ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ︽ᠶᠠᠷᠢᠶᠠᠨ ᠤ ᠳᠠᠪᠴᠠᠩ︾᠎ ᠢ ᠡᠷᠬᠢᠯᠡᠵᠤ ᠳᠤᠰᠢᠶᠠᠯ ᠡᠬᠦᠷᠭᠡ ᠪᠠᠨ ᠬᠦᠢᠴᠡᠳᠭᠡᠬᠦ ᠤᠬᠠᠮᠰᠠᠷ ᠢ ᠴᠢᠩᠭᠠᠷᠠᠭᠤᠯᠵᠤ ᠠᠵᠢᠯ ᠤᠨ ᠴᠢᠳᠠᠪᠦᠷᠢ ᠪᠠᠨ ᠳᠡᠭᠡᠭᠰᠢᠯᠡᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2017/6/28
   5 ᠰᠠᠷ᠎ᠠ ᠶᠢᠨ 5᠎ ᠤ ᠡᠳᠦᠷ ᠤᠨ ᠦᠳᠡ ᠶᠢᠨ ᠡᠮᠦᠨ᠎ᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠎ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠳᠤᠪᠴᠢᠶ᠎ᠠ ᠠᠴᠠ ᠨᠠᠮ ᠵᠠᠰᠠᠭ ᠤᠨ ᠨᠢᠬᠡᠳᠦᠭᠡᠷ ᠨᠤᠮᠧᠷᠲᠦ ᠠᠰᠠᠷ ᠤᠨ ᠳᠦᠷᠪᠡᠳᠦᠭᠡᠷ ᠳᠠᠪᠬᠤᠷᠯᠢᠭ ᠤᠨ ᠬᠤᠷᠠᠯ ᠤᠨ ᠭᠡᠷ ᠲᠤ ᠪᠦᠬᠦ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠳᠤᠬᠠᠶᠢᠯᠠᠭᠰᠠᠨ ᠠᠵᠢᠯ ᠤᠨ ᠮᠡᠳᠡᠯᠭᠡ ᠶᠢᠨ ︽ᠶᠠᠷᠢᠶᠠᠨ ᠤ ᠳᠠᠪᠴᠠᠩ︾᠎ ᠢ ᠵᠤᠬᠢᠶᠠᠨ ᠪᠠᠶᠢᠭᠤᠯᠤᠨ ᠶᠠᠪᠤᠭᠳᠠᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ ᠰᠡᠴᠡᠨᠳᠦ᠋ᠬᠦᠷᠡᠩ ᠰᠤᠷᠤᠯᠴᠯᠠᠭ᠎ᠠ ᠶᠢᠨ ᠬᠤᠷᠠᠯ ᠢ ᠡᠷᠬᠢᠯᠡᠵᠤ᠂ ᠡᠯ᠎ᠡ ᠰᠤᠮᠤ ᠪᠠᠯᠭᠠᠰᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ᠂ ᠳᠡᠳ᠋ ᠱᠦᠵᠢ᠂ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠳᠤᠪᠴᠢᠶ᠎ᠠ ᠶᠢᠨ ᠪᠦᠬᠦ ᠺᠠᠳ᠋ᠷ ᠠᠵᠢᠯᠳᠠᠨ ᠵᠢᠴᠢ ᠡᠯ᠎ᠡ ᠳᠤᠮᠢᠯᠠᠨ ᠰᠠᠭᠤᠯᠭᠠᠭᠰᠠᠨ ᠰᠠᠬᠢᠯᠭ᠎ᠠ ᠪᠠᠳᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠰᠠᠬᠢᠯᠭ᠎ᠠ ᠪᠠᠳᠤ ᠪᠠᠶᠢᠴᠠᠭᠠᠬᠤ ᠳᠤᠰᠬᠠᠢ ᠠᠵᠢᠯᠯᠠᠭᠴᠢ ᠰᠤᠷᠤᠯᠴᠯᠠᠭ᠎ᠠ ᠶᠢᠨ ᠬᠤᠷᠠᠯ ᠳᠤ ᠤᠷᠤᠯᠴᠠᠪᠠ᠃    ᠬᠤᠷᠠᠯ ᠳᠤ᠂ ᠵᠢᠶᠠᠩᠰᠢ ᠮᠤᠵᠢ ᠶᠢᠨ ᠵᠢᠩ ᠭᠠᠩ ᠱᠠᠨ ᠳᠤ ᠡᠷᠬᠢᠯᠡᠭᠰᠡᠨ ᠪᠦᠬᠦ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠵᠤᠬᠢᠶᠠᠨ ᠪᠠᠶᠢᠭᠤᠯᠤᠯᠳᠠ ᠶᠢᠨ ᠳᠤᠬᠠᠶᠢᠯᠠᠭᠰᠠᠨ ᠠᠵᠢᠯ ᠤᠨ ᠪᠤᠯᠪᠠᠰᠤᠷᠠᠭᠤᠯᠤᠯ ᠎ ᠤᠨ ᠠᠩᠬᠢ ᠳᠤ ᠤᠷᠤᠯᠴᠠᠭᠠᠳ ᠢᠷᠡᠭᠰᠡᠨ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠶᠠᠨ ᠹᠧᠩ ᠠᠴᠠ ︽ᠵᠤᠷᠢᠭ ᠰᠠᠨᠠᠭ᠎ᠠ ᠶᠢ ᠤᠶᠢᠯᠠᠭᠠᠵᠤ᠂ ᠨᠠᠷᠢᠨ ᠬᠢᠨᠠᠮᠠᠭᠠᠢ ᠰᠤᠳᠤᠯᠤᠯᠳᠠ ᠬᠢᠵᠤ᠂ ᠳᠦᠷᠭᠡᠭᠡᠨ ᠨᠠᠶᠢᠳᠠᠪᠦᠷᠢᠵᠢᠭᠤᠯᠬᠤ︾᠎ ᠪᠠᠷ ᠭᠤᠤᠯ ᠰᠡᠳᠦᠪ ᠪᠤᠯᠭᠠᠵᠤ᠂ ᠪᠤᠯᠪᠠᠰᠤᠷᠠᠭᠤᠯᠤᠯ ᠎ ᠳᠤ ᠤᠷᠤᠯᠴᠠᠭᠰᠠᠨ ᠳᠦᠷᠦᠭᠳᠡᠯ᠂ ᠰᠤᠷᠤᠯᠴᠯᠠᠭ᠎ᠠ᠂ ᠤᠯᠤᠯᠳᠠ ᠪᠠᠨ ᠬᠤᠷᠠᠯ ᠳᠤ ᠤᠷᠤᠯᠴᠠᠭᠰᠠᠳ ᠲᠠᠢ ᠬᠠᠷᠢᠯᠴᠠᠨ ᠰᠤᠯᠢᠯᠴᠠᠵᠤ᠂ ᠮᠡᠳᠡᠯᠭᠡ ᠶᠢ ᠳᠠᠮᠵᠢᠭᠤᠯᠬᠤ ᠶᠢᠨ ᠳᠠᠭᠠᠤ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠲᠢᠩᠬᠢᠮ ᠤᠨ ᠳᠠᠷᠤᠭ᠎ᠠ ᠸᠠᠩ ᠶᠤᠸᠠᠢ ᠱᠧᠩ ᠨᠦᠬᠦᠷ᠂ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠮᠠ ᠶᠢᠨ ᠵᠤ᠋ ᠨᠦᠬᠦᠷ ᠤᠨ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ ᠳᠠᠮᠵᠢᠭᠤᠯᠪᠠ᠃    ᠰᠤᠷᠤᠯᠴᠠᠯᠭ᠎ᠠ ᠶᠢᠨ ᠬᠤᠷᠠᠯ ᠳᠤ᠂ ᠬᠤᠰᠢᠭᠤᠨ ᠤ ᠨᠠᠮ ᠤᠨ ᠰᠤᠷᠭᠠᠭᠤᠯᠢ  ᠎ ᠶᠢᠨ ᠴᠢᠭᠡᠴᠢ ᠪᠠᠭᠰᠢ ᠶᠢ ᠤᠷᠢᠵᠤ ᠂ ᠦᠷᠭᠡᠨ ᠤᠯᠠᠨ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠲᠤ ᠬᠢᠴᠢᠶᠡᠯ ᠤᠷᠤᠭᠤᠯᠪᠠ᠃ ᠴᠢᠭᠡᠴᠢ ᠪᠠᠭᠰᠢ ᠠᠴᠠ ︽ᠳᠤᠮᠳᠠᠳᠤ ᠤᠯᠤᠰ ᠤᠨ ᠡᠪ ᠬᠠᠮᠳᠦ ᠨᠠᠮ ᠤᠨ ᠰᠠᠬᠢᠯᠭ᠎ᠠ ᠪᠠᠳᠤ ᠶᠢᠨ ᠰᠢᠳᠭᠡᠯ ᠦᠭᠬᠦ ᠳᠦᠷᠢᠮ︾᠂ ︽ᠳᠤᠮᠳᠠᠳᠤ ᠤᠯᠤᠰ ᠤᠨ ᠡᠪ ᠬᠠᠮᠳᠦ ᠨᠠᠮ ᠤᠨ ᠠᠷᠢᠭᠤᠨ ᠴᠢᠭᠡᠴᠢ ᠪᠠᠷ ᠪᠡᠶ᠎ᠡ ᠪᠠᠨ ᠪᠠᠷᠢᠬᠤ ᠪᠠᠷᠢᠮᠵᠢᠶ᠎ᠠ︾᠎ ᠶᠢᠨ ᠭᠤᠤᠯ ᠠᠭᠤᠯᠭ᠎ᠠ ᠶᠢᠨ ᠳᠤᠭᠤᠷᠢᠨ ᠳᠤ᠂ ᠪᠤᠳᠠᠳᠠᠢ ᠭᠡᠷᠡᠭ ᠶᠠᠪᠤᠳᠠᠯ ᠤᠨ ᠵᠢᠱᠢᠶ᠎ᠡ ᠲᠠᠢ ᠤᠶᠠᠯᠳᠤᠭᠤᠯᠵᠤ᠂ ︽︿ᠪᠠᠷᠢᠮᠵᠢᠶ᠎ᠠ︾᠎ ᠶᠢ ᠵᠢᠷᠤᠮᠯᠠᠨ᠂ ︿ᠳᠦᠷᠢᠮ﹀᠎ ᠢ ᠴᠡᠭᠡᠵᠢᠯᠡᠵᠤ᠂ ᠰᠠᠬᠢᠯᠭ᠎ᠠ ᠪᠠᠳᠤ ᠶᠢ ᠰᠠᠬᠢᠬᠤ︾᠎ ᠪᠠᠷ ᠭᠤᠤᠯ ᠰᠡᠳᠦᠪ ᠪᠤᠯᠭᠠᠨ᠂ ᠬᠤᠷᠠᠯ ᠳᠤ ᠤᠷᠤᠯᠴᠠᠭᠰᠠᠳ ᠲᠤ ᠠᠮᠢᠳᠤᠯᠢᠭ ᠪᠤᠳᠠᠳᠠᠢ ᠪᠠᠷ ᠳᠠᠶᠢᠯᠪᠦᠷᠢᠯᠠᠪᠠ᠃ ︽ᠶᠠᠷᠢᠶᠠᠨ ᠤ ᠳᠠᠪᠴᠠᠩ︾᠎ ᠨᠢ ᠰᠤᠷᠤᠯᠴᠠᠨ ᠬᠦᠷᠴᠦ ᠢᠷᠡᠭᠰᠡᠨ ᠰᠤᠷᠤᠯᠴᠠᠯᠭ᠎ᠠ ᠰᠤᠯᠢᠯᠴᠠᠭ᠎ᠠ ᠪᠠᠷ ᠮᠡᠳᠡᠯᠭᠡ ᠶᠢ ᠳᠠᠮᠵᠢᠭᠤᠯᠵᠤ᠂ ︽ᠪᠠᠷᠢᠮᠵᠢᠶ᠎ᠠ︾᠂ ︽ᠳᠦᠷᠢᠮ︾᠎ ᠢ ᠬᠦᠨᠵᠡᠬᠡᠢ ᠰᠤᠷᠤᠯᠴᠠᠬᠤ ᠪᠠᠷ ᠤᠬᠠᠮᠰᠠᠷ ᠢ ᠬᠦᠮᠦᠵᠢᠬᠦᠯᠬᠦ ᠶᠢ ᠴᠢᠩᠭᠠᠷᠠᠭᠤᠯᠪᠠ ᠃ ᠳᠤᠰ ᠤᠳᠠᠭᠠᠨ ᠤ ᠰᠤᠷᠤᠯᠴᠠᠯᠭ᠎ᠠ ᠪᠠᠷ ᠳᠠᠮᠵᠢᠨ᠂ ᠪᠦᠬᠦ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠢ ᠬᠦᠳᠦᠯᠦᠨ ᠵᠢᠯᠤᠭᠤᠳᠴᠦ ᠬᠦᠰᠡᠯᠡᠩ ᠤᠨ ᠢᠳᠡᠭᠡᠯ ᠵᠤᠷᠢᠭ ᠢ ᠨᠢ ᠤᠯᠠᠮ ᠨᠢᠬᠡ ᠠᠯᠬᠤᠮ ᠴᠢᠩᠳᠠᠯᠠᠵᠤ᠂ ᠤᠨᠤᠯ ᠢᠶᠠᠷ ᠵᠡᠪᠰᠡᠭᠯᠡᠬᠦ ᠶᠢ ᠴᠢᠩᠭᠠᠷᠠᠭᠤᠯᠵᠤ᠂ ᠪᠦᠬᠦ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠳᠤᠬᠠᠶᠢᠯᠠᠭᠰᠠᠨ ᠠᠵᠢᠯ ᠤᠨ ᠪᠦᠬᠦᠶᠢᠯᠡ ᠴᠤᠭᠴᠠ ᠶᠢᠨ ᠠᠵᠢᠯ ᠤᠨ ᠴᠢᠳᠠᠪᠦᠷᠢ ᠶᠢ ᠦᠨᠡᠨᠬᠦ ᠳᠡᠭᠡᠭᠰᠢᠯᠡᠬᠦᠯᠪᠡ᠃  
 
ᠢᠷᠡᠯᠲᠡ᠄ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号