ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠠᠴᠠ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭ᠎ᠠ ᠶᠢᠨ ᠱᠠᠳᠤ ᠳᠠᠮᠵᠢᠬᠤ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2017/6/28
   5 ᠰᠠᠷ᠎ᠠ ᠶᠢᠨ 5᠎ ᠤ ᠡᠳᠦᠷ ᠤᠨ ᠦᠳᠡ ᠶᠢᠨ ᠡᠮᠦᠨ᠎ᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠎ ᠤ ᠰᠠᠬᠢᠯᠭ᠎ᠠ ᠪᠠᠳᠤ ᠬᠤᠷᠢᠶ᠎ᠠ ᠠᠴᠠ ᠨᠠᠮ ᠵᠠᠰᠠᠭ ᠤᠨ ᠨᠢᠬᠡᠳᠦᠭᠡᠷ ᠨᠤᠮᠧᠷᠲᠦ ᠠᠰᠠᠷ ᠤᠨ ᠳᠦᠷᠪᠡᠳᠦᠭᠡᠷ ᠳᠠᠪᠬᠤᠷᠯᠢᠭ ᠎ ᠤᠨ ᠬᠤᠷᠠᠯ ᠤᠨ ᠭᠡᠷ ᠲᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭ᠎ᠠ ᠶᠢᠨ ᠱᠠᠳᠤ ᠳᠠᠮᠵᠢᠬᠤ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ ᠰᠡᠴᠡᠨᠳᠦ᠋ᠬᠦᠷᠡᠩ ᠬᠤᠷᠠᠯ ᠢ ᠡᠷᠬᠢᠯᠡᠵᠤ᠂ ᠬᠤᠷᠢᠶ᠎ᠠ ᠳᠤᠪᠴᠢᠶ᠎ᠠ ᠶᠢᠨ ᠤᠳᠤᠷᠢᠳᠬᠤ ᠪᠠᠭ ᠤᠨ ᠬᠡᠰᠢᠬᠦᠳ᠂ ᠡᠯ᠎ᠡ ᠰᠤᠮᠤ ᠪᠠᠯᠭᠠᠰᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ᠂ ᠳᠡᠳ᠋ ᠱᠦᠵᠢ᠂ ᠡᠯ᠎ᠡ ᠳᠤᠮᠢᠯᠠᠨ ᠰᠠᠭᠤᠯᠭᠠᠭᠰᠠᠨ ᠰᠠᠬᠢᠯᠭ᠎ᠠ ᠪᠠᠳᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠳᠤᠪᠴᠢᠶ᠎ᠠ ᠶᠢᠨ ᠪᠦᠬᠦ ᠺᠠᠳ᠋ᠷ ᠠᠵᠢᠯᠳᠠᠨ ᠬᠤᠷᠠᠯ ᠳᠤ ᠤᠷᠤᠯᠴᠠᠪᠠ᠃    ᠳᠤᠰ ᠤᠳᠠᠭᠠᠨ ᠤ ᠬᠤᠷᠠᠯ ᠪᠤᠯ ᠮᠠᠨ ᠤ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭ᠎ᠠ ᠶᠢᠨ ᠳᠦᠰᠦᠯ ᠶᠤᠰᠤᠭᠠᠷ ᠶᠠᠪᠤᠭᠳᠠᠭᠤᠯᠤᠭᠰᠠᠨ ᠰᠤᠳᠤᠯᠤᠨ ᠶᠠᠷᠢᠯᠴᠠᠬᠤ ᠠᠵᠢᠯᠯᠠᠭ᠎ᠠ ᠪᠠᠶᠢᠵᠤ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠠᠴᠠ ᠳᠤᠰ ᠪᠡᠶ᠎ᠡ ᠶᠢᠨ ᠠᠵᠢᠯ ᠤᠨ ᠪᠤᠳᠠᠳᠠᠢ ᠪᠠᠶᠢᠳᠠᠯ ᠪᠠ ᠺᠠᠳ᠋ᠷ ᠤᠨ ᠡᠩᠨᠡᠭᠡ ᠶᠢᠨ ᠦᠵᠡᠯ ᠰᠤᠷᠳᠠᠯ ᠤᠨ ᠪᠤᠳᠠᠳᠠᠢ ᠪᠠᠶᠢᠳᠠᠯ ᠲᠠᠢ ᠤᠶᠠᠯᠳᠤᠭᠤᠯᠵᠤ᠂ ︽ᠬᠢᠨᠠᠯᠳᠠ ᠳᠠᠯᠪᠢᠵᠤ ᠰᠠᠬᠢᠯᠭ᠎ᠠ ᠪᠠᠳᠤ ᠶᠢ ᠶᠠᠪᠤᠭᠳᠠᠭᠤᠯᠤᠨ᠂ ᠳᠣᠰᠢᠶᠠᠯ ᠬᠠᠷᠢᠭᠤᠴᠠᠯᠭ᠎ᠠ ᠶᠢ ᠠᠰᠠᠭᠤᠬᠤ ᠶᠢ ᠨᠡᠩ ᠰᠠᠶᠢᠨ ᠢᠶᠠᠷ ᠬᠦᠢᠴᠡᠳᠭᠡᠬᠦ︾᠂ ︽ᠢᠳᠡᠭᠡᠮᠵᠢ ᠬᠢᠨᠠᠯᠳᠠ ᠳᠠᠯᠪᠢᠯᠳᠠ ᠶᠢ ᠤᠷᠤᠯᠠᠬᠤ ᠦᠬᠡᠢ︾ ᠵᠡᠷᠭᠡ ᠭᠤᠤᠯ ᠰᠡᠳᠦᠪ ᠤᠨ ᠳᠤᠭᠤᠷᠢᠨ ᠳᠤ ᠶᠠᠪᠤᠭᠳᠠᠪᠠ᠃ᠬᠤᠷᠠᠯ ᠳᠡᠭᠡᠷ᠎ᠡ᠂ ᠬᠠᠷᠠᠨᠢᠭᠤᠷ ᠰᠤᠮᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ ᠱᠧᠨ ᠹᠧᠩ ᠹᠧᠢ᠂ ᠭᠤᠤᠯ ᠤᠨ ᠪᠠᠶᠢᠰᠢᠩ ᠪᠠᠯᠭᠠᠰᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠳᠡᠳ᠋ ᠱᠦᠵᠢ ᠳ᠋ᠠᠢ ᠶᠢᠨ ᠹᠧᠩ᠂ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠠᠴᠠ ᠳᠤᠮᠢᠯᠠᠨ ᠰᠠᠭᠤᠯᠭᠠᠭᠰᠠᠨ ᠨᠢᠭᠡᠳᠦᠭᠡᠷ ᠰᠠᠬᠢᠯᠭ᠎ᠠ ᠪᠠᠳᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠰᠡᠴᠡᠨᠳᠠᠨ᠎ᠠ᠂ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠠᠴᠠ ᠳᠤᠮᠢᠯᠠᠨ ᠰᠠᠭᠤᠯᠭᠠᠭᠰᠠᠨ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠳᠤᠪᠴᠢᠶ᠎ᠠ ᠶᠢᠨ ᠰᠠᠬᠢᠯᠭ᠎ᠠ ᠪᠠᠳᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠪᠠᠢ ᠴᠢᠤᠸᠠᠨ ᠰᠢ ᠠᠴᠠ ᠳᠤᠰ ᠪᠦᠷᠢ ᠡᠬᠦᠷᠭᠡᠯᠡᠭᠰᠡᠨ ᠠᠵᠢᠯ ᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ ᠦᠭᠡ ᠶᠠᠷᠢᠶ᠎ᠠ ᠬᠢᠵᠤ᠂ ᠦᠪᠡᠷ ᠤᠨ ᠳᠦᠷᠦᠭᠳᠡᠯ ᠢᠶᠠᠨ ᠬᠦᠨᠵᠡᠬᠡᠢ ᠳᠤᠳᠤᠷᠬᠠᠶᠢᠯᠠᠨ ᠦᠬᠦᠯᠡᠪᠡ᠃    ᠶᠠᠷᠢᠯᠴᠠᠨ ᠰᠤᠳᠤᠯᠬᠤ ᠬᠤᠷᠠᠯ ᠢᠶᠠᠷ ᠳᠠᠮᠵᠢᠨ᠂ ᠦᠷᠭᠡᠨ ᠤᠯᠠᠨ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠠᠴᠠ ᠰᠤᠳᠤᠯᠤᠨ ᠶᠠᠷᠢᠯᠴᠠᠬᠤ ᠳᠤᠮᠳᠠ ᠬᠠᠷᠢᠯᠴᠠᠨ ᠰᠤᠷᠤᠯᠴᠠᠵᠤ᠂ ᠰᠠᠶᠢᠨ ᠳᠠᠯ᠎ᠠ ᠶᠢ ᠨᠢ ᠠᠪᠴᠦ ᠳᠤᠳᠠᠭᠳᠠᠯ ᠲᠠᠢ ᠳᠠᠯ᠎ᠠ ᠪᠠᠨ ᠨᠦᠬᠦᠪᠦᠷᠢᠯᠡᠵᠤ᠂ ᠳᠠᠪᠠᠭᠤᠯᠢᠭ ᠢᠶᠠᠨ ᠨᠦᠬᠦᠪᠦᠷᠢᠯᠡᠬᠦ ᠶᠢᠨ ᠳᠠᠭᠠᠤ ᠳᠠᠷᠠᠭ᠎ᠠ ᠠᠯᠬᠤᠮ ᠤᠨ ᠱᠠᠳᠤᠨ ᠤ ᠠᠵᠢᠯᠯᠠᠭᠠᠨ ᠤ ᠠᠭᠤᠯᠭ᠎ᠠ ᠶᠢ ᠪᠠᠶᠢᠷᠢᠯᠠᠭᠤᠯᠵᠤ᠂ ᠦᠷᠭᠡᠳᠭᠡᠬᠦ ᠴᠢᠭᠯᠡᠯ ᠢ ᠳᠤᠳᠤᠷᠬᠠᠶᠢᠯᠠᠵᠤ᠂ ᠪᠦᠬᠦ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠎ ᠶᠢᠨ ᠴᠤᠭᠴᠠᠯᠠᠯᠳᠠ ᠶᠢᠨ ᠤᠨ ᠤ ᠠᠵᠢᠯᠯᠠᠭ᠎ᠠ ᠶᠢᠨ ᠪᠦᠲᠦᠮᠵᠢᠲᠡᠢ ᠶᠠᠪᠤᠭᠳᠠᠬᠤ ᠶᠢ ᠬᠦᠨᠵᠡᠬᠡᠢ ᠠᠬᠢᠭᠤᠯᠪᠠ᠃
 
ᠢᠷᠡᠯᠲᠡ᠄ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号