ᠳᠡᠷᠢᠬᠦᠨ ᠤ ᠰᠤᠶᠤᠯ ᠢᠶᠠᠷ ᠠᠷᠢᠭᠤᠨ ᠴᠢᠭᠡᠴᠢ ᠶᠢ ᠬᠦᠮᠦᠵᠢᠬᠦᠯᠵᠤ᠂ ᠨᠡᠶᠢᠬᠡᠮ ᠨᠡᠶᠢᠲᠡ ᠳᠤ ᠨᠡᠷ᠎ᠡ ᠦᠬᠡᠢ ᠵᠤᠷᠢᠭᠤᠯᠤᠨᠠᠮ
ᠨᠡᠶᠢᠲᠡᠯᠡᠭᠰᠡᠨ ᠴᠠᠭ᠄
2017/6/28
   ︽ᠢᠳᠡᠭᠡᠯ ᠪᠢᠰᠢᠷᠡᠯ ᠢᠶᠠᠨ ᠴᠢᠩᠳᠠᠯᠠᠵᠤ᠂ ᠬᠡᠪ ᠴᠢᠨᠠᠷ ᠢᠶᠠᠨ ᠳᠡᠭᠡᠭᠰᠢᠯᠡᠬᠦᠯᠦᠨ᠂ ᠶᠤᠰᠤ ᠵᠢᠷᠤᠮ ᠢ ᠡᠷᠬᠢᠮᠯᠡᠵᠤ᠂ ᠤᠪᠤᠷ ᠰᠤᠷᠳᠠᠯ ᠢᠶᠠᠨ ᠳᠦᠪ ᠪᠤᠯᠭᠠᠬᠤ︾ ᠪᠤᠯ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭ᠎ᠠ ᠶᠢᠨ ᠭᠤᠤᠯ ᠰᠡᠳᠦᠪ ᠪᠤᠯᠤᠨ᠎ᠠ᠃ 4 ᠳ᠋ᠤᠭᠡᠷ ᠰᠠᠷ᠎ᠠ ᠳᠤ᠂ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠠᠴᠠ ᠳᠤᠮᠢᠯᠠᠨ ᠰᠠᠭᠤᠯᠭᠠᠭᠰᠠᠨ ᠨᠢᠬᠡᠳᠦᠭᠡᠷ ᠰᠠᠬᠢᠯᠭ᠎ᠠ ᠪᠠᠳᠤ ᠪᠠᠶᠢᠴᠠᠭᠠᠬᠤ ᠳᠤᠭᠤᠶᠢᠯᠠᠩ ᠠᠴᠠ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭ᠎ᠠ ᠪᠠᠷ ᠠᠨᠢᠰᠤ ᠪᠤᠯᠭᠠᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ᠂ ᠬᠤᠰᠢᠭᠤᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ᠂ ᠬᠤᠰᠢᠭᠤᠨ ᠤ ᠤᠯᠤᠰ ᠳᠦᠷᠦ ᠶᠢᠨ ᠵᠦᠪᠯᠡᠯᠭᠡᠨ ᠤ ᠠᠯᠪᠠᠨ ᠭᠡᠷ ᠵᠡᠷᠭᠡ ᠬᠠᠷᠢᠶᠠᠯᠠᠭᠤᠯᠬᠤ ᠨᠢᠭᠡᠴᠡ ᠳᠤ ︽ᠠᠷᠢᠭᠤᠨ ᠴᠢᠭᠡᠴᠢ ᠪᠠᠷ ᠵᠠᠰᠠᠭ ᠪᠠᠷᠢᠬᠤ ᠬᠢᠴᠢᠶᠡᠯ ᠢ ᠤᠷᠤᠵᠤ᠂ ᠠᠷᠢᠭᠤᠨ ᠴᠢᠭᠡᠴᠢ ᠪᠠᠷ ᠵᠠᠰᠠᠭ ᠪᠠᠷᠢᠬᠤ ᠦᠵᠡᠬᠦᠯᠦᠯᠬᠡ ᠶᠢ ᠦᠵᠡᠵᠤ᠂ ᠠᠷᠢᠭᠤᠨ ᠴᠢᠭᠡᠴᠢ ᠎ ᠪᠠᠷ ᠵᠠᠰᠠᠭ ᠪᠠᠷᠢᠬᠤ ᠲᠢᠩᠬᠢᠮ ᠢ ᠳᠤᠭᠤᠷᠢᠨ ᠦᠵᠡᠵᠤ᠂ ᠴᠢᠭᠡᠴᠢ ᠵᠠᠰᠠᠭ ᠤᠨ ᠰᠡᠳᠦᠪ ᠬᠠᠷᠢᠭᠤᠯᠬᠤ᠂ ᠴᠢᠭᠡᠴᠢ ᠵᠠᠰᠠᠭ ᠤᠨ ᠺᠢᠨᠣ᠋ ᠹᠢᠯᠢᠮ ᠢ ᠦᠵᠡᠬᠦ︾᠎ ᠪᠠᠷ ᠭᠤᠤᠯ ᠰᠡᠳᠦᠪ ᠪᠤᠯᠭᠠᠭᠰᠠᠨ ᠠᠷᠢᠭᠤᠨ ᠴᠢᠭᠡᠴᠢ ᠪᠠᠷ ᠵᠠᠰᠠᠭ ᠪᠠᠷᠢᠬᠤ ᠰᠠᠷ᠎ᠠ ᠶᠢᠨ ᠠᠵᠢᠯᠯᠠᠭ᠎ᠠ ᠶᠢ ᠦᠷᠨᠢᠬᠦᠯᠵᠤ᠂ ᠢᠯᠵᠠᠷᠠᠯ ᠢ ᠡᠰᠡᠷᠬᠦᠴᠡᠵᠤ ᠠᠷᠢᠭᠤᠨ ᠴᠢᠭᠡᠴᠢ ᠶᠢ ᠰᠤᠷᠳᠠᠯᠴᠢᠯᠠᠬᠤ ᠬᠦᠮᠦᠵᠢᠯ ᠪᠠ ᠴᠢᠭᠡᠴᠢ ᠵᠠᠰᠠᠭ ᠤᠨ ᠰᠤᠶᠤᠯ ᠤᠨ ᠪᠠᠶᠢᠭᠤᠯᠤᠯᠳᠠ ᠶᠢ ᠤᠯᠠᠮ ᠨᠢᠬᠡ ᠠᠯᠬᠤᠮ ᠠᠬᠢᠭᠤᠯᠪᠠ᠃    ᠠᠷᠢᠭᠤᠨ ᠴᠢᠭᠡᠴᠢ ᠪᠠᠷ ᠵᠠᠰᠠᠭ ᠪᠠᠷᠢᠬᠤ ᠬᠢᠴᠢᠶᠡᠯ ᠢ ᠤᠷᠤᠪᠠ᠄ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠᠴᠢᠯᠠᠭᠰᠠᠨ ᠤᠳᠤᠷᠢᠳᠤᠯᠭ᠎ᠠ ᠺᠠᠳ᠋ᠷ ᠠᠴᠠ ︽ᠨᠠᠮ ᠳᠤ ᠦᠨᠡᠨᠴᠢ ᠰᠢᠳᠤᠷᠭᠤ᠂ ᠬᠤᠪᠢ ᠬᠦᠮᠦᠨ ᠠᠷᠢᠭᠤᠨ ᠴᠡᠪᠡᠷ᠂ ᠵᠤᠷᠢᠭᠳᠠᠢ ᠪᠠᠷ ᠡᠬᠦᠷᠭᠡᠯᠡᠬᠦ︾ ᠱᠠᠭᠠᠷᠳᠠᠯᠭ᠎ᠠ ᠶᠢ ᠬᠦᠨᠵᠡᠬᠡᠢ ᠤᠶᠢᠯᠠᠭᠠᠭᠤᠯᠬᠤ ᠶᠢᠨ ᠳᠦᠯᠦᠬᠡ᠂ ᠠᠷᠢᠭᠤᠨ ᠴᠢᠭᠡᠴᠢ ᠪᠠᠷ ᠵᠠᠰᠠᠭ ᠪᠠᠷᠢᠬᠤ ᠬᠢᠴᠢᠶᠡᠯ ᠢ ᠰᠤᠷᠤᠯᠴᠠᠬᠤ ᠠᠵᠢᠯᠯᠠᠭ᠎ᠠ ᠶᠢ ᠳᠦᠪᠯᠡᠷᠡᠬᠦᠯᠦᠨ ᠦᠷᠨᠢᠬᠦᠯᠪᠡ᠃ ︽ᠳᠤᠮᠳᠠᠳᠤ ᠤᠯᠤᠰ ᠤᠨ ᠡᠪ ᠬᠠᠮᠳᠤ ᠨᠠᠮ ᠤᠨ ᠳᠦᠷᠢᠮ︾᠂ ︽ᠳᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠎ ᠤᠨ ᠳᠤᠳᠤᠭᠠᠳᠤᠬᠢ ᠬᠢᠨᠠᠯᠳᠠ ᠳᠠᠯᠪᠢᠬᠤ ᠳᠦᠷᠢᠮ︾᠂ ︽ᠳᠤᠮᠳᠠᠳᠤ ᠤᠯᠤᠰ ᠤᠨ ᠡᠪ ᠬᠠᠮᠳᠤ ᠨᠠᠮ ᠤᠨ ᠰᠠᠬᠢᠯᠭ᠎ᠠ ᠪᠠᠳᠤ ᠶᠢᠨ ᠰᠢᠳᠭᠡᠯ ᠦᠭᠬᠦ ᠳᠦᠷᠢᠮ︾᠂ ︽ᠳᠤᠮᠳᠠᠳᠤ ᠤᠯᠤᠰ ᠤᠨ ᠡᠪ ᠬᠠᠮᠳᠤ ᠨᠠᠮ ᠤᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ︾ ᠵᠡᠷᠭᠡ ᠨᠠᠮ ᠤᠨ ᠳᠤᠳᠤᠭᠠᠳᠦ ᠶᠢᠨ ᠬᠠᠤᠯᠢ ᠴᠠᠭᠠᠵᠠ ᠳᠦᠷᠢᠮ ᠳᠤᠭᠳᠠᠭᠠᠯ ᠢ ᠰᠤᠷᠤᠯᠴᠠᠬᠤ ᠎ ᠪᠠᠷ ᠳᠠᠮᠵᠢᠨ᠂ ᠨᠠᠮ ᠤᠨ ᠬᠡᠰᠢᠬᠦᠨ ᠺᠠᠳ᠋ᠷ ᠤᠨ ᠰᠠᠬᠢᠯᠭ᠎ᠠ ᠪᠠᠳᠤ ᠶᠢ ᠵᠢᠷᠤᠮᠯᠡᠵᠤ ᠶᠤᠰᠤ ᠵᠢᠷᠦᠮ ᠢ ᠰᠠᠬᠢᠬᠤ ᠤᠬᠠᠮᠰᠠᠷ ᠎ ᠢ ᠤᠯᠠᠮ ᠨᠢᠬᠡ ᠠᠯᠬᠤᠮ ᠴᠢᠩᠭᠠᠷᠠᠭᠤᠯᠵᠤ᠂ ᠢᠯᠵᠠᠷᠠᠯ ᠢ ᠳᠡᠪᠴᠢᠵᠤ ᠬᠤᠪᠢᠷᠠᠯ ᠢ ᠰᠡᠷᠭᠡᠶᠢᠯᠡᠬᠦ ᠦᠵᠡᠯ ᠰᠠᠨᠠᠭ᠎ᠠ ᠶᠤᠰᠤ ᠰᠤᠷᠳᠠᠬᠤᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠬᠦᠯᠵᠤ ᠪᠠᠶᠢᠨ᠎ᠠ᠃    ᠠᠷᠢᠭᠤᠨ ᠴᠢᠭᠡᠴᠢ ᠪᠠᠷ ᠵᠠᠰᠠᠭ ᠪᠠᠷᠢᠬᠤ ᠦᠵᠡᠬᠦᠯᠦᠯᠭᠡ ᠶᠢ ᠳᠤᠭᠤᠷᠢᠨ ᠦᠵᠡᠪᠡ᠃ ᠬᠠᠷᠢᠶᠠᠯᠠᠭᠤᠯᠬᠤ ᠨᠢᠭᠡᠴᠡ ᠎ ᠶᠢ ᠵᠤᠬᠢᠶᠠᠨ ᠪᠠᠶᠢᠭᠤᠯᠵᠤ᠂ ︽ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠵᠢᠴᠢ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ︿ᠴᠢᠭᠡᠴᠢ ᠵᠠᠰᠠᠭ ᠤᠨ ᠰᠤᠶᠤᠯ﹀᠎ ᠤᠨ ᠤᠷᠠᠨ ᠪᠢᠴᠢᠯᠭᠡ ᠶᠢᠨ ᠦᠵᠡᠬᠦᠯᠦᠯᠭᠡ︾᠎ ᠳᠤ ᠤᠷᠤᠯᠴᠠᠭᠤᠯᠵᠤ᠂ ᠣᠷᠠᠨ ᠪᠢᠴᠢᠯᠭᠡ ᠶᠢᠨ ᠭᠤᠤᠯ ᠰᠡᠳᠦᠪ ᠳᠤᠳᠤᠷᠬᠠᠢ᠂ ᠤᠳᠬ᠎ᠠ ᠠᠭᠤᠯᠭ᠎ᠠ ᠬᠦᠨᠵᠡᠬᠡᠢ ᠪᠠᠶᠢᠵᠤ᠂ ᠮᠤᠩᠭᠤᠯ ᠬᠢᠳᠠᠳ ᠬᠤᠶᠠᠷ ᠵᠦᠢᠯ ᠤᠨ ᠦᠰᠦᠭ ᠪᠢᠴᠢᠭ ᠤᠨ ᠪᠢᠴᠢᠯᠭᠡ ᠶᠢᠨ ᠢᠯᠵᠠᠷᠯ ᠢ ᠡᠰᠡᠷᠬᠦᠴᠡᠵᠤ ᠠᠷᠢᠭᠤᠨ ᠴᠢᠭᠡᠴᠢ ᠶᠢ ᠡᠷᠬᠢᠮᠯᠡᠬᠦ ᠰᠡᠴᠡᠨ ᠦᠬᠡ ᠬᠠᠪᠤᠳᠤ ᠦᠬᠡ ᠨᠢ ᠳᠤᠭᠤᠷᠢᠨ ᠦᠵᠡᠭᠰᠡᠳ ᠤᠨ ᠶᠤᠰᠤ ᠰᠤᠷᠳᠠᠬᠤᠨ ᠤ ᠪᠤᠯᠪᠰᠤᠷᠠᠯ ᠬᠢᠭᠡᠳ ᠵᠤᠷᠢᠭ ᠰᠠᠨᠠᠭ᠎ᠠ ᠶᠢ ᠶᠡᠬᠡᠪᠡᠷ ᠵᠤᠷᠢᠭᠵᠢᠭᠤᠯᠵᠤ᠂ ᠬᠦᠰᠡᠯᠡᠩ ᠤᠨ ᠢᠳᠡᠭᠡᠯ ᠵᠤᠷᠢᠭ ᠢ ᠬᠦᠪᠴᠢᠯᠡᠵᠤ᠂ ᠠᠷᠢᠭᠤᠨ ᠴᠢᠭᠡᠴᠢ ᠪᠠᠶᠢᠬᠤ ᠤᠯᠤᠰ ᠳᠦᠷᠦ ᠶᠢᠨ ᠮᠦᠨ ᠴᠢᠨᠠᠷ ᠢ ᠪᠠᠳᠤᠯᠠᠵᠤ ᠪᠠᠶᠢᠨ᠎ᠠ᠃    ᠴᠢᠭᠡᠴᠢ ᠵᠠᠰᠠᠭ ᠤᠨ ᠲᠢᠩᠬᠢᠮ ᠢ ᠳᠤᠭᠤᠷᠢᠨ ᠦᠵᠡᠪᠡ᠄ ᠬᠠᠷᠢᠶᠠᠯᠠᠭᠤᠯᠬᠤ ᠨᠢᠬᠡᠴᠡ ᠶᠢᠨ ᠨᠠᠮ ᠤᠨ ᠬᠡᠰᠢᠬᠦᠨ ᠤᠳᠤᠷᠢᠳᠬᠤ ᠺᠠᠳ᠋ᠷ ᠢ ᠵᠠᠯᠭᠠᠯᠳᠤᠭ᠎ᠠ ᠪᠠᠷ ᠵᠤᠬᠢᠶᠠᠨ ᠪᠠᠶᠢᠭᠤᠯᠵᠤ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠳᠤᠪᠴᠢᠶ᠎ᠠ ᠶᠢᠨ ᠴᠢᠭᠡᠴᠢ ᠵᠠᠰᠠᠭ ᠤᠨ ᠲᠢᠩᠬᠢᠮ ᠢ ᠳᠤᠭᠤᠷᠢᠨ ᠦᠵᠡᠪᠡ᠃ ᠤᠯᠠᠩᠬᠢ ᠨᠦᠬᠦᠷ ᠠᠴᠠ ᠳᠦᠷᠦᠬᠦᠦ ᠤᠳᠠᠭ᠎ᠠ ᠳᠤᠰ ᠦᠵᠡᠬᠦᠯᠦᠯᠭᠡ ᠶᠢᠨ ᠲᠢᠩᠬᠢᠮ ᠢ ᠳᠤᠭᠤᠷᠢᠨ ᠦᠵᠡᠵᠤ᠂ ᠬᠦᠮᠦᠨ ᠢ ᠰᠤᠴᠢᠭᠠᠮ᠎ᠠ ᠳᠦᠷᠦᠭᠳᠡᠯ ᠤᠷᠤᠪᠠ᠃ ᠦᠵᠡᠬᠦᠯᠦᠯᠬᠡ ᠶᠢᠨ ᠲᠢᠩᠬᠢᠮ ᠬᠡᠳᠦᠶᠢᠪᠡᠷ ᠪᠠᠭ᠎ᠠ ᠪᠤᠯᠪᠠᠴᠤ ᠰᠡᠷᠡᠮᠵᠢᠯᠡᠬᠦᠯᠬᠦ ᠦᠢᠯᠡᠳᠦᠯ ᠳᠤᠶᠢᠯ ᠤᠨ ᠶᠡᠭᠡ ᠪᠠᠶᠢᠵᠤ᠂ ᠤᠯᠤᠰ ᠤᠨ ᠤᠳᠤᠷᠢᠳᠬᠤ ᠬᠦᠮᠦᠰ ᠤᠨ ᠪᠤᠷᠤᠭᠵᠢᠭᠤᠨ ᠦᠬᠡ ᠶᠠᠷᠢᠶ᠎ᠠ ᠪᠠᠷ ᠴᠢᠭᠡᠴᠢ ᠵᠠᠰᠠᠭ ᠤᠨ ᠪᠠᠶᠢᠭᠤᠯᠤᠯᠳᠠ ᠶᠢᠨ ᠴᠢᠬᠤᠯᠠ ᠴᠢᠨᠠᠷ ᠢ ᠢᠯᠡᠷᠡᠬᠦᠯᠦᠭᠰᠡᠨ ᠢᠶᠠᠷ ᠪᠠᠷᠠᠬᠤ ᠦᠬᠡᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠬᠤᠪᠢᠰᠬᠠᠯ ᠤᠨ ᠶᠠᠪᠤᠴᠠ ᠳᠤᠮᠳᠠ ᠪᠦᠷᠢᠯᠳᠦᠭᠰᠡᠨ ᠵᠢᠩ ᠭᠠᠩ ᠱᠠᠨ ᠤ ᠵᠤᠷᠢᠭ ᠰᠠᠨᠠᠭ᠎ᠠ᠂ ᠤᠷᠳᠤ ᠵᠠᠮ ᠎ ᠤᠨ ᠠᠶᠠᠨ ᠳᠠᠶᠢᠨ ᠤ ᠵᠤᠷᠢᠭ ᠰᠠᠨᠠᠭ᠎ᠠ᠂ ᠰᠢ ᠪᠠᠢ ᠫᠥᠸᠧ ᠶᠢᠨ ᠵᠤᠷᠢᠭ ᠰᠠᠨᠠᠭ᠎ᠠ ᠵᠡᠷᠭᠡ ᠶᠢ ᠳᠠᠶᠢᠯᠪᠦᠷᠢᠯᠠᠬᠤ ᠶᠢᠨ ᠳᠠᠭᠠᠤ ᠪᠠᠰᠠ ᠬᠢᠩᠭᠠᠨ ᠠᠶᠢᠮᠠᠭ ᠤᠨ ᠳᠤᠳᠤᠭᠠᠳᠦ ᠶᠢᠨ ᠡᠯ᠎ᠡ ᠱᠠᠳᠤᠨ ᠤ ᠬᠠᠤᠯᠢ ᠴᠠᠭᠠᠵᠠ ᠰᠠᠬᠢᠯᠭ᠎ᠠ ᠪᠠᠳᠤ ᠶᠢ ᠵᠦᠷᠢᠴᠡᠭᠰᠡᠨ ᠤᠳᠤᠷᠢᠳᠤᠯᠭ᠎ᠠ ᠺᠠᠳ᠋ᠷ ᠤᠨ ᠡᠰᠡᠷᠬᠦ ᠳᠠᠯ᠎ᠠ ᠶᠢᠨ ᠰᠡᠷᠡᠮᠵᠢᠯᠡᠯ ᠪᠠᠶᠢᠵᠤ᠂ ᠪᠡᠶ᠎ᠡ ᠶᠢᠨ ᠬᠠᠵᠠᠭᠤ ᠳᠠᠬᠢ ᠬᠦᠮᠦᠨ ᠪᠠ ᠬᠡᠷᠡᠭ ᠶᠠᠪᠤᠳᠠᠯ ᠢᠶᠠᠷ ᠨᠠᠮ ᠤᠨ ᠬᠡᠰᠢᠬᠦᠨ ᠺᠠᠳ᠋ᠷ ᠲᠤ ᠰᠡᠷᠡᠮᠵᠢᠯᠡᠬᠦᠯᠦᠯ ᠦᠵᠡᠬᠦᠯᠵᠤ ᠪᠠᠶᠢᠨ᠎ᠠ᠃    ᠠᠷᠢᠭᠤᠨ ᠴᠢᠭᠡᠴᠢ ᠪᠠᠷ ᠵᠠᠰᠠᠭ ᠪᠠᠷᠢᠬᠤ ᠰᠡᠳᠦᠪ ᠢ ᠬᠠᠷᠢᠭᠤᠯᠪᠠ᠄ ᠤᠯᠠᠩᠬᠢ ᠳᠤᠭᠠᠨ ᠤ ᠨᠠᠮ ᠤᠨ ᠭᠡᠰᠢᠬᠦᠨ ᠺᠠᠳ᠋ᠷ ᠤᠨ ᠢᠯᠵᠠᠷᠠᠯ ᠢ ᠡᠰᠡᠷᠬᠦᠴᠡᠭᠰᠡᠨ ᠳᠤᠮᠤ ᠵᠦᠴᠦᠭᠡ ︽ᠠᠷᠠᠳ ᠤᠨ ᠨᠠᠷ᠎ᠠ︾᠎ ᠶᠢ ᠦᠵᠡᠵᠤ ᠪᠠᠶᠢᠭ᠎ᠠ ᠪᠤᠳᠠᠳᠤ ᠪᠠᠶᠢᠳᠠᠯ ᠢ ᠦᠨᠳᠦᠰᠦᠯᠡᠵᠤ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠳᠦᠷᠢᠮ᠂ ᠨᠠᠮ ᠳᠤ ᠤᠷᠤᠬᠤ ᠳᠠᠩᠭᠠᠷᠢᠭ ᠤᠨ ᠦᠬᠡ᠂ ᠦᠭᠡᠷᠡᠴᠢᠯᠡᠯᠲᠡ ᠶᠢ ᠬᠦᠨᠵᠡᠬᠡᠶᠢᠷᠡᠬᠦᠯᠬᠦ ᠳᠤᠭᠳᠠᠭᠠᠯ᠂ ᠨᠠᠢᠮᠠᠨ ᠵᠦᠢᠯ ᠤᠨ ᠳᠤᠭᠳᠠᠭᠠᠯ᠂ ︽ᠵᠠᠪᠰᠢᠶᠠᠨ ᠪᠤᠯᠭᠠᠨ ᠢ ᠠᠯᠳᠠᠬᠤ ᠦᠬᠡᠢ︾ ᠬᠡᠯᠪᠡᠷᠢ ᠶᠢᠨ ᠢᠯᠵᠠᠷᠠᠯ ᠤᠨ ᠠᠰᠠᠭᠤᠳᠠᠯ ᠢ ᠳᠦᠪᠯᠡᠷᠡᠬᠦᠯᠦᠨ ᠵᠠᠰᠠᠨ ᠴᠡᠭᠴᠡᠯᠡᠬᠦ ᠠᠵᠢᠯᠯᠠᠭ᠎ᠠ᠂ ᠺᠠᠳ᠋ᠷ ᠢ ᠳᠤᠰᠢᠶᠠᠯ ᠳᠤ ᠳᠡᠪᠰᠢᠬᠦᠯᠬᠦ ᠳᠤᠰᠢᠶᠠᠯ ᠠᠴᠠ ᠨᠢ ᠪᠠᠭᠤᠯᠭᠠᠬᠤ ᠰᠠᠬᠢᠯᠭ᠎ᠠ ᠳᠦᠷᠢᠮ ᠂ ᠤᠯᠠᠮ ᠲᠦᠮᠡᠨᠴᠢ ᠴᠢᠨᠠᠷ ᠲᠠᠢ ᠬᠡᠷᠡᠭ ᠶᠠᠪᠤᠳᠠᠯ ᠢ ᠠᠷᠭᠠᠴᠠᠬᠤ ᠪᠠᠷ ᠭᠤᠤᠯ ᠠᠭᠤᠯᠭ᠎ᠠ ᠪᠤᠯᠭᠠᠵᠤ᠂ ︽ᠠᠷᠠᠳ ᠤᠨ ᠨᠡᠷ᠎ᠡ︾᠎ ᠶᠢᠨ ᠬᠡᠪᠯᠡᠯ ᠤᠨ ᠴᠢᠭᠡᠴᠢ ᠵᠠᠰᠠᠭ ᠤᠨ ᠰᠢᠯᠭᠠᠯᠳᠠ ᠶᠢᠨ ᠰᠡᠳᠦᠪ ᠢ ᠨᠠᠶᠢᠷᠠᠭᠤᠯᠤᠨ ᠳᠠᠷᠤᠮᠠᠯᠯᠠᠵᠤ ᠳᠠᠷᠬᠠᠭᠠᠪᠠ᠃ ᠰᠢᠯᠭᠠᠯᠳᠠ ᠶᠢᠨ ᠬᠠᠭᠤᠳᠠᠰᠤ ᠶᠢᠨ ᠠᠭᠤᠯᠭ᠎ᠠ ᠬᠢᠯᠪᠠᠷ ᠠᠮᠠᠷᠬᠠᠨ ᠪᠤᠯᠪᠠᠴᠤ ᠤᠳᠬ᠎ᠠ ᠰᠠᠨᠠᠭ᠎ᠠ ᠨᠢ ᠬᠦᠨᠵᠡᠬᠡᠢ᠂ ᠬᠦᠮᠦᠰ ᠢ ᠬᠦᠨ ᠪᠤᠳᠤᠯᠬᠢᠯᠠᠭᠤᠯᠤᠨ᠎ᠠ᠃ ᠪᠦᠲᠦᠮᠵᠢᠲᠡᠢ ᠠᠷᠭ᠎ᠠ ᠠᠪᠴᠦ᠂ ᠨᠠᠮ ᠤᠨ ᠬᠡᠰᠢᠬᠦᠨ ᠺᠠᠳ᠋ᠷ ᠎ ᠲᠤ ᠪᠦᠬᠦ ᠰᠡᠳᠬᠢᠯ ᠪᠦᠬᠦ ᠵᠤᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠵᠤ᠂ ᠤᠯᠠᠨ ᠲᠦᠮᠡᠨ ᠤ ᠳᠤᠮᠳᠠ ᠎ ᠠᠴᠠ ᠢᠷᠡᠵᠤ᠂ ᠤᠯᠠᠨ ᠲᠦᠮᠡᠨ ᠤ ᠳᠤᠮᠳᠠ ᠬᠦᠷᠴᠦ᠂ ᠢᠯᠵᠠᠷᠠᠯ ᠪᠠᠶᠢᠪᠠᠯ ᠡᠷᠭᠡᠪᠰᠢ ᠡᠰᠡᠷᠬᠦᠴᠡᠵᠤ᠂ ᠱᠠᠮᠰᠢᠭᠰᠠᠨ ᠪᠠᠶᠢᠪᠠᠯ ᠡᠷᠭᠡᠪᠰᠢ ᠪᠠᠷᠢᠬᠤ ᠵᠡᠷᠭᠡ ᠢᠳᠡᠪᠬᠢ ᠬᠦᠴᠦᠨ ᠢ ᠤᠷᠤᠭᠤᠯᠵᠤ᠂ ᠢᠯᠵᠠᠷᠠᠯ ᠢ ᠡᠰᠡᠷᠬᠦᠴᠡᠵᠤ ᠠᠷᠢᠭᠤᠨ ᠴᠢᠭᠡᠴᠢ ᠶᠢ ᠡᠷᠬᠢᠮᠯᠡᠬᠦ ᠬᠦᠮᠦᠵᠢᠯ ᠪᠠ ᠴᠢᠬᠡᠴᠢ ᠵᠠᠰᠠᠭ ᠤᠨ ᠰᠤᠶᠤᠯ ᠤᠨ ᠪᠠᠶᠢᠭᠤᠯᠤᠯᠳᠠ ᠶᠢ ᠤᠯᠠᠮ ᠨᠢᠬᠡ ᠠᠯᠬᠤᠮ ᠠᠬᠢᠭᠤᠯᠪᠠ     ᠠᠷᠢᠭᠤᠨ ᠴᠢᠭᠡᠴᠢ ᠪᠠᠷ ᠵᠠᠰᠠᠭ ᠪᠠᠷᠢᠬᠤ ᠺᠢᠨᠣ᠋ ᠵᠦᠴᠦᠭᠡ ᠶᠢ ᠦᠵᠡᠪᠡ᠄ ᠤᠳᠬ᠎ᠠ ᠵᠤᠬᠢᠶᠠᠯ ᠪᠦᠲᠦᠭᠡᠯ ᠤᠨ ᠰᠡᠭᠡᠭᠡᠷᠡᠬᠦᠯᠦᠯᠲᠡ ᠪᠤᠯ ᠨᠡᠶᠢᠬᠡᠮ ᠨᠡᠶᠢᠲᠡ ᠳᠤ ᠨᠡᠷ᠎ᠡ ᠦᠬᠡᠢ ᠪᠠᠷ ᠵᠤᠷᠢᠭᠤᠯᠳᠠᠭ᠂ ᠬᠡᠵᠢᠶᠡᠳᠡ ᠮᠡᠳᠡᠭᠳᠡᠬᠦ ᠦᠬᠡᠢ ᠪᠠᠷ ᠪᠤᠪᠢᠰᠬᠤ ᠳᠤᠮᠳᠠ ᠬᠦᠮᠦᠰ ᠤᠨ ᠤᠬᠠᠮᠰᠠᠷ ᠵᠢᠴᠢ ᠠᠵᠢᠯᠯᠠᠭ᠎ᠠ ᠶᠢ  ᠨᠦᠯᠦᠬᠡᠯᠡᠳᠡᠭ᠃ ᠨᠠᠮ ᠤᠨ ᠬᠡᠰᠢᠬᠦᠨ ᠺᠠᠳ᠋ᠷ ᠎ ᠲᠤ ︽ᠠᠷᠠᠳ ᠤᠨ ᠳᠦᠯᠦᠬᠡ᠂ ᠪᠤᠳᠠᠳᠠᠢ ᠠᠵᠢᠯᠯᠠᠨ᠂ ᠠᠷᠢᠭᠤᠨ ᠴᠢᠭᠡᠴᠢ ᠪᠠᠶᠢᠬᠤ︾ ᠴᠢᠬᠤᠯᠠ ᠤᠳᠬ᠎ᠠ ᠰᠠᠨᠠᠭ᠎ᠠ ᠎ ᠶᠢ ᠨᠡᠩ ᠰᠠᠶᠢᠨ ᠢᠶᠠᠷ ᠤᠶᠢᠯᠠᠭᠠᠭᠤᠯᠬᠤ ᠶᠢᠨ ᠳᠦᠯᠦᠬᠡ᠂ ᠤᠷᠢᠳ ᠬᠤᠵᠢᠳ ᠬᠠᠷᠢᠶᠠᠯᠠᠭᠤᠯᠬᠤ ᠨᠢᠬᠡᠴᠡ ᠶᠢᠨ ᠺᠠᠳ᠋ᠷ ᠠᠵᠢᠯᠳᠠᠨ ᠢ ᠵᠤᠬᠢᠶᠠᠨ ᠪᠠᠶᠢᠭᠤᠯᠵᠤ ︽ᠨᠢᠭᠡ ᠪᠠᠭᠯᠠᠭ᠎ᠠ ᠴᠠᠭᠠᠨ ᠴᠠᠭᠠᠰᠦ︾᠂ ︽ᠨᠠᠢᠮᠠᠨ ᠰᠠᠷ᠎ᠠ ᠶᠢᠨ ᠠᠷᠪᠠᠨ ᠳᠠᠪᠤᠨ︾᠂ ︽ᠠᠪᠤ ᠡ᠂ ᠲᠠ ᠬᠠᠮᠢᠶ᠎ᠠ ᠤᠴᠢᠴᠢᠬᠠᠪᠠ︾ ᠵᠡᠷᠭᠡ ᠠᠷᠢᠭᠤᠨ ᠴᠢᠭᠡᠴᠢ ᠪᠠᠷ ᠵᠠᠰᠠᠭ ᠪᠠᠷᠢᠬᠤ ᠪᠢᠴᠢᠯ ᠺᠢᠨᠣ᠋ ᠶᠢ ᠦᠵᠡᠬᠦᠯᠪᠡ᠃ ᠺᠢᠨᠣ᠋ ᠹᠢᠯᠢᠮ ᠳᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠳᠤᠮᠳᠠ ᠢᠳᠡᠵᠤ ᠠᠪᠬᠤ ᠵᠤᠪᠠᠭᠠᠬᠤ᠂ ᠶᠠᠳᠠᠭᠤ ᠶᠢ ᠳᠡᠳᠬᠦᠬᠦ ᠬᠦᠷᠢᠶ᠎ᠡ ᠴᠠᠷᠠᠭ᠎ᠠ ᠳᠤ ᠤᠯᠠᠨ ᠲᠦᠮᠡᠨ ᠤ ᠠᠰᠢᠭ ᠳᠤᠰᠠ ᠶᠢ ᠬᠤᠬᠢᠷᠠᠭᠤᠯᠤᠭᠰᠠᠨ ᠢᠯᠵᠠᠷᠠᠯ ᠵᠢᠴᠢ ᠢᠯᠵᠠᠷᠠᠯ ᠠᠴᠠ ᠪᠤᠯᠵᠤ ᠭᠡᠷ ᠡᠷᠦᠬᠡ᠂ ᠳᠦᠷᠦᠯ ᠰᠠᠳᠤᠨ ᠤ ᠰᠡᠳᠬᠢᠯᠭᠡ᠂ ᠦᠷ᠎ᠡ ᠬᠡᠤᠬᠡᠳ ᠲᠤ ᠪᠠᠨ ᠠᠪᠴᠢᠷᠠᠭᠰᠠᠨ ᠴᠤᠭᠢᠯᠳᠠ ᠪᠠ ᠬᠤᠤᠷᠯᠠᠯ ᠢᠶᠠᠷ ᠳᠠᠮᠵᠢᠨ᠂ ᠬᠦᠮᠦᠰ ᠲᠤ ᠬᠠᠤᠯᠢ ᠴᠠᠭᠠᠵᠠ ᠰᠠᠬᠢᠯᠭ᠎ᠠ ᠪᠠᠳᠤ ᠬᠠᠶᠢᠷ᠎ᠠ ᠨᠠᠶᠢᠷ ᠦᠬᠡᠢ᠂ ᠭᠡᠷ ᠡᠷᠦᠬᠡ᠂ ᠦᠷ᠎ᠡ ᠬᠡᠤᠭᠡᠳ ᠤᠨ ᠢᠶᠠᠨ ᠳᠦᠯᠦᠬᠡ ᠡᠷᠭᠡᠪᠰᠢ ᠠᠷᠢᠭᠤᠨ ᠴᠡᠪᠡᠷ ᠪᠠᠶᠢᠵᠤ᠂ ᠠᠷᠢᠭᠤᠨ ᠴᠢᠭᠡᠴᠢ ᠪᠠᠷ ᠵᠠᠰᠠᠭ ᠪᠠᠷᠢᠵᠤ ᠠᠷᠠᠳ ᠲᠤ ᠦᠢᠯᠡᠴᠯᠡᠬᠦ ᠭᠡᠷᠡᠭᠲᠡᠢ ᠬᠡᠳᠡᠭ ᠢ ᠰᠡᠷᠡᠮᠵᠢᠯᠡᠬᠦᠯᠦᠨ ᠬᠦᠮᠦᠵᠢᠬᠦᠯᠪᠡ᠃
 
ᠢᠷᠡᠯᠲᠡ᠄ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号