ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠰᠤᠮᠤ ᠪᠠᠯᠭᠠᠰᠤᠨ ᠳᠤ ᠬᠦᠨᠵᠡᠬᠡᠶᠢᠷᠡᠵᠤ ᠤᠳᠤᠬᠠᠨ ᠤ ᠠᠵᠢᠯ ᠳᠤ ᠰᠢᠮᠳᠠᠭᠤᠯᠤᠨ ᠪᠠᠶᠢᠴᠠᠭᠠᠯᠳᠠ ᠬᠢᠪᠡ
ᠨᠡᠶᠢᠲᠡᠯᠡᠭᠰᠡᠨ ᠴᠠᠭ᠄
2017/6/28
   5 ᠰᠠᠷ᠎ᠠ ᠶᠢᠨ 2᠎ ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠬᠢᠯᠭ᠎ᠠ ᠪᠠᠶᠢᠴᠠᠭᠠᠬᠤ ᠬᠢᠨᠠᠨ ᠪᠠᠶᠢᠴᠠᠭᠠᠬᠤ ᠳᠤᠪᠴᠢᠶ᠎ᠠ ᠶᠢᠨ ᠤᠳᠤᠷᠢᠳᠬᠤ ᠪᠠᠭ ᠤᠨ ᠬᠡᠰᠢᠬᠦᠳ ᠬᠢᠭᠡᠳ ᠬᠤᠷᠢᠶ᠎ᠠ ᠳᠤᠪᠴᠢᠶ᠎ᠠ ᠶᠢᠨ 12 ᠰᠠᠯᠠᠭ᠎ᠠ ᠳᠠᠰᠤᠭ ᠤᠨ ᠬᠠᠷᠢᠭᠤᠴᠠᠯᠭᠠᠳᠠᠨ ᠢᠶᠠᠷ ᠪᠦᠷᠢᠯᠳᠦᠭᠰᠡᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠡᠯ᠎ᠡ ᠰᠤᠮᠤ ᠪᠠᠯᠭᠠᠰᠤᠨ ᠳᠤ ᠬᠦᠨᠵᠡᠬᠡᠶᠢᠷᠡᠵᠤ ᠤᠳᠤᠬᠠᠨ ᠤ ᠠᠵᠢᠯ ᠳᠤ ᠰᠢᠮᠳᠠᠭᠤᠯᠤᠨ ᠪᠠᠶᠢᠴᠠᠭᠠᠯᠳᠠ  ᠬᠢᠪᠡ᠃    ᠡᠩ ᠳᠡᠷᠢᠬᠦᠨ ᠳᠤ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠰᠤᠮᠤ ᠪᠠᠯᠭᠠᠰᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ᠂ ᠳᠡᠳ᠋ ᠱᠦᠵᠢ᠂ ᠰᠠᠬᠢᠯᠭ᠎ᠠ ᠪᠠᠳᠤ ᠪᠠᠶᠢᠴᠠᠭᠠᠬᠤ ᠠᠵᠢᠯᠯᠠᠭᠴᠢ ᠤᠷᠤᠯᠴᠠᠭᠰᠠᠨ ᠰᠠᠭᠤᠳᠠᠯ ᠤᠨ ᠬᠤᠷᠠᠯ ᠢ ᠬᠤᠷᠠᠯᠳᠤᠭᠤᠯᠵᠤ᠂ ᠰᠤᠮᠤ ᠪᠠᠯᠭᠠᠰᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭ᠎ᠠ ᠶᠢᠨ ᠨᠢᠬᠡ᠂ ᠬᠤᠶᠠᠳᠤᠭᠠᠷ ᠱᠠᠳᠤᠨ ᠤ ᠠᠵᠢᠯ᠂ ᠰᠠᠬᠢᠯᠭ᠎ᠠ ᠪᠠᠳᠤ ᠶᠢ ᠶᠠᠪᠤᠭᠳᠠᠭᠤᠯᠬᠤ ᠬᠢᠨᠠᠨ ᠪᠠᠶᠢᠴᠠᠭᠠᠬᠤ ᠠᠵᠢᠯ᠂ ᠰᠠᠬᠢᠯᠭ᠎ᠠ ᠪᠠᠳᠤ ᠬᠠᠤᠯᠢ ᠴᠠᠭᠠᠵᠠ ᠶᠤᠰᠤᠭᠠᠷ ᠠᠮᠤᠷ ᠲᠦᠪᠰᠢᠨ ᠪᠤᠯᠪᠠᠰᠤᠨ ᠭᠡᠷᠡᠭ ᠶᠠᠪᠤᠳᠠᠯ ᠡᠷᠬᠢᠯᠡᠬᠦ ᠠᠵᠢᠯ᠂ ︽ᠵᠠᠪᠰᠢᠶᠠᠨ ᠪᠤᠯᠭᠠᠨ ᠢ ᠠᠯᠳᠠᠬᠤ ᠦᠬᠡᠢ︾ ᠬᠡᠯᠪᠡᠷᠢ ᠶᠢᠨ ᠢᠯᠵᠠᠷᠠᠯ ᠤᠨ ᠠᠰᠠᠭᠤᠳᠠᠯ ᠢ ᠳᠦᠪᠯᠡᠷᠡᠬᠦᠯᠦᠨ ᠵᠠᠰᠠᠨ ᠴᠡᠭᠴᠡᠯᠡᠬᠦ ᠵᠡᠷᠭᠡ ᠳᠦᠷᠪᠡᠨ ᠳᠠᠯ᠎ᠠ ᠶᠢᠨ ᠠᠵᠢᠯ ᠢ ᠦᠷᠨᠢᠬᠦᠯᠵᠤ ᠪᠠᠶᠢᠭ᠎ᠠ ᠪᠠᠶᠢᠳᠠᠯ ᠤᠨ ᠳᠤᠬᠠᠢ ᠬᠠᠷᠢᠭᠤ ᠮᠡᠳᠡᠬᠦᠯᠦᠯᠲᠡ ᠶᠢ ᠨᠠᠷᠢᠨ ᠬᠢᠨᠠᠮᠠᠭᠠᠢ ᠰᠤᠨᠤᠰᠴᠦ᠂ ᠠᠵᠢᠯ ᠤᠨ ᠬᠦᠳᠡᠯᠦᠯ᠂ ᠠᠵᠢᠯ ᠤᠨ ᠠᠷᠭ᠎ᠠ ᠠᠪᠴᠠᠯ᠂ ᠠᠬᠢᠴᠠ᠂ ᠭᠤᠤᠯ ᠦᠷ᠎ᠡ ᠪᠦᠲᠦᠮᠵᠢ ᠶᠢ ᠪᠦᠬᠦ ᠳᠠᠯ᠎ᠠ ᠪᠠᠷ ᠤᠶᠢᠯᠠᠭᠠᠨ ᠡᠵᠡᠮᠰᠢᠵᠤ᠂ ᠰᠢᠨ᠎ᠡ ᠶᠢ ᠡᠬᠦᠳᠦᠭᠰᠡᠨ ᠠᠷᠭ᠎ᠠ ᠠᠪᠴᠠᠯ᠂ ᠠᠮᠵᠢᠯᠳᠠ ᠤᠯᠤᠭᠰᠠᠨ ᠳᠤᠷᠰᠢᠯᠭ᠎ᠠ᠂ ᠬᠢᠯᠠᠰ ᠴᠡᠭ ᠨᠡᠶᠢᠳᠡᠯᠢᠭ ᠵᠢᠱᠢᠶ᠎ᠡ ᠶᠢ ᠠᠭᠤᠳᠠᠯᠠᠵᠤ᠂ ᠠᠵᠢᠯ ᠤᠨ ᠳᠤᠮᠳᠠᠬᠢ ᠤᠷᠤᠰᠢᠵᠤ ᠪᠠᠶᠢᠭ᠎ᠠ ᠠᠰᠠᠭᠤᠳᠠᠯ ᠪᠠ ᠳᠤᠳᠠᠭᠳᠠᠯ ᠢ ᠢᠯᠡᠷᠡᠬᠦᠯᠵᠤ᠂ ᠳᠠᠷᠠᠭ᠎ᠠ ᠠᠯᠬᠤᠮ ᠤᠨ ᠠᠵᠢᠯ ᠢ ᠤᠶᠢᠯᠠᠭᠠᠵᠠᠢ᠃    ᠳᠠᠷᠠᠭ᠎ᠠ ᠳᠤ ᠨᠢ᠂ ︽ᠨᠢᠬᠡ ᠨᠢᠬᠡ ᠶᠢᠨ ᠬᠠᠷᠢᠴᠠᠭ᠎ᠠ︾᠎ ᠶᠢᠨ ᠰᠢᠰᠲ᠋ᠧᠮ ᠢᠶᠠᠷ ᠰᠢᠮᠳᠠᠭᠤᠯᠤᠨ ᠵᠢᠯᠤᠭᠤᠳᠬᠤ ᠰᠠᠯᠠᠭ᠎ᠠ ᠳᠠᠰᠤᠭ ᠤᠨ ᠬᠠᠷᠢᠭᠤᠴᠠᠯᠭᠠᠳᠠᠨ ᠠᠴᠠ ᠰᠢᠰᠲ᠋ᠧᠮ ᠢᠶᠠᠷ ᠬᠠᠷᠢᠯᠴᠠᠬᠤ ᠰᠤᠮᠤ ᠪᠠᠯᠭᠠᠰᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭ᠎ᠠ ᠶᠢ ᠦᠷᠨᠢᠬᠦᠯᠵᠤ ᠪᠠᠶᠢᠭ᠎ᠠ ᠪᠠᠶᠢᠳᠠᠯ ᠳᠤ ᠦᠨᠡᠯᠡᠯᠲᠡ ᠬᠢᠵᠤ᠂ ᠤᠨᠴᠠᠭᠠᠶᠢᠯᠠᠨ ᠤᠷᠤᠰᠢᠵᠤ ᠪᠠᠶᠢᠭ᠎ᠠ ᠪᠠᠶᠢᠳᠠᠯ ᠳᠤ ᠬᠠᠨᠳᠤᠭᠤᠯᠵᠤ ᠵᠠᠰᠠᠨ ᠰᠠᠶᠢᠵᠢᠷᠠᠭᠤᠯᠬᠤ ᠠᠷᠭ᠎ᠠ ᠠᠪᠴᠠᠯ ᠢ ᠳᠤᠷᠠᠳᠤᠵᠤ᠂ ᠳᠤᠭᠳᠠᠭᠰᠠᠨ ᠬᠤᠭᠤᠴᠠᠭ᠎ᠠ ᠲᠠᠢ ᠪᠠᠷ ᠵᠠᠰᠠᠨ ᠰᠠᠶᠢᠵᠢᠷᠠᠭᠤᠯᠬᠤ ᠭᠡᠷᠡᠭᠲᠡᠢ ᠬᠡᠵᠡᠢ᠃ ᠳᠠᠷᠠᠭ᠎ᠠ ᠳᠤ ᠨᠢ ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠠᠴᠠ ᠠᠵᠢᠯᠯᠠᠭ᠎ᠠ ᠶᠢᠨ ᠳᠤᠮᠳᠠᠬᠢ ᠤᠷᠤᠰᠢᠵᠤ ᠪᠠᠶᠢᠭ᠎ᠠ ᠨᠡᠶᠢᠳᠡᠯᠢᠭ ᠴᠢᠨᠠᠷ ᠪᠠ ᠦᠪᠡᠷᠮᠢᠴᠡ ᠴᠢᠨᠠᠷ ᠲᠠᠢ ᠠᠰᠠᠭᠤᠳᠠᠯ ᠳᠤ ᠳᠦᠷᠦᠯ ᠬᠤᠪᠢᠶᠠᠨ ᠦᠨᠡᠯᠡᠯᠲᠡ ᠬᠢᠵᠡᠢ᠃ ᠭᠤᠤᠯᠳᠠᠭᠤ᠄ ᠨᠢᠬᠡ ᠳᠤ᠂ ᠠᠵᠢᠯᠯᠠᠭᠠᠨ ᠤ ᠳᠦᠰᠦᠯ᠂ ᠳ᠋ᠦᠩᠨᠡᠯᠲᠡ ᠶᠢᠨ ᠠᠯᠪᠠᠨ ᠪᠢᠴᠢᠭ ᠤᠨ ᠬᠡᠯᠪᠡᠷᠢ ᠶᠠᠩᠵᠤ ᠳᠦᠷᠢᠮᠵᠢᠯ ᠦᠬᠡᠢ᠃ ᠬᠤᠶᠠᠷ ᠲᠤ᠂ ᠵᠠᠷᠢᠮ ᠨᠢᠬᠡ ᠰᠠᠬᠢᠯᠭ᠎ᠠ ᠪᠠᠳᠤ ᠪᠠᠶᠢᠴᠠᠭᠠᠬᠤ ᠺᠠᠳ᠋ᠷ ᠠᠴᠠ ᠳᠦᠯᠦᠪᠯᠡᠭᠡ ᠶᠤᠰᠤᠭᠠᠷ ᠰᠤᠷᠤᠯᠴᠠᠯᠭ᠎ᠠ ᠶᠢᠨ ᠡᠬᠦᠷᠭᠡ ᠪᠠᠨ ᠪᠡᠶᠡᠯᠡᠬᠦᠯᠦᠭᠰᠡᠨ ᠦᠬᠡᠢ᠂ ᠰᠤᠷᠤᠯᠴᠠᠯᠭ᠎ᠠ ᠶᠢᠨ ᠳᠡᠮᠳᠡᠭᠯᠡᠯ ᠤᠨ ᠶᠠᠰᠤ ᠴᠢᠨᠠᠷ ᠦᠨᠳᠦᠷ ᠪᠢᠰᠢ᠃ ᠭᠤᠷᠪᠠ ᠳᠤ᠂ ᠤᠶᠢᠯᠠᠭᠠᠯᠳᠠ ᠵᠢᠴᠢ ᠰᠤᠯᠢᠯᠴᠠᠭᠠᠨ ᠤ ᠰᠤᠳᠤᠯᠤᠨ ᠶᠠᠷᠢᠯᠴᠠᠬᠤ ᠮᠠᠲ᠋ᠧᠷᠢᠶᠠᠯ ᠤᠨ ᠦᠰᠦᠭ ᠤᠨ ᠳᠤᠭ᠎ᠠ ᠤᠯᠠᠨ ᠪᠢᠰᠢ᠂ ᠠᠭᠤᠯᠭ᠎ᠠ ᠨᠢ ᠳᠡᠬᠦᠯᠳᠡᠷᠵᠢᠬᠡ ᠦᠬᠡᠢ᠃ ᠳᠦᠷᠪᠡ ᠳᠤ᠂ ᠬᠤᠷᠠᠯ ᠤᠨ ᠳᠡᠮᠳᠡᠭᠯᠡᠯ ᠤᠨ ᠭᠠᠵᠠᠷ᠂ ᠴᠠᠭ ᠬᠤᠭᠤᠴᠠᠭ᠎ᠠ᠂ ᠳᠡᠮᠳᠡᠭᠯᠡᠭᠰᠡᠨ ᠬᠦᠮᠦᠨ ᠵᠡᠷᠭᠡ ᠡᠯᠧᠮᠧᠨ᠋ᠲ ᠪᠦᠷᠢᠨ ᠦᠬᠡᠢ᠃ ᠳᠠᠪᠤ ᠳᠤ᠂ ᠠᠶᠢᠯᠴᠢᠯᠠᠨ ᠰᠤᠷᠪᠤᠯᠵᠢᠯᠠᠭ᠎ᠠ ᠬᠢᠬᠦ᠂ ᠤᠯᠠᠨ ᠤ ᠶᠠᠷᠢᠶ᠎ᠠ ᠬᠡᠯᠡᠯᠴᠡᠭᠡ᠂ ᠰᠠᠭᠤᠳᠠᠯ ᠤᠨ ᠬᠤᠷᠠᠯ ᠎ ᠢ ᠬᠤᠷᠠᠯᠳᠤᠭᠰᠠᠨ ᠰᠤᠷᠠᠭ ᠵᠠᠩᠬᠢ ᠶᠢᠨ ᠳᠤᠪᠴᠢ ᠮᠡᠳᠡᠭᠡ ᠵᠢᠷᠤᠭ ᠳᠦᠷᠰᠦ ᠶᠢᠨ ᠮᠠᠲ᠋ᠧᠷᠢᠶᠠᠯ ᠦᠬᠡᠢ᠃ ᠵᠢᠷᠭᠤᠭ᠎ᠠ ᠎ ᠳᠤ᠂ ᠳᠠᠩᠰᠠ ᠡᠪᠬᠡᠮᠡᠯ ᠤᠨ ᠭᠠᠳᠠᠷ ᠨᠢᠭᠤᠷ ᠳᠦᠷᠢᠮᠵᠢᠯ ᠦᠬᠡᠢ᠃ ᠳᠤᠯᠤᠭ᠎ᠠ ᠳᠤ᠂ ᠬᠤᠷᠢᠶᠠᠨ ᠤᠯᠤᠭᠰᠠᠨ ᠰᠠᠨᠠᠯ ᠎ ᠳᠤ ᠬᠠᠨᠳᠤᠭᠤᠯᠵᠤ᠂ ᠬᠠᠷᠢᠭᠤ ᠳᠤᠰᠬᠠᠯ ᠦᠭᠬᠦ ᠮᠠᠲ᠋ᠧᠷᠢᠶᠠᠯ ᠢ ᠴᠠᠭ ᠳᠤᠬᠠᠢ ᠳᠤ ᠨᠢ ᠦᠭᠬᠦ ᠦᠬᠡᠢ᠂ ᠪᠦᠷᠢᠨ ᠪᠢᠰᠢ᠃ ᠨᠠᠶᠮᠠ ᠳᠤ᠂ ᠵᠦᠭᠡᠯᠡᠨ ᠳᠤᠨᠤᠭ ᠤᠨ ᠮᠠᠲ᠋ᠧᠷᠢᠶᠠᠯ ᠢ ᠱᠠᠳᠤᠴᠢ ᠴᠢᠨᠠᠷ ᠶᠤᠰᠤᠭᠠᠷ ᠳᠦᠷᠦᠯ ᠬᠤᠪᠢᠶᠠᠨ ᠳᠠᠩᠰᠠᠯᠠᠭᠰᠠᠨ ᠦᠬᠡᠢ ᠵᠡᠷᠭᠡ ᠶᠢ ᠢᠯᠡᠷᠡᠬᠦᠯᠪᠡ᠃    ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠨᠢᠬᠡ ᠳᠤ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭᠠᠨ ᠤ ︽ᠳᠦᠰᠦᠯ︾᠎ ᠤᠨ ᠴᠠᠭ ᠬᠤᠭᠤᠴᠠᠭ᠎ᠠ ᠶᠢᠨ ᠤᠭᠳᠤᠯᠴᠠᠪᠦᠷᠢ ᠪᠠ ᠠᠵᠢᠯᠯᠠᠬᠤ ᠵᠢᠷᠤᠭ ᠳᠦᠷᠰᠦ ᠶᠤᠰᠤᠭᠠᠷ᠂ ︽ᠳᠤᠭᠳᠠᠭᠰᠠᠨ ᠠᠵᠢᠯᠯᠠᠭᠠᠨ︾᠎ ᠢ ᠰᠠᠶᠢᠳᠦᠷ ᠬᠢᠬᠦ ᠶᠢᠨ ᠳᠠᠭᠠᠤ᠂ ᠪᠤᠳᠠᠳᠠᠢ ᠲᠠᠢ ᠤᠶᠠᠯᠳᠤᠭᠤᠯᠤᠨ ︽ᠦᠪᠡᠰᠦᠪᠡᠨ ᠰᠤᠩᠭᠤᠬᠤ ᠠᠵᠢᠯᠯᠠᠭ᠎ᠠ︾᠎ ᠶᠢ ᠭᠠᠷᠭᠠᠵᠤ᠂ ᠬᠤᠭᠤᠷᠤᠨᠳᠤᠬᠢ ᠤᠶᠢᠯᠠᠭᠠᠯᠴᠠᠭ᠎ᠠ ᠬᠠᠷᠢᠯᠴᠠᠭ᠎ᠠ ᠪᠠᠨ ᠰᠠᠶᠢᠳᠦᠷ ᠪᠠᠳᠤᠯᠠᠵᠤ᠂ ᠠᠵᠢᠯᠯᠠᠭᠠᠨ ᠤ ᠠᠬᠢᠴᠠ ᠬᠢᠭᠡᠳ ᠬᠤᠷᠢᠶ᠎ᠠ ᠳᠤᠪᠴᠢᠶ᠎ᠠ ᠶᠢᠨ ᠠᠯᠬᠤᠴᠠ ᠠᠳᠠᠯᠢ ᠪᠠᠶᠢᠬᠤ ᠶᠢ ᠪᠠᠳᠤᠯᠠᠬᠤ ᠭᠡᠷᠡᠭᠲᠡᠢ᠃ ᠬᠤᠶᠠᠷ ᠲᠤ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭᠠᠨ ᠤ ︽ᠳᠦᠰᠦᠯ︾ ᠪᠠ ︽ᠳᠦᠷᠦᠯ ᠵᠦᠢᠯ ᠤᠨ ᠬᠠᠭᠤᠳᠠᠰᠤ︾ ᠶᠤᠰᠤᠭᠠᠷ ᠂ ᠡᠮᠦᠨᠡᠬᠢ ᠬᠤᠶᠠᠷ ᠱᠠᠳᠤᠨ ᠤ ᠡᠯ᠎ᠡ ᠭᠤᠭᠴᠤᠭ᠎ᠠ ᠶᠢᠨ ᠠᠵᠢᠯ ᠢ ᠳᠠᠬᠢᠨ ᠨᠦᠬᠦᠪᠦᠷᠢᠯᠡᠨ ᠳᠡᠬᠦᠯᠳᠡᠷᠵᠢᠬᠦᠯᠵᠤ ᠳᠦᠷᠢᠮᠵᠢᠬᠦᠯᠦᠨ᠂ ᠤᠨᠴᠠᠭᠠᠶᠢᠯᠠᠨ ᠱᠠᠳᠤᠴᠢ ᠴᠢᠨᠠᠷ ᠲᠠᠢ ᠠᠵᠢᠯ ᠤᠨ ᠳ᠋ᠦᠩᠨᠡᠯᠲᠡ ᠶᠢ ᠰᠠᠶᠢᠳᠦᠷ ᠬᠢᠵᠤ᠂ ᠱᠠᠳᠤ ᠳᠠᠮᠵᠢᠬᠤ ᠵᠤᠯᠭᠠᠯᠳᠠ ᠶᠢᠨ ᠠᠵᠢᠯ ᠢ ᠨᠠᠷᠢᠨ ᠬᠢᠨᠠᠮᠠᠭᠠᠢ ᠰᠠᠶᠢᠳᠦᠷ ᠬᠢᠬᠦ ᠭᠡᠷᠡᠭᠲᠡᠢ᠃ ᠭᠤᠷᠪᠠ ᠳᠤ᠂ ᠶᠠᠷᠢᠯᠴᠠᠬᠤ ᠦᠷᠦᠭᠡ ᠶᠢᠨ ᠡᠷᠡᠬᠦᠯ ᠬᠠᠮᠠᠭᠠᠯᠠᠯ᠂ ᠰᠠᠯᠬᠢ ᠨᠡᠪᠳᠡᠷᠡᠬᠦ ᠶᠢ ᠭᠤᠤᠯᠳᠠᠯᠭ᠎ᠠ ᠲᠠᠢ ᠰᠠᠶᠢᠳᠦᠷ ᠬᠢᠵᠤ᠂ ᠬᠢᠨᠠᠨ ᠡᠵᠡᠮᠳᠡᠬᠦ ᠳᠦᠬᠦᠭᠡᠷᠦᠮᠵᠢ ᠶᠢᠨ ᠠᠵᠢᠯᠯᠠᠭᠠᠨ ᠢ ᠬᠠᠮᠢᠶᠠᠷᠤᠨ ᠬᠠᠮᠠᠭᠠᠯᠠᠬᠤ ᠠᠵᠢᠯ ᠢ ᠴᠢᠩᠭᠠᠳᠬᠠᠵᠤ᠂ ᠰᠠᠬᠢᠯᠭ᠎ᠠ ᠪᠠᠳᠤ ᠶᠢ ᠶᠠᠪᠤᠭᠳᠠᠭᠤᠯᠬᠤ ᠬᠢᠨᠠᠨ ᠪᠠᠶᠢᠴᠠᠭᠠᠬᠤ ᠳᠤ ᠠᠮᠤᠷ ᠲᠦᠪᠰᠢᠨ ᠪᠠᠶᠢᠬᠤ ᠪᠠᠷ ᠪᠠᠷᠠᠬᠤ ᠦᠬᠡᠢ ᠠᠰᠠᠭᠤᠳᠠᠯ ᠭᠠᠷᠬᠤ ᠦᠬᠡᠢ ᠪᠠᠶᠢᠬᠤ ᠶᠢ ᠪᠠᠳᠤᠯᠠᠬᠤ ᠭᠡᠷᠡᠭᠲᠡᠢ᠃ ᠳᠦᠷᠪᠡ ᠳᠤ᠂ ︽ᠵᠠᠪᠰᠢᠶᠠᠨ ᠪᠤᠯᠭᠠᠨ ᠢ ᠠᠯᠳᠠᠬᠤ ᠦᠬᠡᠢ︾ ᠬᠡᠯᠪᠡᠷᠢ ᠎ ᠶᠢᠨ ᠢᠯᠵᠠᠷᠠᠯ ᠤᠨ ᠠᠰᠠᠭᠤᠳᠠᠯ ᠢ ᠳᠦᠪᠯᠡᠷᠡᠬᠦᠯᠦᠨ ᠵᠠᠰᠠᠨ ᠴᠡᠭᠴᠡᠯᠡᠬᠦ ᠠᠵᠢᠯ ᠤᠨ ᠠᠷᠭ᠎ᠠ ᠠᠪᠴᠠᠯ ᠢ ᠰᠠᠶᠢᠳᠦᠷ ᠡᠵᠡᠮᠳᠡᠵᠤ᠂ ᠡᠯ᠎ᠡ ᠱᠠᠳᠤᠨ ᠤ ᠠᠵᠢᠯ ᠢ ᠳᠦᠷᠭᠡᠭᠡᠨ ᠠᠬᠢᠭᠤᠯᠬᠤ ᠭᠡᠷᠭᠲᠡᠢ ᠬᠡᠵᠡᠢ᠃    ᠬᠠᠮᠤᠭ ᠤᠨ ᠰᠡᠬᠦᠯ ᠳᠤ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠡᠰᠢᠬᠦᠳ ᠠᠴᠠ ᠰᠤᠮᠤ ᠪᠠᠯᠭᠠᠰᠤᠨ ᠎ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ᠂ ᠳᠡᠳ᠋ ᠱᠦᠵᠢ᠂ ᠳᠤᠰᠬᠠᠢ ᠠᠵᠢᠯᠯᠠᠭᠴᠢ ᠶᠢ ᠵᠤᠬᠢᠶᠠᠨ ᠪᠠᠶᠢᠭᠤᠯᠵᠤ᠂ ᠰᠢᠯᠢᠳᠡᠭ ᠰᠠᠬᠢᠯᠭ᠎ᠠ ᠪᠠᠳᠤ ᠪᠠᠶᠢᠴᠠᠭᠠᠬᠤ ᠺᠠᠳ᠋ᠷ ︽ᠴᠦᠨ ᠰᠢᠶᠠᠩ︾ ᠪᠢᠴᠢᠯ ᠺᠢᠨᠣ᠋ ᠶᠢ ᠬᠠᠮᠳᠤ ᠪᠠᠷ ᠦᠵᠡᠪᠡ᠃
 
ᠢᠷᠡᠯᠲᠡ᠄ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号