ᠪᠠᠶᠠᠨᠨᠠᠭᠤᠷ ᠴᠢᠭᠡᠴᠢ ᠵᠠᠰᠠᠭ ᠤᠨ ᠬᠦᠮᠦᠵᠢᠯ ᠤᠨ ᠦᠵᠡᠬᠦᠯᠦᠯᠬᠡ ᠶᠢᠨ ᠦᠷᠦᠭᠡ ᠶᠢ 2017 ᠤᠨ ᠤ 4 ᠰᠠᠷ᠎ᠠ ᠎ ᠳᠤ ᠪᠠᠶᠢᠭᠤᠯᠵᠤ᠂ ᠦᠵᠡᠬᠦᠯᠦᠯᠭᠡ ᠶᠢᠨ ᠦᠷᠦᠭᠡ ᠶᠢᠨ ᠵᠡᠬᠦᠨ ᠪᠠᠷᠠᠭᠤᠨ ᠬᠤᠶᠠᠷ ᠬᠠᠨ᠎ᠠ ᠶᠢ ᠬᠦᠢᠴᠡᠳ ᠠᠰᠢᠭᠯᠠᠨ᠂ ᠴᠦᠨ ᠰᠢᠶᠠᠩ ᠨᠦᠬᠦᠷ ᠤᠨ ᠬᠤᠯᠪᠤᠭᠳᠠᠯ ᠪᠦᠬᠦᠢ ᠬᠤᠪᠤᠷ ᠨᠠᠨᠳᠢᠨ ᠵᠢᠷᠤᠭ ᠳᠦᠷᠰᠦ᠂ ᠳᠠᠩᠰᠠ ᠡᠪᠬᠡᠮᠡᠯ ᠵᠢᠴᠢ ᠭᠤᠤᠯ ᠦᠢᠯᠡ ᠠᠵᠢᠯᠯᠠᠭ᠎ᠠ ᠶᠢ ᠦᠵᠡᠬᠦᠯᠪᠡ᠃ ᠡᠮᠦᠨ᠎ᠡ ᠬᠠᠨ᠎ᠠ ᠶᠢᠨ ᠳᠤᠮᠳᠠ ᠬᠡᠰᠡᠭ ᠲᠤ ᠨᠢᠬᠡ ᠳᠡᠭᠰᠢ ᠬᠠᠪᠳᠠᠭᠠᠶᠢᠲᠦ ᠲᠧᠯᠸᠢᠰ ᠢ ᠤᠭᠰᠠᠷᠠᠭᠤᠯᠵᠤ᠂ ᠬᠤᠯᠪᠤᠭᠳᠠᠯ ᠪᠦᠬᠦᠢ ᠴᠢᠭᠡᠴᠢ ᠵᠠᠰᠠᠭ ᠤᠨ ᠬᠦᠮᠦᠵᠢᠯ ᠤᠨ ᠮᠡᠳᠡᠯᠭᠡ ᠎ ᠶᠢ ᠳᠠᠮᠵᠢᠭᠤᠯᠬᠤ ᠪᠠ ᠴᠢᠭᠡᠴᠢ ᠵᠠᠰᠠᠭ ᠤᠨ ᠬᠦᠮᠦᠵᠢᠯ ᠢ ᠤᠬᠠᠭᠤᠯᠬᠤ ᠺᠢᠨᠣ᠋ ᠹᠢᠯᠢᠮ ᠵᠡᠷᠭᠡ ᠳᠤ ᠭᠡᠷᠡᠭᠯᠡᠬᠦ ᠪᠤᠯᠤᠨ᠎ᠠ᠃ ᠳᠡᠭᠰᠢ ᠳᠤᠮᠳᠠ ᠨᠢ ᠦᠵᠡᠬᠦᠯᠦᠯᠬᠡ ᠶᠢᠨ ᠬᠤᠷᠭᠤ ᠶᠢ ᠪᠠᠶᠢᠷᠢᠯᠠᠭᠤᠯᠵᠤ᠂ ᠴᠦᠨ ᠰᠢᠶᠠᠩ ᠨᠦᠬᠦᠷ ᠤᠨ ᠠᠮᠢᠲᠦ ᠰᠡᠷᠡᠬᠦᠨ ᠪᠠᠶᠢᠬᠤ ᠳᠤ ᠪᠠᠨ ᠡᠮᠦᠰᠴᠦ ᠪᠠᠶᠢᠭᠰᠠᠨ ᠬᠤᠪᠴᠠᠰᠦ ᠬᠤᠨᠠᠷ ᠪᠠ ᠭᠡᠷᠡᠭᠯᠡᠵᠤ ᠪᠠᠶᠢᠭᠰᠠᠨ ᠠᠮᠢᠳᠤᠷᠠᠯ ᠤᠨ ᠡᠳ᠋ᠯᠡᠯ ᠭᠡᠷᠡᠭᠰᠡᠯ ᠢ ᠳᠠᠯᠪᠢᠪᠠ᠃ ᠦᠵᠡᠬᠦᠯᠦᠯᠭᠡ ᠶᠢᠨ ᠦᠷᠦᠭᠡ ᠳᠤ ᠵᠢᠷᠤᠭ ᠳᠦᠷᠰᠦ᠂ ᠪᠤᠳᠠᠳᠤ ᠵᠦᠢᠯ᠂ ᠪᠢᠴᠢᠯᠭᠡ ᠵᠢᠷᠤᠭ ᠤᠨ ᠪᠦᠲᠦᠭᠡᠯ᠂ ᠳᠦᠷᠢ ᠳᠦᠷᠬᠦ ᠶᠢᠨ ᠮᠠᠲ᠋ᠧᠷᠢᠶᠠᠯ ᠵᠡᠷᠭᠡ ᠦᠵᠡᠬᠦᠯᠦᠯᠬᠡ ᠶᠢᠨ ᠵᠦᠢᠯ ᠢ ᠦᠵᠡᠬᠦᠯᠬᠦ ᠪᠠᠷ ᠳᠠᠮᠵᠢᠨ᠂ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠨᠠᠮ ᠤᠨ ᠬᠡᠰᠢᠬᠦᠨ ᠺᠠᠳ᠋ᠷ ᠲᠤ ᠴᠢᠭᠡᠴᠢ ᠵᠠᠰᠠᠭ ᠎ ᠤᠨ ᠬᠦᠮᠦᠵᠢᠯ ᠤᠨ ᠴᠢᠬᠤᠯᠠ ᠳᠠᠪᠴᠠᠩ ᠢ ᠬᠠᠩᠭᠠᠵᠤ᠂ ᠤᠯᠠᠨ ᠤ ︽ᠬᠤᠪᠢᠰᠬᠠᠯ ᠤᠨ ᠨᠦᠭᠴᠢᠭᠰᠡᠨ ᠪᠠᠭᠠᠳᠤᠷ︾᠂ ︽ᠰᠢᠯᠢᠳᠡᠭ ᠡᠪ ᠬᠠᠮᠳᠤ ᠨᠠᠮ ᠤᠨ ᠭᠡᠰᠢᠬᠦᠨ︾᠂ ︽ᠰᠢᠯᠢᠳᠡᠭ ᠰᠠᠬᠢᠯᠭ᠎ᠠ ᠪᠠᠳᠤ ᠪᠠᠶᠢᠴᠠᠭᠠᠬᠤ ᠺᠠᠳ᠋ᠷ︾᠂ ︽ᠭᠤᠷᠪᠠ ᠰᠠᠷ᠎ᠠ ᠶᠢᠨ ᠨᠠ‍‌ᠵᠮᠠᠠ ᠤ ᠤᠯᠠᠭᠠᠨ ᠳᠤᠭᠴᠢ︾ — — ᠴᠦᠨ ᠰᠢᠶᠠᠩ ᠨᠦᠬᠦᠷ ᠤᠨ ᠭᠤᠤᠯ ᠦᠢᠯᠡ ᠠᠵᠢᠯᠯᠠᠭ᠎ᠠ ᠶᠢ ᠰᠠᠨᠠᠭᠠᠯᠵᠠᠬᠤ ᠪᠠᠷ ᠳᠠᠮᠵᠢᠨ᠂ ᠦᠷᠭᠡᠨ ᠤᠯᠠᠨ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠢ ᠬᠦᠮᠦᠵᠢᠬᠦᠯᠦᠨ ᠵᠢᠯᠤᠭᠤᠳᠴᠦ᠂ ᠠᠷᠢᠭᠤᠨ ᠴᠢᠭᠡᠴᠢ ᠪᠠᠷ ᠦᠩᠭᠡ ᠭᠡᠷᠡᠯ ᠪᠤᠯᠭᠠᠵᠤ᠂ ᠰᠢᠨᠤᠬᠠᠶᠢᠷᠬᠠᠬᠤ ᠪᠠᠷ ᠢᠴᠢᠬᠦᠷᠢ ᠪᠤᠯᠭᠠᠬᠤ ᠦᠵᠡᠯ ᠰᠠᠨᠠᠭ᠎ᠠ ᠶᠢ ᠪᠠᠳᠤᠳᠠᠢ ᠪᠤᠢ ᠪᠤᠯᠭᠠᠵᠤ᠂ ᠢᠯᠵᠠᠷᠠᠯ ᠢ ᠰᠡᠷᠭᠡᠶᠢᠯᠡᠬᠦ ᠴᠢᠳᠠᠪᠦᠷᠢ ᠶᠢ ᠨᠢ ᠳᠡᠭᠡᠭᠰᠢᠯᠡᠬᠦᠯᠬᠦ ᠪᠤᠯᠤᠨ᠎ᠠ᠃    ᠳᠤᠰ ᠦᠵᠡᠬᠦᠯᠦᠯᠭᠡ ᠶᠢᠨ ᠦᠷᠦᠬᠡ ᠶᠢ ᠪᠠᠶᠢᠷᠢᠯᠠᠭᠤᠯᠤᠭᠰᠠᠨ ᠨᠢ ᠴᠦᠨ ᠰᠢᠶᠠᠩ ᠤᠨ ᠦᠢᠯᠡ ᠠᠵᠢᠯᠯᠠᠭ᠎ᠠ ᠶᠢ ᠦᠷᠬᠦᠯᠵᠢᠯᠡᠨ ᠬᠦᠨᠵᠡᠬᠡᠢ ᠤᠬᠠᠭᠤᠯᠵᠤ᠂ ᠦᠷᠭᠡᠨ ᠤᠯᠠᠨ ᠨᠠᠮ ᠤᠨ ᠬᠡᠰᠢᠬᠦᠨ ᠺᠠᠳ᠋ᠷ ᠤᠨ ᠠᠷᠢᠭᠤᠨ ᠴᠢᠭᠡᠴᠢ ᠪᠠᠷ ᠰᠠᠬᠢᠯᠭ᠎ᠠ ᠪᠠᠳᠤ ᠶᠢ ᠰᠠᠬᠢᠬᠤ ᠤᠬᠠᠮᠰᠠᠷ ᠢ ᠴᠢᠩᠭᠠᠷᠠᠭᠤᠯᠵᠤ᠂ ᠰᠤᠮᠤ ᠪᠠᠯᠭᠠᠰᠤᠨ ᠤ ᠴᠢᠭᠡᠴᠢ ᠵᠠᠰᠠᠭ ᠤᠨ ᠬᠦᠮᠦᠵᠢᠯ ᠎ ᠤᠨ ᠠᠵᠢᠯ ᠢ ᠴᠢᠩᠭᠠᠳᠬᠠᠵᠤ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢ ᠪᠠᠳᠤᠳᠠᠢ ᠠᠬᠢᠭᠤᠯᠬᠤ ᠎ ᠳᠤ ᠴᠢᠬᠤᠯᠠ ᠠᠴᠢ ᠬᠤᠯᠪᠤᠭᠳᠠᠯ ᠲᠠᠢ ᠶᠤᠮ᠃    ᠤᠳᠤᠬᠠᠨ ᠳᠤ᠂ ᠬᠤᠰᠢᠭᠤᠨ ᠤ ᠨᠠᠮ ᠤᠨ ᠬᠤᠷᠢᠶ᠎ᠠ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠠᠴᠠ ᠨᠢᠬᠡᠨᠲᠡ ᠪᠦᠬᠦ ᠬᠤᠰᠢᠭᠤᠨ ᠤ ᠨᠠᠮ ᠤᠨ ᠬᠡᠰᠢᠬᠦᠨ ᠺᠠᠳ᠋ᠷ ᠪᠠ ᠰᠠᠬᠢᠯᠭ᠎ᠠ ᠪᠠᠳᠤ ᠬᠢᠨᠠᠨ ᠪᠠᠶᠢᠴᠠᠭᠠᠬᠤ ᠺᠠᠳ᠋ᠷ ᠢ ᠤᠷᠢᠶᠠᠯᠠᠵᠤ᠂ ᠴᠦᠨ ᠰᠢᠶᠠᠩ ᠨᠦᠬᠦᠷ ᠠᠴᠠ ᠰᠤᠷᠤᠯᠴᠠᠬᠤ ᠦᠷᠨᠢᠯᠲᠡ ᠶᠢ ᠳᠠᠬᠢᠨᠳᠠ ᠭᠠᠷᠭᠠᠵᠤ᠂ ᠳᠡᠬᠦᠨ ᠤ ᠵᠤᠷᠢᠭ ᠰᠠᠨᠠᠭ᠎ᠠ ᠪᠠ ᠦᠢᠯᠡ ᠠᠵᠢᠯᠯᠠᠭ᠎ᠠ ᠪᠠᠷ ᠨᠠᠮ ᠤᠨ ᠬᠡᠰᠢᠬᠦᠨ ᠺᠠᠳ᠋ᠷ ᠤᠨ ᠳᠡᠷᠢᠬᠦᠨ ᠤ ᠬᠢ ᠶᠢ ᠰᠤᠷᠤᠯᠴᠠᠬᠤ ᠶᠢ ᠤᠷᠮᠠᠰᠢᠭᠤᠯᠵᠤ᠂ ᠬᠤᠴᠤᠷᠤᠩᠭᠤᠢ ᠶᠢ ᠳᠠᠶᠢᠴᠢᠯᠠᠵᠤ᠂ ᠪᠦᠬᠦ ᠬᠤᠰᠢᠭᠤᠨ ᠤ ᠨᠠᠮ ᠤᠨ ᠬᠡᠰᠢᠬᠦᠨ ᠺᠠᠳ᠋ᠷ ᠪᠠ ᠰᠠᠬᠢᠯᠭ᠎ᠠ ᠪᠠᠳᠤ ᠬᠢᠨᠠᠨ ᠪᠠᠶᠢᠴᠠᠭᠠᠬᠤ ᠺᠠᠳ᠋ᠷ ᠤᠨ ᠳᠤᠬᠠᠶᠢᠯᠠᠭᠰᠠᠨ ᠠᠵᠢᠯ ᠤᠨ ᠮᠡᠳᠡᠯᠭᠡ ᠪᠠ ᠠᠵᠢᠯ ᠤᠨ ᠴᠢᠳᠠᠪᠦᠷᠢ ᠶᠢ ᠪᠦᠬᠦ ᠳᠠᠯ᠎ᠠ ᠪᠠᠷ ᠳᠡᠭᠡᠭᠰᠢᠯᠡᠬᠦᠯᠦᠨ᠎ᠡ᠃
 
ᠢᠷᠡᠯᠲᠡ᠄ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号