ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠳᠤᠪᠴᠢᠶ᠎ᠠ ᠠᠴᠠ ︽ᠬᠦᠨᠵᠡᠬᠡᠢ ᠰᠤᠷᠤᠯᠴᠠᠨ ᠨᠠᠷᠢᠯᠢᠭ ᠬᠠᠷᠭᠤᠭᠤᠯᠵᠤ︾ ᠪᠠᠶᠢᠴᠠᠭᠠᠯᠳᠠ ᠪᠠᠷ ᠰᠤᠷᠤᠯᠴᠠᠯᠭ᠎ᠠ ᠶᠢ ᠠᠬᠢᠭᠤᠯᠵᠤ ᠦᠷ᠎ᠡ ᠪᠦᠲᠦᠮᠵᠢ ᠤᠯᠵᠤ ᠪᠠᠶᠢᠨ᠎ᠠ
ᠨᠡᠶᠢᠲᠡᠯᠡᠭᠰᠡᠨ ᠴᠠᠭ᠄
2017/6/28
   ᠪᠦᠬᠦ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭ᠎ᠠ ᠶᠢ ᠪᠦᠲᠦᠮᠵᠢᠲᠡᠢ ᠦᠷᠨᠢᠬᠦᠯᠬᠦ ᠶᠢ ᠬᠦᠨᠵᠡᠬᠡᠢ ᠠᠬᠢᠭᠤᠯᠵᠤ᠂ ︽ᠬᠦᠨᠵᠡᠬᠡᠢ ᠰᠤᠷᠤᠯᠴᠠᠵᠤ ᠨᠠᠷᠢᠯᠢᠭ ᠬᠠᠷᠭᠤᠭᠤᠯᠬᠤ︾᠎ ᠶᠢᠨ ᠪᠤᠳᠠᠳᠠᠢ ᠦᠷ᠎ᠡ ᠪᠦᠲᠦᠮᠵᠢ ᠤᠯᠬᠤ ᠶᠢ ᠪᠠᠳᠤᠯᠠᠬᠤ ᠶᠢᠨ ᠳᠦᠯᠦᠬᠡ᠂ ᠠᠵᠢᠯᠯᠠᠭ᠎ᠠ ᠶᠢ ᠦᠷᠨᠢᠬᠦᠯᠦᠭᠰᠡᠨ ᠠᠴᠠ ᠨᠠᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠳᠤᠪᠴᠢᠶ᠎ᠠ ᠠᠴᠠ ᠪᠡᠶ᠎ᠡ ᠪᠠᠨ ᠳᠠᠭᠠᠭᠠᠵᠤ ᠰᠤᠷᠤᠯᠴᠠᠬᠤ ᠬᠢᠭᠡᠳ ᠰᠢᠮᠳᠠᠭᠤᠯᠤᠨ ᠪᠠᠶᠢᠴᠠᠭᠠᠬᠤ ᠶᠢ ᠤᠶᠠᠯᠳᠤᠭᠤᠯᠬᠤ ᠬᠡᠪ ᠵᠠᠭᠪᠤᠷ ᠢ ᠢᠳᠡᠪᠬᠢᠲᠡᠢ ᠶᠠᠪᠤᠭᠳᠠᠭᠤᠯᠵᠤ᠂ ᠱᠠᠳᠤᠴᠢ ᠬᠡᠯᠪᠡᠷᠢ ᠎ ᠪᠠᠷ ᠠᠵᠢᠯᠯᠠᠭ᠎ᠠ ᠶᠢᠨ ᠰᠤᠷᠤᠯᠴᠠᠯᠭ᠎ᠠ ᠶᠢᠨ ᠳᠡᠮᠳᠡᠭᠯᠡᠯ ᠢ ᠳᠤᠭᠳᠠᠭᠰᠠᠨ ᠬᠤᠭᠤᠴᠠᠭ᠎ᠠ ᠦᠬᠡᠢ ᠪᠠᠷ ᠪᠠᠶᠢᠴᠠᠭᠠᠨ ᠦᠵᠡᠵᠤ᠂ ᠰᠠᠬᠢᠯᠭ᠎ᠠ ᠪᠠᠳᠤ ᠪᠠᠶᠢᠴᠠᠭᠠᠬᠤ ᠺᠠᠳ᠋ᠷ ᠤᠨ ᠰᠢᠮᠳᠠᠨ ᠰᠤᠷᠤᠯᠴᠠᠵᠤ ᠢᠳᠡᠪᠬᠢᠯᠡᠨ ᠰᠡᠳᠬᠢᠬᠦ ᠰᠠᠶᠢᠨ ᠰᠠᠶᠢᠬᠠᠨ ᠵᠠᠩ ᠳᠠᠳᠬᠠᠯ ᠲᠠᠢ ᠪᠤᠯᠬᠤ ᠶᠢ ᠰᠢᠮᠳᠠᠭᠤᠯᠤᠨ ᠬᠦᠮᠦᠵᠢᠬᠦᠯᠵᠤ ᠪᠠᠶᠢᠨ᠎ᠠ᠃    ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ ᠰᠤᠳᠤᠯᠤᠨ ᠳᠤᠭᠳᠠᠭᠠᠭᠰᠠᠨ ᠶᠤᠰᠤᠭᠠᠷ᠂ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ᠂ ᠳᠡᠳ᠋ ᠱᠦᠵᠢ᠂ ᠬᠢᠨᠠᠨ ᠪᠠᠶᠢᠴᠠᠭᠠᠬᠤ ᠳᠤᠪᠴᠢᠶ᠎ᠠ ᠶᠢᠨ ᠳᠠᠷᠤᠭ᠎ᠠ ᠠᠴᠠ ᠡᠯ᠎ᠡ ᠬᠤᠪᠢᠳᠠᠨ ᠬᠠᠮᠢᠶᠠᠷᠬᠤ ᠤᠳᠤᠷᠢᠳᠤᠯᠭ᠎ᠠ ᠳᠤ ᠰᠤᠷᠤᠯᠴᠠᠯᠭ᠎ᠠ ᠶᠢᠨ ᠳᠡᠮᠳᠡᠭᠯᠡᠯ ᠢ ᠳᠤᠭᠳᠠᠭᠰᠠᠨ ᠬᠤᠭᠤᠴᠠᠭ᠎ᠠ ᠦᠬᠡᠢ ᠪᠠᠷ ᠪᠠᠶᠢᠴᠠᠭᠠᠯᠳᠠ ᠬᠢᠬᠦ ᠶᠢ ᠬᠠᠷᠢᠭᠤᠴᠠᠨ᠎ᠠ᠃ ᠡᠯ᠎ᠡ ᠬᠤᠪᠢᠳᠠᠨ ᠬᠠᠮᠢᠶᠠᠷᠬᠤ ᠤᠳᠤᠷᠢᠳᠤᠯᠭ᠎ᠠ ᠠᠴᠠ ᠡᠯ᠎ᠡ ᠬᠤᠪᠢᠳᠠᠨ ᠬᠠᠮᠢᠶᠠᠷᠬᠤ ᠰᠠᠯᠠᠭ᠎ᠠ ᠳᠠᠰᠤᠭ ᠤᠨ ᠡᠷᠬᠢᠯᠡᠭᠴᠢ ᠶᠢᠨ ᠰᠤᠷᠤᠯᠴᠯᠠᠭ᠎ᠠ ᠶᠢᠨ ᠳᠡᠮᠳᠡᠭᠯᠡᠯ ᠢ ᠳᠤᠭᠳᠠᠭᠰᠠᠨ ᠬᠤᠭᠤᠴᠠᠭ᠎ᠠ ᠦᠬᠡᠢ ᠪᠠᠷ ᠪᠠᠶᠢᠴᠠᠭᠠᠵᠤ᠂ ᠡᠯ᠎ᠡ ᠰᠠᠯᠠᠭ᠎ᠠ ᠳᠠᠰᠤᠭ ᠤᠨ ᠡᠷᠬᠢᠯᠡᠭᠴᠢ ᠠᠴᠠ ᠳᠤᠰ ᠰᠠᠯᠠᠭ᠎ᠠ ᠳᠠᠰᠤᠭ ᠤᠨ ᠠᠵᠢᠯᠳᠠᠨ ᠤ ᠰᠤᠷᠤᠯᠴᠯᠠᠭ᠎ᠠ ᠶᠢᠨ ᠳᠡᠮᠳᠡᠭᠯᠡᠯ ᠎ ᠢ ᠳᠤᠭᠳᠠᠭᠰᠠᠨ ᠬᠤᠭᠤᠴᠠᠭ᠎ᠠ ᠦᠬᠡᠢ ᠪᠠᠷ ᠪᠠᠶᠢᠴᠠᠭᠠᠵᠤ᠂ ᠵᠤᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠠᠴᠠ ᠡᠯ᠎ᠡ ᠰᠤᠮᠤ ᠪᠠᠯᠭᠠᠰᠤ ᠶᠢᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ᠂ ᠡᠯ᠎ᠡ ᠳᠤᠮᠢᠯᠠᠨ ᠰᠠᠭᠤᠯᠭᠠᠭᠰᠠᠨ ᠰᠠᠬᠢᠯᠭ᠎ᠠ ᠪᠠᠳᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠰᠤᠷᠤᠯᠴᠯᠠᠭ᠎ᠠ ᠶᠢᠨ ᠳᠡᠮᠳᠡᠭᠯᠡᠯ ᠢ ᠳᠤᠭᠳᠠᠭᠰᠠᠨ ᠬᠤᠭᠤᠴᠠᠭ᠎ᠠ ᠦᠬᠡᠢ ᠪᠠᠷ ᠪᠠᠶᠢᠴᠠᠭᠠᠨ᠎ᠠ᠃    ᠰᠤᠷᠤᠯᠴᠠᠯᠭ᠎ᠠ ᠶᠢᠨ ᠳᠡᠮᠳᠡᠭᠯᠡᠯ ᠢ ᠪᠠᠶᠢᠴᠠᠭᠠᠨ ᠦᠵᠡᠬᠦ ᠳᠤ ᠳᠡᠮᠳᠡᠭᠯᠡᠯ ᠤᠨ ᠳᠡᠪᠳᠡᠷ ᠤᠨ ᠦᠰᠦᠭ ᠤᠨ ᠳᠤᠭ᠎ᠠ ᠂ ᠰᠤᠷᠤᠯᠴᠠᠭᠰᠠᠨ ᠠᠭᠤᠯᠭ᠎ᠠ᠂ ᠪᠢᠴᠢᠯᠭᠡ ᠶᠢᠨ ᠳᠦᠷᠢᠮᠵᠢᠯ ᠵᠡᠷᠭᠡ ᠳᠠᠯ᠎ᠠ ᠪᠠᠷ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠠᠵᠢᠯᠳᠠᠨ ᠤ ᠰᠤᠷᠤᠯᠴᠯᠠᠭ᠎ᠠ ᠶᠢᠨ ᠳᠡᠮᠳᠡᠭᠯᠡᠯ ᠢ ᠨᠠᠷᠢᠨ ᠨᠢᠬᠳᠠ ᠪᠦᠬᠦ ᠳᠠᠯ᠎ᠠ ᠪᠠᠷ ᠪᠠᠶᠢᠴᠠᠭᠠᠨ᠎ᠠ᠃ ᠳᠡᠮᠳᠡᠭᠯᠡᠯ ᠨᠠᠷᠢᠨ ᠬᠢᠨᠠᠮᠠᠭᠠᠢ᠂ ᠦᠰᠦᠭ ᠳᠡᠷᠢ ᠳᠡᠭᠰᠢ᠂ ᠠᠭᠤᠯᠭ᠎ᠠ ᠪᠠᠶᠠᠯᠢᠭ ᠢ ᠰᠠᠶᠢᠰᠢᠶᠠᠵᠤ᠂ ᠬᠠᠰᠢ ᠶᠠᠰᠢ ᠠᠷᠭᠠᠴᠠᠭᠠᠭᠰᠠᠨ᠂ ᠦᠰᠦᠭ ᠤᠨ ᠲᠢᠭ ᠡᠷᠦᠢ ᠬᠤᠷᠤᠢ ᠦᠬᠡᠢ᠂ ᠠᠭᠤᠯᠭ᠎ᠠ ᠨᠢ ᠭᠠᠭᠴᠠ ᠴᠤᠯᠭᠤᠢ ᠪᠠᠶᠢᠪᠠᠯ ᠰᠢᠬᠦᠮᠵᠢᠯᠡᠯ ᠬᠢᠵᠤ᠂ ᠵᠠᠰᠠᠨ ᠰᠠᠶᠢᠵᠢᠷᠠᠭᠤᠯᠬᠤ ᠪᠠᠷ ᠰᠢᠮᠳᠠᠭᠤᠯᠵᠤ᠂ ᠰᠤᠷᠤᠯᠴᠠᠯᠭ᠎ᠠ ᠶᠢ ᠶᠤᠰᠤᠨ ᠳᠡᠳᠦᠢ ᠦᠩᠭᠡᠷᠡᠬᠦᠯᠬᠦ ᠦᠬᠡᠢ᠂ ᠳᠤᠳᠠᠭᠤ ᠳᠤᠷᠭᠠᠨ ᠪᠠᠶᠢᠯᠭᠠᠬᠤ ᠦᠬᠡᠢ ᠪᠠᠶᠢᠬᠤ ᠶᠢ ᠪᠠᠳᠤᠯᠠᠵᠤ᠂ ᠪᠤᠳᠠᠳᠠᠢ ᠰᠤᠷᠤᠯᠴᠠᠨ ᠦᠷ᠎ᠡ ᠪᠦᠲᠦᠮᠵᠢ ᠤᠯᠵᠤ ᠪᠠᠶᠢᠨ᠎ᠠ᠃    ᠰᠤᠷᠤᠯᠴᠯᠠᠭ᠎ᠠ ᠶᠢᠨ ᠳᠡᠪᠳᠡᠷ ᠢ ᠰᠢᠮᠳᠠᠭᠤᠯᠤᠨ ᠪᠠᠶᠢᠴᠠᠭᠠᠬᠤ ᠪᠠᠷ ᠳᠠᠮᠵᠢᠨ᠂ ᠦᠷᠭᠡᠨ ᠤᠯᠠᠨ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠰᠤᠷᠤᠯᠴᠯᠠᠭ᠎ᠠ ᠳᠤ ᠤᠷᠤᠯᠴᠠᠬᠤ ᠢᠳᠡᠪᠬᠢᠵᠢᠯ ᠢ ᠤᠯᠠᠮ ᠨᠢᠬᠡ ᠠᠯᠬᠤᠮ ᠳᠡᠭᠡᠭᠰᠢᠯᠡᠬᠦᠯᠵᠤ᠂ ᠦᠷᠭᠡᠨ ᠤᠯᠠᠨ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠰᠤᠷᠤᠯᠴᠠᠯᠭ᠎ᠠ ᠶᠢᠨ ᠤᠪᠤᠷ ᠢ ᠳᠦᠪᠯᠡᠬᠦᠨ ᠪᠤᠯᠭᠠᠵᠤ᠂ ᠰᠤᠷᠤᠯᠴᠯᠠᠭ᠎ᠠ ᠶᠢᠨ ᠤᠬᠠᠮᠰᠠᠷ ᠢ ᠴᠢᠩᠭᠠᠷᠠᠭᠤᠯᠤᠨ᠂ ᠰᠤᠷᠤᠯᠴᠯᠠᠭ᠎ᠠ ᠶᠢᠨ ᠴᠢᠳᠠᠪᠦᠷᠢ ᠶᠢ ᠳᠡᠭᠭᠡᠰᠢᠯᠡᠬᠦᠯᠵᠤ᠂ ᠪᠠᠶᠢᠴᠠᠭᠠᠯᠳᠠ ᠪᠠᠷ ᠰᠤᠷᠤᠯᠴᠠᠯᠭ᠎ᠠ ᠶᠢ ᠠᠬᠢᠭᠤᠯᠬᠤ ᠬᠠᠷᠠᠯᠳᠠ ᠳᠤ ᠦᠨᠡᠨᠬᠦ ᠬᠦᠷᠴᠦ ᠪᠠᠶᠢᠨ᠎ᠠ᠃
 
ᠢᠷᠡᠯᠲᠡ᠄ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号