ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ | ᠳᠤᠪᠴᠢᠶ᠎ᠠ ᠠᠴᠠ ᠠᠷᠭ᠎ᠠ ᠠᠪᠴᠠᠯ ᠢᠶᠠᠨ ᠴᠢᠩᠭᠠᠷᠠᠭᠤᠯᠤᠨ᠂ ᠠᠴᠢᠶᠠᠯᠠᠭᠴᠢ ᠶᠢᠨ ᠰᠢᠨ᠎ᠡ ᠶᠢ ᠡᠬᠦᠳᠴᠦ᠂ ︽ | ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ︾ ᠤ | ᠠᠵᠢᠯᠯᠠᠭ᠎ᠠ ᠶᠢᠨ ᠡᠯ᠎ᠡ ᠱᠠᠳᠤᠨ ᠤ ᠡᠯ᠎ᠡ ᠭᠤᠭᠴᠤᠭ᠎ᠠ ᠶᠢᠨ ᠠᠵᠢᠯ ᠢ ᠬᠦᠴᠦᠳᠡᠢ ᠠᠬᠢᠭᠤᠯᠵᠤ᠂ ᠰᠠᠬᠢᠯᠭ᠎ᠠ ᠪᠠᠳᠤ | ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠢ ᠦᠨᠡᠨᠴᠢ ᠰᠢᠳᠤᠷᠭᠤ᠂ ᠠᠷᠢᠭᠤᠨ ᠴᠡᠪᠡᠷ᠂ ᠡᠬᠦᠷᠭᠡ ᠡᠬᠦᠷᠭᠡᠯᠡᠬᠦ | ᠳᠠᠭᠤᠷᠢᠶᠠᠯ ᠪᠤᠯᠭᠠᠨ᠂ ᠪᠡᠶ᠎ᠡ ᠶᠢᠨ ᠬᠠᠵᠠᠭᠤ ᠳᠠᠬᠢ ᠨᠡᠶᠢᠳᠡᠯᠢᠭ ᠵᠢᠱᠢᠶ᠎ᠡ ᠶᠢ ᠬᠦᠨᠵᠡᠬᠡᠢ ᠠᠭᠤᠳᠠᠯᠠᠵᠤ᠂ ᠰᠢᠯᠢᠳᠡᠭ | ᠰᠠᠬᠢᠯᠭ᠎ᠠ ᠪᠠᠳᠤ ᠪᠠᠶᠢᠴᠠᠭᠠᠬᠤ ᠺᠠᠳ᠋ᠷ ᠤᠨ ᠵᠢᠱᠢᠶ᠎ᠡ ᠦᠵᠡᠬᠦᠯᠦᠨ ᠬᠦᠳᠦᠯᠦᠨ ᠳᠠᠭᠠᠭᠤᠯᠬᠤ ᠦᠢᠯᠡᠳᠦᠯ ᠢ ᠬᠦᠢᠴᠡᠳ | ᠪᠠᠳᠠᠷᠠᠭᠤᠯᠵᠤ᠂ ᠰᠢᠯᠢᠳᠡᠭ ᠰᠠᠬᠢᠯᠭ᠎ᠠ ᠪᠠᠳᠤ ᠪᠠᠶᠢᠴᠠᠭᠠᠬᠤ ᠺᠠᠳ᠋ᠷ ᠴᠦᠨ ᠰᠢᠶᠠᠩ ᠤᠨ ᠳᠡᠷᠢᠬᠦᠨ ᠤ ᠦᠢᠯᠡ | ᠠᠵᠢᠯᠯᠠᠭ᠎ᠠ ᠶᠢ ᠨᠡᠬᠡᠮᠵᠢᠯᠡᠨ ᠳᠡᠮᠳᠡᠭᠯᠡᠵᠤ ᠤᠬᠠᠭᠤᠯᠤᠨ ᠮᠡᠳᠡᠭᠡᠯᠡᠵᠤ ᠪᠠᠶᠢᠨ᠎ᠠ᠃ | ᠳᠡᠷᠢᠬᠦᠨ ᠤ ᠨᠡᠶᠢᠳᠡᠯᠢᠭ ᠵᠢᠱᠢᠶ᠎ᠡ ᠦᠢᠯᠡ ᠶᠠᠪᠤᠳᠠᠯ ᠢ ᠰᠤᠷᠤᠯᠴᠠᠵᠤ᠂ ᠤᠯᠤᠰ ᠳᠦᠷᠦ ᠶᠢᠨ ᠡᠷᠬᠢᠮ ᠳᠡᠭᠡᠲᠦ | ᠬᠦᠰᠡᠯᠡᠩ ᠤᠨ ᠢᠳᠡᠭᠡᠯ ᠵᠤᠷᠢᠭ ᠢᠶᠠᠨ ᠬᠦᠪᠴᠢᠯᠡᠵᠤ ᠪᠠᠶᠢᠨ᠎ᠠ᠃ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠨᠠᠮ ᠤᠨ ᠬᠤᠷᠢᠶ᠎ᠠ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠠᠴᠠ ᠪᠦᠬᠦ ᠬᠤᠰᠢᠭᠤᠨ ᠤ ᠨᠠᠮ ᠤᠨ | ᠬᠡᠰᠢᠬᠦᠨ ᠺᠠᠳ᠋ᠷ ᠪᠠ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠲᠤ ᠰᠠᠨᠠᠭᠠᠴᠢᠯᠠᠭ᠎ᠠ ᠳᠤᠷᠠᠳᠤᠵᠤ᠂ | ᠨᠠᠮ ᠤᠨ ᠰᠠᠬᠢᠯᠭ᠎ᠠ ᠪᠠᠳᠤ ᠪᠠᠶᠢᠴᠠᠭᠠᠬᠤ ᠨᠠᠮ ᠤᠨ ᠰᠤᠷᠳᠠᠯ ᠢ ᠬᠠᠮᠠᠭᠠᠯᠠᠬᠤ ᠶᠢᠨ ᠳᠦᠯᠦᠬᠡ ᠡᠷᠡᠯᠬᠡᠭ ᠪᠠᠭᠠᠳᠤᠷᠯᠢᠭ | ᠢᠶᠠᠷ ᠪᠡᠶ᠎ᠡ ᠦᠷᠡᠭᠳᠡᠭᠰᠡᠨ ᠰᠢᠯᠢᠳᠡᠭ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠴᠦᠨ ᠰᠢᠶᠠᠩ | ᠨᠦᠬᠦᠷ ᠠᠴᠠ ᠰᠤᠷᠤᠯᠴᠠᠬᠤ ᠦᠷᠨᠢᠯᠲᠡ ᠶᠢ ᠳᠠᠬᠢᠨᠳᠠ ᠭᠠᠷᠭᠠᠵᠤ᠂ ᠦᠷᠭᠡᠨ ᠤᠯᠠᠨ ᠨᠠᠮ ᠤᠨ ᠬᠡᠰᠢᠬᠦᠨ ᠪᠠ | ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠠᠴᠠ ᠴᠦᠨ ᠰᠢᠶᠠᠩ ᠨᠦᠬᠦᠷ ᠤᠨ ᠨᠠᠮ ᠳᠤ ᠦᠨᠡᠨᠴᠢ | ᠰᠢᠳᠤᠷᠭᠤ᠂ ᠠᠷᠠᠳ ᠲᠦᠮᠡᠨ ᠳᠤ ᠦᠨᠡᠨᠴᠢ ᠰᠢᠳᠤᠷᠭᠤ᠂ ᠡᠬᠦᠷᠭᠡ ᠳᠤᠰᠢᠶᠠᠯ ᠢᠶᠠᠨ ᠬᠢᠴᠢᠶᠡᠩᠭᠦᠶᠢᠯᠡᠨ | ᠬᠦᠢᠴᠡᠳᠭᠡᠭᠰᠡᠨ ᠵᠤᠷᠢᠭ ᠰᠠᠨᠠᠭ᠎ᠠ ᠪᠠ ᠵᠠᠷᠴᠢᠮ ᠢ ᠪᠠᠷᠢᠮᠳᠠᠯᠠᠵᠤ᠂ ᠳᠦᠪ ᠭᠤᠤᠯᠴᠢ ᠪᠠᠷ ᠰᠠᠬᠢᠯᠭ᠎ᠠ ᠪᠠᠳᠤ ᠶᠢ | ᠶᠠᠪᠤᠭᠳᠠᠭᠤᠯᠵᠤ᠂ ᠠᠵᠢᠯ ᠤᠨ ᠰᠠᠬᠢᠯᠭ᠎ᠠ ᠪᠠᠳᠤ ᠶᠢ ᠰᠠᠬᠢᠵᠤ᠂ ᠰᠤᠷᠳᠠᠯ ᠳᠦᠪ ᠴᠢᠩᠭ᠎ᠠ᠂ ᠠᠷᠢᠭᠤᠨ ᠴᠢᠭᠡᠴᠢ ᠶᠢ | ᠵᠢᠷᠦᠮᠯᠡᠨ ᠰᠠᠬᠢᠵᠤ᠂ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠵᠤ ᠠᠷᠠᠳ ᠲᠤ ᠦᠢᠯᠡᠴᠢᠯᠡᠬᠦ ᠠᠵᠢᠯ ᠤᠨ ᠰᠤᠷᠳᠠᠯ ᠢ | ᠰᠤᠷᠤᠯᠴᠠᠬᠤ ᠪᠠᠷ ᠤᠷᠢᠶᠠᠯᠠᠵᠤ᠂ ᠨᠠᠮ ᠳᠤ ᠦᠨᠡᠨᠴᠢ ᠰᠢᠳᠤᠷᠭᠤ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ | ᠪᠠᠶᠢᠴᠠᠭᠠᠬᠤ ᠠᠵᠢᠯ ᠦᠢᠯᠡᠰ ᠲᠤ ᠦᠨᠡᠨᠴᠢ ᠰᠢᠳᠤᠷᠭᠤ ᠪᠠᠶᠢᠬᠤ ᠤᠯᠤᠰ ᠳᠦᠷᠦ ᠶᠢᠨ ᠢᠳᠡᠭᠡᠯ ᠵᠤᠷᠢᠭ ᠢ ᠪᠠᠳᠤ | ᠪᠠᠬᠢ ᠪᠤᠢ ᠪᠤᠯᠭᠠᠵᠤ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠷᠬᠢᠮ ᠳᠡᠭᠡᠲᠦ ᠬᠦᠰᠡᠯᠡᠩ | ᠤᠨ ᠢᠳᠡᠭᠡᠯ ᠵᠤᠷᠢᠭ ᠢ ᠴᠢᠩᠳᠠᠯᠠᠨ᠎ᠠ᠃ | ᠴᠢᠭᠡᠴᠢ ᠵᠠᠰᠠᠭ ᠤᠨ ᠬᠦᠮᠦᠵᠢᠯ ᠤᠨ ᠦᠵᠡᠬᠦᠯᠦᠯᠭᠡ ᠶᠢᠨ ᠦᠷᠦᠭᠡ ᠶᠢ ᠪᠠᠶᠢᠭᠤᠯᠵᠤ᠂ ᠵᠢᠱᠢᠶ᠎ᠡ ᠦᠵᠡᠬᠦᠯᠵᠤ | ᠬᠦᠳᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ ᠪᠠᠶᠢᠨ᠎ᠠ᠃ ᠪᠠᠶᠠᠨᠨᠠᠭᠤᠷ ᠰᠤᠮᠤᠨ ᠳᠤ ᠴᠢᠭᠡᠴᠢ ᠵᠠᠰᠠᠭ ᠤᠨ | ᠬᠦᠮᠦᠵᠢᠯ ᠤᠨ ᠦᠵᠡᠬᠦᠯᠦᠯᠭᠡ ᠶᠢᠨ ᠦᠷᠦᠬᠡ ᠶᠢ ᠪᠠᠶᠢᠭᠤᠯᠵᠤ᠂ ᠴᠦᠨ ᠰᠢᠶᠠᠩ ᠨᠦᠬᠦᠷ ᠤᠨ ᠬᠤᠯᠪᠤᠭᠳᠠᠯ ᠪᠦᠬᠦᠢ | ᠳᠠᠩᠰᠠ ᠡᠪᠬᠡᠮᠡᠯ ᠢ ᠦᠵᠡᠬᠦᠯᠵᠤ᠂ ᠴᠦᠨ ᠰᠢᠶᠠᠩ ᠨᠦᠬᠦᠷ ᠤᠨ ᠠᠮᠢᠳᠤ ᠰᠡᠷᠡᠬᠦᠨ ᠪᠠᠶᠢᠬᠤ ᠳᠤ ᠪᠠᠨ ᠡᠮᠦᠰᠴᠦ | ᠪᠠᠶᠢᠭᠰᠠᠨ ᠬᠤᠪᠴᠠᠰᠦ ᠬᠤᠨᠠᠷ ᠪᠠ ᠭᠡᠷᠡᠭᠯᠡᠵᠤ ᠪᠠᠶᠢᠭᠰᠠᠨ ᠠᠮᠢᠳᠤᠷᠠᠯ ᠤᠨ ᠭᠡᠷᠡᠭᠰᠡᠯ᠂ ᠵᠠᠮ ᠬᠠᠷᠢᠯᠴᠠᠭᠠᠨ ᠤ ᠪᠠᠭᠠᠵᠢ | ᠭᠡᠷᠡᠭᠰᠡᠯ ᠢ ᠪᠠᠶᠢᠷᠢᠯᠠᠭᠤᠯᠪᠠ᠃ ᠴᠢᠭᠡᠴᠢ ᠵᠠᠰᠠᠭ ᠤᠨ ᠬᠦᠮᠦᠵᠢᠯ ᠤᠨ ᠦᠵᠡᠬᠦᠯᠦᠯᠬᠡ ᠶᠢᠨ ᠦᠷᠦᠭᠡ ᠶᠢ | ᠪᠠᠶᠢᠭᠤᠯᠤᠭᠰᠠᠨ ᠨᠢ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠨᠠᠮ ᠤᠨ ᠭᠡᠰᠢᠬᠦᠨ ᠺᠠᠳ᠋ᠷ᠂ | ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠲᠤ ᠴᠢᠭᠡᠴᠢ ᠵᠠᠰᠠᠭ ᠤᠨ ᠬᠦᠮᠦᠵᠢᠯ ᠤᠨ ᠴᠢᠬᠤᠯᠠ | ᠳᠠᠪᠴᠠᠩ ᠢ ᠬᠠᠩᠭᠠᠭᠰᠠᠨ ᠢᠶᠠᠷ ᠪᠠᠷᠠᠬᠤ ᠦᠬᠡᠢ ᠴᠦᠨ ᠰᠢᠶᠠᠩ ᠨᠦᠬᠦᠷ ᠤᠨ ᠨᠢᠬᠡ ᠨᠠᠰᠤ ᠶᠢ ᠡᠷᠬᠢᠴᠡᠬᠦᠯᠬᠦ ᠪᠠᠷ | ᠳᠠᠮᠵᠢᠨ᠂ ᠦᠷᠭᠡᠨ ᠤᠯᠠᠨ ᠨᠠᠮ ᠤᠨ ᠬᠡᠰᠢᠬᠦᠨ ᠪᠠ ᠰᠠᠬᠢᠯᠭ᠎ᠠ ᠪᠠᠳᠤ ᠬᠢᠨᠠᠨ ᠪᠠᠶᠢᠴᠠᠭᠠᠬᠤ ᠺᠠᠳ᠋ᠷ ᠤᠨ ᠡᠬᠦᠷᠭᠡ ᠶᠢ | ᠵᠤᠷᠢᠭᠳᠠᠢ ᠪᠠᠷ ᠡᠬᠦᠷᠭᠡᠯᠡᠵᠤ᠂ ᠵᠤᠷᠢᠭᠳᠠᠢ ᠪᠠᠷ ᠬᠢᠨᠠᠯᠳᠠ ᠳᠠᠯᠪᠢᠬᠤ᠂ ᠵᠤᠷᠢᠭᠳᠠᠢ ᠪᠠᠷ ᠬᠠᠷᠢᠭᠤᠴᠯᠠᠭ᠎ᠠ ᠡᠬᠦᠷᠭᠡᠯᠡᠬᠦ | ᠶᠢ ᠬᠦᠳᠦᠯᠦᠨ ᠳᠠᠭᠠᠭᠤᠯᠬᠤ ᠶᠢ ᠬᠦᠮᠦᠵᠢᠬᠦᠯᠵᠤ᠂ ︽ᠤᠯᠤᠰ ᠳᠦᠷᠦ ᠶᠢ ᠡᠷᠬᠢᠮᠯᠡᠬᠦ᠂ ᠰᠠᠬᠢᠯᠭ᠎ᠠ ᠪᠠᠳᠤ ᠶᠢ | ᠵᠢᠷᠤᠮᠯᠡᠬᠤ᠂ ᠳᠤᠬᠠᠶᠢᠯᠠᠭᠰᠠᠨ ᠠᠵᠢᠯ ᠢᠶᠠᠨ ᠤᠶᠢᠯᠠᠭᠠᠬᠤ︾ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ | ᠺᠠᠳ᠋ᠷ ᠤᠨ ᠡᠩᠨᠡᠭᠡ ᠶᠢ ᠪᠠᠶᠢᠭᠤᠯᠵᠤ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠢ ᠦᠨᠡᠨᠴᠢ | ᠰᠢᠳᠤᠷᠭᠤ ᠠᠷᠢᠭᠤᠨ ᠴᠡᠪᠡᠷ ᠡᠬᠦᠷᠭᠡ ᠡᠬᠦᠷᠭᠡᠯᠡᠬᠦ ᠳᠠᠭᠤᠷᠢᠶᠠᠯ ᠪᠤᠯᠭᠠᠨ᠎ᠠ᠃ | ︽ᠴᠦᠨ ᠰᠢᠶᠠᠩ︾ ᠪᠢᠴᠢᠯ ᠺᠢᠨᠣ᠋ ᠶᠢ ᠵᠢᠷᠤᠭ ᠳᠠᠳᠠᠵᠤ᠂ ᠴᠢᠭᠡᠴᠢ ᠵᠠᠰᠠᠭ ᠤᠨ ᠰᠤᠶᠤᠯ ᠤᠨ ᠪᠦᠲᠦᠭᠡᠯ ᠢ | ᠰᠢᠨ᠎ᠡ ᠪᠠᠷ ᠭᠠᠷᠭᠠᠪᠠ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ | ᠬᠢᠨᠠᠨ ᠪᠠᠶᠢᠴᠠᠭᠠᠬᠤ ᠳᠤᠪᠴᠢᠶ᠎ᠠ ᠠᠴᠠ ᠬᠢᠨᠠᠨ ᠬᠢᠯᠬᠡᠵᠤ᠂ ᠦᠪᠦᠷ ᠮᠤᠩᠭᠤᠯ ᠤᠨ ᠠᠨᠢᠰ ᠰᠤᠶᠤᠯ ᠵᠠᠭᠤᠴᠢᠯᠠᠭᠤᠷ ᠤᠨ | ᠬᠢᠵᠠᠭᠠᠷᠲᠦ ᠺᠤᠮᠫᠠᠨᠢ ᠠᠴᠠ ᠳᠠᠭᠠᠭᠠᠴᠢᠯᠠᠨ ᠵᠢᠷᠤᠭ ᠳᠠᠳᠠᠭᠰᠠᠨ ︽ᠴᠦᠨ ᠰᠢᠶᠠᠩ︾ ᠤᠨ ᠨᠡᠷ᠎ᠡ ᠪᠠᠷ ᠨᠡᠷᠡᠶᠢᠳᠦᠭᠰᠡᠨ | ᠪᠢᠴᠢᠯ ᠺᠢᠨᠣ᠋ ᠶᠢ ᠪᠠᠶᠠᠨᠨᠠᠭᠤᠷ ᠰᠤᠮᠤᠨ ᠳᠤ ᠡᠮᠦᠨᠡᠬᠢ ᠬᠤᠭᠤᠴᠠᠭᠠᠨ ᠤ ᠵᠢᠷᠤᠭ ᠳᠠᠳᠠᠬᠤ ᠶᠢ ᠳᠠᠭᠤᠰᠬᠠᠵᠤ᠂ ᠨᠢᠬᠡᠨᠲᠡ | ᠬᠤᠶᠢᠨᠠᠬᠢ ᠬᠤᠭᠤᠴᠠᠭᠠᠨ ᠤ ᠦᠢᠯᠡᠳᠬᠦ ᠱᠠᠳᠤᠨ ᠳᠤ ᠤᠷᠤᠵᠤ᠂ 4 ᠳ᠋ᠤᠭᠡᠷ ᠰᠠᠷ᠎ᠠ ᠶᠢᠨ ᠰᠡᠬᠦᠯᠴᠢ ᠳᠤ ᠦᠷᠭᠡᠨ | ᠤᠯᠠᠨ ᠲᠦᠮᠡᠨ ᠳᠤ ᠦᠵᠡᠬᠦᠯᠬᠦ ᠪᠠᠷ ᠪᠠᠶᠢᠨ᠎ᠠ᠃ ᠳᠤᠰ ᠪᠦᠯᠦᠭ ᠲᠧᠯᠸᠢᠰ ᠵᠦᠴᠦᠭᠡ ᠶᠢ ᠠᠨᠢᠰ ᠠᠴᠠ ᠵᠦᠴᠦᠬᠡ | ᠶᠢᠨ ᠳᠡᠪᠳᠡᠷ ᠢ ᠨᠠᠶᠢᠷᠠᠭᠤᠯᠤᠨ ᠵᠤᠬᠢᠶᠠᠵᠤ ᠨᠠᠶᠢᠷᠠᠭᠤᠯᠤᠨ ᠤᠳᠤᠷᠢᠳᠤᠵᠤ᠂ ᠳᠤᠭᠯᠠᠯᠳᠠ ᠶᠢᠨ ᠭᠡᠷᠡᠭᠰᠡᠯ ᠢ | ᠴᠤᠭᠯᠠᠭᠤᠯᠵᠤ᠂ ᠳᠤᠭᠯᠠᠭᠴᠢ ᠶᠢ ᠰᠤᠩᠭᠤᠨ ᠳᠤᠭᠳᠠᠭᠠᠵᠤ ᠪᠤᠯᠪᠠᠰᠤᠷᠠᠭᠤᠯᠤᠯ ᠬᠢᠵᠤ᠂ ᠦᠵᠡᠮᠵᠢ ᠶᠢ ᠪᠤᠢ ᠪᠤᠯᠭᠠᠨ᠂ | ᠭᠠᠳᠠᠷ ᠦᠵᠡᠮᠵᠢ ᠶᠢ ᠵᠢᠷᠤᠭ ᠳᠠᠳᠠᠬᠤ ᠵᠡᠷᠭᠡ ᠶᠠᠪᠤᠴᠠ ᠪᠠᠷ ᠳᠠᠮᠵᠢᠨ᠂ ᠴᠦᠨ ᠰᠢᠶᠠᠩ ᠨᠦᠬᠦᠷ ᠤᠨ ᠠᠵᠢᠯ | ᠠᠮᠢᠳᠤᠷᠠᠯ ᠳᠤᠮᠳᠠᠬᠢ ᠬᠦᠮᠦᠨ ᠲᠠᠢ ᠡᠶᠡᠯᠰᠡᠭ ᠵᠠᠩ ᠠᠭᠠᠯᠢ ᠪᠠ ᠠᠷᠢᠭᠤᠨ ᠴᠢᠭᠡᠴᠢ ᠪᠠᠷ ᠠᠯᠪᠠᠨ ᠳᠤ ᠦᠢᠯᠡᠴᠢᠯᠡᠬᠦ | ᠳᠦᠷᠢ ᠳᠦᠷᠬᠦ᠂ ᠯᠢᠦ ᠡᠵᠢ ᠶᠢ ᠬᠠᠪᠰᠤᠷᠤᠭᠰᠠᠨ ᠬᠦᠮᠦᠰ ᠤᠨ ᠰᠡᠳᠬᠢᠯ ᠢ ᠤᠶᠠᠷᠠᠭᠤᠯᠤᠭᠰᠠᠨ ᠦᠯᠢᠭᠡᠷ᠂ | ᠢᠯᠵᠠᠮᠠᠷᠠᠯ ᠡᠳᠡᠭᠡᠳ ᠲᠠᠢ ᠡᠷᠡᠰ ᠬᠠᠳᠠᠭᠤ ᠳᠡᠮᠡᠴᠡᠭᠰᠡᠨ᠂ ᠬᠢᠨᠠᠨ ᠪᠠᠶᠢᠴᠠᠭᠠᠭᠳᠠᠭᠰᠠᠨ ᠡᠳᠡᠭᠡᠳ ᠲᠤ ᠬᠤᠤᠷᠠᠯᠠᠨ | ᠠᠯᠠᠭᠳᠠᠭᠰᠠᠨ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢ ᠠᠬᠢᠭᠤᠯᠤᠨ ᠨᠠᠶᠢᠳᠠᠪᠦᠷᠢᠵᠢᠭᠤᠯᠤᠭᠰᠠᠨ | ᠵᠡᠷᠭᠡ 5 ᠬᠡᠰᠡᠭ ᠦᠯᠢᠬᠡᠷ ᠶᠠᠪᠤᠳᠠᠯ ᠢᠶᠠᠷ ᠪᠦᠷᠢᠯᠳᠦᠵᠤ᠂ ᠺᠢᠨᠣ᠋ ᠹᠢᠯᠢᠮ ᠨᠢ ᠴᠦᠨ ᠰᠢᠶᠠᠩ ᠤᠨ ᠨᠢᠭᠡᠨ ᠦᠨᠳᠦᠰᠦᠨ | ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠺᠠᠳ᠋ᠷ ᠪᠤᠯᠤᠭᠰᠠᠨ ᠤ ᠳᠤᠪᠤᠶᠢᠮ᠎ᠠ ᠢᠯᠡᠷᠡᠯ ᠪᠠ ᠰᠠᠬᠢᠯᠭ᠎ᠠ ᠪᠠᠳᠤ | ᠪᠠᠶᠢᠴᠠᠭᠠᠬᠤ ᠬᠢᠨᠠᠨ ᠪᠠᠶᠢᠴᠠᠭᠠᠬᠤ ᠦᠢᠯᠡᠰ ᠲᠤ ᠡᠷᠡᠯᠬᠡᠭᠯᠡᠨ ᠬᠤᠪᠢ ᠨᠡᠮᠡᠷᠢ ᠪᠠᠨ ᠦᠵᠡᠬᠦᠯᠵᠤ᠂ ᠢᠯᠵᠠᠷᠠᠮᠠᠯ | ᠡᠳᠡᠭᠡᠳ ᠲᠠᠢ ᠵᠤᠷᠢᠭᠳᠠᠢ ᠪᠠᠷ ᠳᠡᠮᠡᠴᠡᠯ ᠬᠢᠬᠦ ᠡᠷᠡᠯᠬᠡᠭ ᠪᠠᠭᠠᠳᠤᠷᠯᠢᠭ ᠦᠢᠯᠡ ᠠᠵᠢᠯᠯᠠᠭ᠎ᠠ ᠶᠢ ᠢᠯᠡᠷᠡᠬᠦᠯᠵᠤ᠂ | ᠦᠪᠡᠷᠮᠢᠴᠡ ᠤᠨᠴᠠᠯᠢᠭ ᠲᠠᠢ ᠴᠢᠭᠡᠴᠢ ᠵᠠᠰᠠᠭ ᠤᠨ ᠰᠤᠶᠤᠯ ᠤᠨ ᠪᠦᠲᠦᠭᠡᠯ ᠢ ᠪᠤᠢ ᠪᠤᠯᠭᠠᠪᠠ᠃ | ᠤᠬᠠᠭᠤᠯᠭ᠎ᠠ ᠶᠢᠨ ᠠᠴᠢᠶᠠᠯᠠᠭᠴᠢ ᠶᠢᠨ ᠠᠷᠭ᠎ᠠ ᠵᠠᠮ ᠢ ᠦᠷᠭᠡᠳᠭᠡᠵᠤ᠂ ᠠᠵᠢᠯᠯᠠᠭᠠᠨ ᠤ ᠰᠠᠶᠢᠨ ᠪᠠᠶᠢᠳᠠᠯ ᠢ ᠪᠤᠢ | ᠪᠤᠯᠭᠠᠵᠤ ᠪᠠᠶᠢᠨ᠎ᠠ᠃ ᠪᠦᠬᠦ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ | ᠶᠢᠨ ᠴᠤᠭᠴᠠᠯᠠᠯᠳᠠ ᠶᠢᠨ ᠤᠨ ᠤ ᠠᠵᠢᠯᠯᠠᠭ᠎ᠠ ᠶᠢ ᠦᠷᠨᠢᠬᠦᠯᠦᠭᠰᠡᠨ ᠠᠴᠠ ᠨᠠᠰᠢ᠂ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠳᠤᠪᠴᠢᠶ᠎ᠠ ᠠᠴᠠ ᠠᠵᠢᠯᠳᠠᠨ ᠢᠶᠠᠨ | ᠵᠤᠬᠢᠶᠠᠨ ᠪᠠᠶᠢᠭᠤᠯᠵᠤ᠂ ᠴᠦᠨ ᠰᠢᠶᠠᠩ ᠨᠦᠬᠦᠷ ᠤᠨ ᠬᠤᠯᠪᠤᠭᠳᠠᠯ ᠪᠦᠬᠦᠢ ᠵᠢᠷᠤᠭ ᠳᠦᠷᠰᠦ ᠶᠢᠨ ᠮᠠᠲ᠋ᠧᠷᠢᠶᠠᠯ ᠢ | 64 ᠬᠤᠪᠢ ᠴᠤᠭᠯᠠᠭᠤᠯᠵᠤ᠂ ᠳᠤᠬᠠᠢ ᠶᠢᠨ ᠦᠶ᠎ᠡ ᠳᠤ ︽ᠦᠪᠦᠷ ᠮᠤᠩᠭᠤᠯ ᠤᠨ ᠡᠳᠦᠷ ᠤᠨ ᠰᠤᠨᠢᠨ︾᠂ ︽ | ᠬᠢᠩᠭᠠᠨ ᠤ ᠡᠳᠦᠷ ᠤᠨ ᠰᠤᠨᠢᠨ︾ ᠵᠡᠷᠭᠡ ᠳᠤ ᠨᠡᠶᠢᠳᠡᠯᠡᠭᠳᠡᠭᠰᠡᠨ ᠡᠬᠡ ᠨᠤᠤᠷᠠᠭ ᠢ 5 ᠬᠤᠪᠢ ᠡᠮᠬᠢᠳᠭᠡᠪᠡ᠃ | ᠰᠤᠷᠪᠤᠯᠵᠢᠯᠠᠭ᠎ᠠ ᠬᠢᠵᠤ᠂ ᠨᠡᠬᠡᠮᠵᠢᠯᠡᠨ ᠳᠡᠮᠳᠡᠭᠯᠡᠬᠦ ᠪᠠᠷ ᠳᠠᠮᠵᠢᠨ᠂ 2000 ᠢᠯᠡᠬᠦᠦ ᠦᠰᠦᠭ ᠲᠠᠢ ︽ᠦᠨᠢᠳᠡ | ᠵᠤᠯᠭᠠᠷᠠᠰᠢ ᠦᠬᠡᠢ ᠰᠠᠷᠠᠯᠠᠩ ᠴᠡᠴᠡᠭ︾ ᠰᠤᠨᠢᠨ ᠮᠡᠳᠡᠭᠡᠨ ᠤ ᠤᠬᠠᠭᠤᠯᠭ᠎ᠠ ᠶᠢᠨ ᠡᠬᠡ ᠨᠤᠤᠷᠠᠭ ᠢ ︽ᠦᠪᠦᠷ | ᠮᠤᠩᠭᠤᠯ ᠤᠨ ᠤᠷᠢᠭᠳᠠᠭᠰᠠᠳ ᠤᠨ ᠳᠦᠪ︾᠂ ︽ᠬᠢᠩᠭᠠᠨ ᠤ ᠡᠳᠦᠷ ᠤᠨ ᠰᠤᠨᠢᠨ︾ ︵ᠮᠤᠩᠭᠤᠯ ᠬᠡᠪᠯᠡᠯ︶᠂ ︽ | ᠠᠷᠢᠭᠤᠨ ᠴᠢᠭᠡᠴᠢ ᠰᠤᠷᠳᠠᠯ︾᠂ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠢᠴᠢᠯ ᠮᠡᠳᠡᠭᠡ︾᠂ | ︽ᠴᠢᠭᠡᠴᠢ ᠵᠠᠰᠠᠭ ᠤᠨ ᠳᠠᠭᠤᠨ︾᠂ ︽ᠴᠢᠭᠡᠴᠢ ᠵᠠᠰᠠᠭᠲᠦ ᠳᠤᠮᠳᠠᠳᠤ ᠬᠤᠰᠢᠭᠤ︾᠂ ︽ᠬᠤᠷᠴᠢᠨ ᠪᠠᠷᠠᠭᠤᠨ | ᠭᠠᠷᠤᠨ ᠳᠤᠮᠳᠠᠳᠤ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠰᠦᠯᠵᠢᠶ᠎ᠡ︾ ᠵᠡᠷᠭᠡ ᠡᠯ᠎ᠡ ᠱᠠᠳᠤᠨ | ᠤ ᠡᠯ᠎ᠡ ᠳᠦᠷᠦᠯ ᠤᠨ ᠰᠤᠨᠢᠨ ᠮᠡᠳᠡᠭᠡ ᠵᠠᠭᠤᠴᠢᠯᠠᠭᠤᠷ ᠪᠠ ᠰᠢᠨ᠎ᠡ ᠪᠠᠷ ᠮᠠᠨᠳᠤᠭᠰᠠᠨ ᠵᠠᠭᠤᠴᠢᠯᠠᠭᠤᠷ ᠤᠨ ᠡᠬᠢ | ᠪᠠᠶᠠᠯᠢᠭ ᠢ ᠬᠦᠢᠴᠡᠳ ᠠᠰᠢᠭᠯᠠᠵᠤ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ | ᠴᠤᠭᠴᠠᠯᠠᠯᠳᠠ ᠶᠢᠨ ᠤᠨ ᠤ ᠠᠵᠢᠯᠯᠠᠭ᠎ᠠ ᠶᠢᠨ ︽ᠠᠵᠢᠯ ᠤᠨ ᠳᠤᠪᠴᠢ ᠮᠡᠳᠡᠭᠡ︾ ᠢ ᠨᠠᠶᠢᠷᠠᠭᠤᠯᠤᠨ ᠵᠤᠬᠢᠶᠠᠵᠤ | ᠳᠠᠷᠬᠠᠭᠠᠬᠤ ᠵᠢᠴᠢ ᠮᠠᠨ ᠤ ᠬᠤᠰᠢᠭᠤᠨ ᠤ ᠴᠢᠭᠡᠴᠢ ᠵᠠᠰᠠᠭ ᠤᠨ ᠰᠤᠶᠤᠯ ᠤᠨ ᠭᠤᠤᠯ ᠰᠡᠳᠦᠪᠲᠦ ᠳᠠᠯᠠᠪᠠᠢ ᠳᠤ | ᠴᠦᠨ ᠰᠢᠶᠠᠩ ᠨᠦᠬᠦᠷ ᠤᠨ ᠦᠢᠯᠡ ᠠᠵᠢᠯᠯᠠᠭ᠎ᠠ ᠶᠢᠨ ᠳᠡᠯᠬᠡᠬᠦᠷ ᠴᠤᠩᠬᠤ ᠶᠢ ᠪᠠᠶᠢᠷᠢᠯᠠᠭᠤᠯᠵᠤ᠂ ᠪᠠᠶᠠᠨᠨᠠᠭᠤᠷ | ᠰᠤᠮᠤᠨ ᠳᠤ ᠰᠢᠶᠠᠩ ᠴᠦᠨ ᠨᠦᠬᠦᠷ ᠤᠨ ᠦᠢᠯᠡ ᠠᠵᠢᠯᠯᠠᠭ᠎ᠠ ᠪᠠᠷ ᠭᠤᠤᠯ ᠰᠡᠳᠦᠪ ᠪᠤᠯᠭᠠᠭᠰᠠᠨ ᠴᠢᠭᠡᠴᠢ ᠵᠠᠰᠠᠭ | ᠤᠨ ᠬᠦᠮᠦᠵᠢᠯ ᠤᠨ ᠦᠵᠡᠬᠦᠯᠦᠯᠭᠡ ᠶᠢᠨ ᠦᠷᠦᠭᠡ ᠶᠢ ᠪᠠᠶᠢᠭᠤᠯᠵᠤ᠂ ︽ᠴᠦᠨ ᠰᠢᠶᠠᠩ︾ ᠪᠢᠴᠢᠯ ᠺᠢᠨᠣ᠋ ᠶᠢ ᠵᠢᠷᠤᠭ | ᠳᠠᠳᠠᠬᠤ ᠵᠡᠷᠭᠡ ᠬᠡᠯᠪᠡᠷᠢ ᠪᠠᠷ ᠳᠠᠮᠵᠢᠨ᠂ ᠴᠦᠨ ᠰᠢᠶᠠᠩ ᠨᠦᠬᠦᠷ ᠤᠨ ᠦᠢᠯᠡ ᠠᠵᠢᠯᠯᠠᠭ᠎ᠠ ᠶᠢ ᠪᠦᠬᠦ ᠳᠠᠯ᠎ᠠ ᠪᠠᠷ | ᠤᠯᠠᠨ ᠦᠨᠴᠦᠭ ᠢᠶᠠᠷ ᠬᠦᠨ ᠳᠠᠪᠬᠤᠷᠭ᠎ᠠ ᠪᠠᠷ ᠦᠷᠭᠡᠨ ᠬᠡᠪᠴᠢᠶ᠎ᠡ ᠪᠠᠷ ᠬᠦᠨᠵᠡᠬᠡᠢ ᠨᠠᠷᠢᠯᠢᠭ ᠤᠬᠠᠭᠤᠯᠤᠨ | ᠮᠡᠳᠡᠬᠡᠯᠡᠵᠤ᠂ ᠰᠢᠯᠢᠳᠡᠭ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠳᠡᠷᠢᠬᠦᠨ ᠤ ᠨᠡᠶᠢᠳᠡᠯᠢᠭ | ᠵᠢᠱᠢᠶ᠎ᠡ ᠶᠢ ᠪᠤᠢ ᠪᠤᠯᠭᠠᠨ ᠳᠡᠯᠭᠡᠷᠡᠬᠦᠯᠵᠤ᠂ ᠪᠦᠬᠦ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ | ᠠᠵᠢᠯ ᠦᠢᠯᠡᠰ ᠢ ᠳᠦᠷᠭᠡᠳᠭᠡᠨ ᠠᠬᠢᠭᠤᠯᠬᠤ ᠳᠤ ᠰᠡᠳᠬᠢᠯ ᠢᠶᠠᠨ ᠨᠢᠬᠡᠳᠭᠡᠨ ᠬᠦᠴᠦᠨ ᠢᠶᠠᠨ ᠳᠦᠪᠯᠷᠡᠬᠦᠯᠬᠦ ᠠᠵᠢᠯ | ᠤᠨ ᠤᠷᠴᠢᠨ ᠢ ᠪᠦᠷᠢᠯᠳᠦᠬᠦᠯᠵᠤ ᠪᠠᠶᠢᠨ᠎ᠠ᠃ | |