ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷᠴᠣᠳ ᠦᠪᠦᠷ ᠮᠤᠩᠭᠤᠯ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠰᠠᠬᠢᠯᠭ᠎ᠠ ᠪᠠᠳᠤ ᠶᠠᠪᠤᠭᠳᠠᠭᠤᠯᠬᠤ ᠶᠢ ᠬᠢᠨᠠᠨ ᠪᠠᠶᠢᠴᠠᠭᠠᠬᠤ ᠳᠤᠬᠠᠶᠢᠯᠠᠭᠰᠠᠨ ᠠᠵᠢᠯ ᠤᠨ ᠪᠤᠯᠪᠠᠰᠤᠷᠠᠭᠤᠯᠤᠯ ᠤᠨ ᠠᠩᠬᠢ ᠳᠤ ᠤᠷᠤᠯᠴᠠᠪᠠ
ᠨᠡᠶᠢᠲᠡᠯᠡᠭᠰᠡᠨ ᠴᠠᠭ᠄
2017/6/28
   6 ᠡᠳᠦᠷ ᠤᠨ ᠬᠤᠭᠤᠴᠠᠭ᠎ᠠ ᠲᠠᠢ ᠦᠪᠦᠷ ᠮᠤᠩᠭᠤᠯ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠰᠠᠬᠢᠯᠭ᠎ᠠ ᠪᠠᠳᠤ ᠶᠠᠪᠤᠭᠳᠠᠭᠤᠯᠬᠤ ᠶᠢ ᠬᠢᠨᠠᠨ ᠪᠠᠶᠢᠴᠠᠭᠠᠬᠤ ᠳᠤᠬᠠᠶᠢᠯᠠᠭᠰᠠᠨ ᠠᠵᠢᠯ ᠤᠨ ᠭᠤᠷᠪᠠᠳᠤᠭᠠᠷ ᠬᠤᠭᠤᠴᠠᠭ᠎ᠠ ᠎ ᠤ ᠪᠤᠯᠪᠠᠰᠤᠷᠠᠭᠤᠯᠤᠯ ᠤᠨ ᠠᠩᠬᠢ ᠶᠢ ᠬᠢᠩᠭᠠᠨ ᠠᠶᠢᠮᠠᠭ ᠲᠤ ᠶᠠᠪᠤᠭᠳᠠᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠬᠢᠯᠭ᠎ᠠ ᠪᠠᠳᠤ ᠬᠢᠨᠠᠨ ᠪᠠᠶᠢᠴᠠᠭᠠᠬᠤ ᠰᠢᠰᠲ᠋ᠧᠮ ᠤᠨ 31 ᠨᠡᠷᠡᠰ ᠺᠠᠳ᠋ᠷ ᠪᠤᠯᠪᠠᠰᠤᠷᠠᠭᠤᠯᠤᠯ ᠤᠨ ᠠᠩᠬᠢ ᠳᠤ ᠤᠷᠤᠯᠴᠠᠪᠠ᠃ ᠪᠤᠯᠪᠠᠰᠤᠷᠠᠭᠤᠯᠤᠯ ᠤᠨ ᠠᠩᠬᠢ ᠶᠢ ᠡᠬᠢᠯᠡᠬᠦᠯᠬᠦ ᠶᠤᠰᠤᠯᠠᠯ ᠳᠤ᠂ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠬᠡᠰᠢᠬᠦᠨ᠂ ᠵᠤᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠮᠠ ᠶᠢᠨ ᠵᠤ᠋ ᠰᠠᠭᠠᠳᠠᠵᠤ ᠴᠢᠬᠤᠯᠠ ᠶᠠᠷᠢᠶ᠎ᠠ ᠬᠢᠵᠤ᠂ ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ ᠸᠠᠩ ᠵᠢᠶᠦ᠋ᠨ ᠦᠬᠡ ᠬᠡᠯᠡᠪᠡ᠃    ᠮᠠ ᠶᠢᠨ ᠵᠤ᠋ ᠬᠡᠯᠳᠡᠰ ᠤᠨ ᠳᠠᠷᠤᠭ᠎ᠠ ᠠᠴᠠ ᠵᠢᠭᠠᠭᠰᠠᠨ ᠨᠢ᠂ ᠤᠯᠤᠰ ᠳᠦᠷᠦ ᠶᠢ ᠡᠷᠬᠢᠮᠯᠡᠬᠦ ᠦᠷᠳᠦᠷᠴᠡ ᠠᠴᠠ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠭᠤᠤᠯ ᠴᠢᠮᠦᠬᠡ ᠶᠢᠨ ᠴᠢᠬᠤᠯᠠ ᠤᠳᠬ᠎ᠠ ᠰᠠᠨᠠᠭ᠎ᠠ ᠶᠢ ᠵᠦᠪ ᠤᠨᠤᠪᠴᠢᠳᠠᠢ ᠡᠵᠡᠮᠳᠡᠵᠤ᠂ ︽ᠶᠠᠭᠤᠨ ᠤ ᠳᠦᠯᠦᠬᠡ ᠰᠤᠷᠤᠯᠴᠠᠬᠤ︾ ᠠᠰᠠᠭᠤᠳᠠᠯ ᠢ ᠰᠠᠶᠢᠳᠦᠷ ᠰᠢᠢᠳᠪᠦᠷᠢᠯᠡᠬᠦ ᠭᠡᠷᠡᠭᠲᠡᠢ᠃ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ︽ᠳᠠᠪᠤ ᠰᠢᠯᠭᠠᠷᠠᠬᠤ︾ ᠱᠠᠭᠠᠷᠳᠠᠯᠭ᠎ᠠ ᠶᠢ ᠨᠠᠷᠢᠨ ᠬᠢᠨᠠᠮᠠᠭᠠᠢ ᠳᠤᠤᠱᠯᠠᠭᠤᠯᠵᠤ᠂ ︽ᠶᠠᠭᠤ ᠶᠢ ᠰᠤᠷᠬᠤ︾ ᠠᠰᠠᠭᠤᠳᠠᠯ ᠢ ᠰᠠᠶᠢᠳᠦᠷ ᠰᠢᠢᠳᠪᠦᠷᠢᠯᠡᠬᠦ ᠭᠡᠷᠡᠭᠲᠡᠢ᠃ ᠰᠢᠨᠵᠢᠯᠡᠬᠦ ᠤᠬᠠᠭᠠᠨᠴᠢ ᠪᠠᠷ ᠰᠤᠷᠤᠯᠴᠠᠨ ᠦᠢᠯᠡᠳᠦᠯᠬᠡᠵᠢᠬᠦᠯᠵᠤ᠂ ᠰᠤᠷᠤᠯᠴᠠᠯᠭ᠎ᠠ ᠶᠢᠨ ᠠᠮᠢᠳᠤᠷᠠᠯᠵᠢᠬᠤ ᠶᠢ ᠪᠡᠶᠡᠯᠡᠬᠦᠯᠵᠤ᠂ ᠰᠠᠶᠢᠨ ᠰᠠᠶᠢᠬᠠᠨ ᠳᠠᠳᠬᠠᠯ ᠢ ᠬᠦᠮᠦᠵᠢᠬᠦᠯᠵᠤ᠂ ᠵᠤᠷᠢᠭᠳᠠᠢ ᠪᠠᠷ ᠡᠬᠦᠷᠭᠡᠯᠡᠬᠦ ᠵᠤᠷᠢᠭ ᠰᠠᠨᠠᠭ᠎ᠠ ᠪᠠᠨ ᠳᠡᠭᠡᠭᠰᠢᠯᠡᠬᠦᠯᠵᠤ᠂ ᠰᠤᠷᠤᠯᠴᠯᠠᠭ᠎ᠠ ᠶᠢᠨ ᠴᠢᠨᠠᠷ ᠢ ᠦᠪᠡᠷ ᠢ ᠪᠠᠨ ᠪᠤᠯᠭᠠᠵᠤ᠂ ᠨᠢᠬᠡ ᠨᠡᠷᠡᠰ ᠨᠠᠮ ᠳᠤ ᠢᠳᠡᠭᠡᠯ ᠲᠠᠢ᠂ ᠠᠷᠠᠳ ᠲᠦᠮᠡᠨ ᠢᠳᠡᠭᠡᠬᠦ ᠰᠢᠨ᠎ᠡ ᠴᠠᠭ ᠦᠶ᠎ᠡ ᠶᠢᠨ ᠰᠠᠬᠢᠯᠭ᠎ᠠ ᠪᠠᠳᠤ ᠪᠠᠶᠢᠴᠠᠭᠠᠬᠤ ᠳᠠᠭᠤᠷᠢᠶᠠᠯ ᠪᠤᠯᠬᠤ ᠭᠡᠷᠡᠭᠲᠡᠢ ᠭᠡᠵᠡᠢ᠃    ᠸᠠᠩ ᠵᠢᠶᠦ᠋ᠨ ᠱᠦᠵᠢ ᠶᠠᠷᠢᠶᠠᠨ ᠳᠤ ᠪᠠᠨ ᠵᠢᠭᠠᠭᠰᠠᠨ ᠨᠢ᠂ ᠰᠤᠷᠤᠯᠴᠠᠯᠭ᠎ᠠ ᠪᠤᠯᠪᠠᠰᠤᠷᠠᠭᠤᠯᠤᠯ ᠳᠤ ︽ᠤᠯᠤᠰ ᠳᠦᠷᠦ ᠶᠢ ᠡᠷᠬᠢᠮᠯᠡᠵᠤ᠂ ᠰᠠᠬᠢᠯᠭ᠎ᠠ ᠪᠠᠳᠤ ᠶᠢ ᠵᠢᠷᠤᠮᠯᠠᠵᠤ᠂ ᠶᠡᠭᠡ ᠳᠠᠯ᠎ᠠ ᠶᠢ ᠠᠩᠬᠠᠷᠴᠦ᠂ ᠬᠦᠭᠵᠢᠯᠲᠡ ᠶᠢ ᠠᠬᠢᠭᠤᠯᠬᠤ︾  ᠎ ᠲᠠᠢ ᠤᠶᠠᠯᠳᠤᠭᠤᠯᠵᠤ᠂ ᠪᠤᠯᠪᠠᠰᠤᠷᠠᠭᠤᠯᠤᠯ ᠳᠤ ᠤᠷᠤᠯᠴᠠᠭᠰᠠᠳ ᠠᠴᠠ ᠤᠯᠤᠰ ᠳᠦᠷᠦ ᠶᠢᠨ ᠵᠤᠭᠰᠤᠯᠳᠠ ᠪᠠᠨ ᠦᠨᠡᠨᠬᠦ ᠳᠡᠭᠡᠭᠰᠢᠯᠡᠬᠦᠯᠵᠤ᠂ ︽ᠳᠦᠷᠪᠡᠨ ᠤᠬᠠᠮᠰᠠᠷ︾᠎ ᠢ ᠪᠠᠳᠤ ᠪᠠᠬᠢ ᠪᠤᠢ ᠪᠤᠯᠭᠠᠵᠤ᠂ ᠪᠠᠳᠤᠳᠠᠢ ᠰᠤᠷᠤᠯᠴᠠᠨ ᠪᠤᠯᠪᠠᠰᠤᠷᠠᠬᠤ ᠶᠢᠨ ᠳᠠᠭᠠᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠣᠨ ᠤ ᠠᠵᠢᠯᠯᠠᠭᠠᠨ ᠤ ᠱᠠᠭᠠᠷᠳᠠᠯᠭ᠎ᠠ ᠲᠠᠢ ᠴᠢᠩᠭ᠎ᠠ ᠬᠠᠷᠭᠤᠭᠤᠯᠤᠯ ᠬᠢᠵᠤ᠂ ᠰᠤᠷᠤᠯᠴᠠᠨ ᠤᠶᠢᠯᠠᠭᠠᠵᠤ ᠦᠢᠯᠡᠳᠦᠯᠬᠡᠵᠢᠬᠦᠯᠦᠨ᠂ ᠰᠤᠷᠤᠯᠴᠠᠯᠭ᠎ᠠ ᠠᠵᠢᠯ ᠤᠨ ᠦᠷ᠎ᠡ ᠪᠦᠲᠦᠮᠵᠢ ᠪᠠ ᠶᠠᠰᠦ ᠴᠢᠨᠠᠷ ᠢ ᠦᠨᠡᠨᠬᠦ ᠳᠡᠭᠡᠭᠰᠢᠯᠡᠬᠦᠯᠬᠦ ᠭᠡᠷᠡᠭᠲᠡᠢ᠃ ᠬᠢᠨᠠᠯᠳᠠ ᠳᠠᠯᠪᠢᠵᠤ ᠰᠠᠬᠢᠯᠭ᠎ᠠ ᠪᠠᠳᠤ ᠶᠢ ᠶᠠᠪᠤᠭᠳᠠᠭᠤᠯᠬᠤ ᠠᠵᠢᠯ ᠤᠨ ᠳᠦᠷᠢᠮ ᠵᠡᠷᠭᠡ ᠨᠠᠮ ᠤᠨ ᠳᠤᠳᠤᠭᠠᠲᠦ ᠶᠢᠨ ᠬᠠᠤᠯᠢ ᠴᠠᠭᠠᠵᠠ ᠳᠦᠷᠢᠮ ᠳᠤᠭᠳᠠᠭᠠᠯ ᠢ ᠳᠤᠤᠱᠯᠠᠭᠤᠯᠤᠨ ᠶᠠᠪᠤᠭᠳᠠᠭᠤᠯᠬᠤ ᠲᠠᠢ ᠨᠢᠬᠳᠠ ᠤᠶᠠᠯᠳᠤᠭᠤᠯᠵᠤ᠂ ᠪᠤᠳᠠᠳᠠᠢ ᠠᠵᠢᠯ ᠳᠤᠮᠳᠠ ᠪᠠᠨ ᠡᠵᠮᠳᠡᠨ ᠭᠡᠷᠡᠭᠯᠡᠵᠤ᠂ ᠦᠪᠡᠷ ᠤᠨ ᠪᠡᠶ᠎ᠡ ᠪᠠᠨ ᠨᠢᠬᠡᠨ ᠤᠯᠤᠰ ᠳᠦᠷᠦ ᠳᠡᠭᠡᠷ᠎ᠡ ᠬᠢᠷᠢ ᠳᠡᠩᠴᠡᠭᠰᠡᠨ᠂ ᠰᠠᠬᠢᠯᠭ᠎ᠠ ᠪᠠᠳᠤ ᠴᠢᠩᠭ᠎ᠠ᠂ ᠳᠤᠬᠠᠶᠢᠯᠠᠭᠰᠠᠨ ᠠᠵᠢᠯ ᠰᠢᠯᠭᠠᠷᠠᠭᠰᠠᠨ᠂ ᠤᠪᠤᠷ ᠰᠤᠷᠳᠠᠯ ᠤᠬᠢ ᠰᠢᠯᠢᠳᠡᠭ᠂ ᠤᠯᠠᠨ ᠲᠦᠮᠡᠨ ᠬᠠᠨᠤᠮᠵᠢ ᠲᠠᠢ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠪᠤᠯᠭᠠᠬᠤ ᠭᠡᠷᠡᠭᠲᠡᠢ ᠭᠡᠵᠡᠢ᠃    ᠳᠤᠰ ᠤᠳᠠᠭᠠᠨ ᠤ ᠪᠤᠯᠪᠠᠰᠤᠷᠠᠭᠤᠯᠤᠯ ᠳᠤ ᠬᠠᠮᠢᠶ᠎ᠠ ᠪᠦᠬᠦᠢ ᠬᠢᠴᠢᠶᠡᠯ ᠤᠨ ᠠᠭᠤᠯᠭ᠎ᠠ ᠶᠢ ᠳᠤᠬᠢᠷᠠᠭᠤᠯᠵᠤ᠂ ᠳᠦᠷᠦ ᠶᠢᠨ ᠪᠤᠳᠤᠯᠭ᠎ᠠ ᠬᠠᠤᠯᠢ ᠳᠦᠷᠢᠮ ᠳᠤᠭᠳᠠᠭᠠᠯ ᠤᠨ ᠳᠠᠶᠢᠯᠤᠮᠵᠢ ᠪᠠᠶᠢᠨ᠎ᠠ᠃ ᠵᠢᠱᠢᠶᠡᠯᠡᠪᠡᠯ᠂ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠨᠠᠮ ᠤᠨ ᠰᠤᠷᠳᠠᠯ ᠵᠠᠰᠠᠭ ᠤᠨ ᠰᠤᠷᠳᠠᠯ ᠤᠨ ᠬᠢᠨᠠᠯᠳᠠ ᠳᠠᠯᠪᠢᠬᠤ ᠳᠠᠰᠤᠭ ᠤᠨ ᠵᠠᠩ ᠶᠥᠩ ᠱᠧᠩ ᠡᠷᠬᠢᠯᠡᠭᠴᠢ ᠠᠴᠠ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠰᠤᠷᠳᠠᠯ ᠤᠨ ᠪᠠᠶᠢᠭᠤᠯᠤᠯᠳᠠ ᠶᠢᠨ ᠶᠠᠪᠤᠴᠠ᠂ ᠤᠶᠢᠷ᠎ᠠ ᠶᠢᠨ ᠬᠤᠭᠤᠴᠠᠭᠠᠨ ᠤ ᠪᠠᠶᠢᠴᠠᠭᠠᠨ ᠰᠢᠳᠭᠡᠭᠰᠡᠨ ᠨᠠᠮ ᠤᠨ ᠳᠦᠪ ᠬᠤᠷᠢᠶᠠᠨ ᠤ ᠨᠠᠢᠮᠠᠨ ᠳᠤᠭᠳᠠᠭᠠᠯ ᠢ ᠵᠦᠷᠢᠴᠡᠭᠰᠡᠨ ᠪᠠᠶᠢᠳᠠᠯ᠂ ︽ᠳᠦᠷᠪᠡᠨ ᠰᠤᠷᠳᠠᠯ︾᠎ ᠤᠨ ᠠᠰᠠᠭᠤᠳᠠᠯ ᠤᠨ ᠬᠠᠨᠳᠤᠰᠢ᠂ ᠰᠢᠨ᠎ᠡ ᠢᠯᠡᠷᠡᠯ ᠵᠢᠴᠢ ︽ᠳᠦᠷᠪᠡᠨ ᠰᠤᠷᠳᠠᠯ︾᠎ ᠤᠨ ᠠᠰᠠᠭᠤᠳᠠᠯ ᠳᠤ ᠬᠠᠨᠳᠤᠭᠤᠯᠤᠭᠰᠠᠨ ᠰᠠᠨᠠᠭᠤᠯᠭ᠎ᠠ᠂ ᠳᠦᠪ ᠬᠤᠷᠢᠶᠠᠨ ᠤ ᠨᠠᠢᠮᠠᠨ ᠵᠦᠢᠯ ᠤᠨ ᠳᠤᠭᠳᠠᠭᠠᠯ ᠢ ᠨᠠᠶᠢᠳᠠᠪᠦᠷᠢᠵᠢᠭᠤᠯᠬᠤ᠂ ᠳᠦᠷᠪᠡᠨ ᠰᠤᠷᠳᠠᠯ ᠤᠨ ᠠᠰᠠᠭᠤᠳᠠᠯ ᠡᠬᠦᠰᠬᠦ ᠶᠢ ᠬᠤᠷᠢᠭᠯᠠᠬᠤ ᠵᠡᠷᠭᠡ ᠪᠠᠶᠢᠨ᠎ᠠ᠃ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠭᠡᠷᠡᠭ ᠶᠠᠪᠤᠳᠠᠯ ᠤᠨ ᠬᠢᠨᠠᠨ ᠬᠠᠮᠢᠶᠠᠷᠤᠯᠳᠠ ᠶᠢᠨ ᠳᠠᠰᠤᠭ ᠤᠨ ᠡᠷᠬᠢᠯᠡᠭᠴᠢ ᠸᠠᠩ ᠯᠢᠶᠠᠩ ᠱᠠᠨ ᠡᠷᠬᠢᠯᠡᠭᠴᠢ ᠠᠴᠠ ᠬᠤᠶᠠᠷ ᠪᠠᠷᠢᠮᠵᠢᠶ᠎ᠠ ᠭᠤᠷᠪᠠᠨ ᠳᠦᠷᠢᠮ ᠪᠠ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠳᠦᠷᠢᠮ ᠢᠶᠠᠷ ᠳᠠᠮᠵᠢᠨ ︽ᠳᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠎ ᠤᠨ ᠳᠤᠳᠤᠭᠠᠲᠦ ᠶᠢᠨ ᠬᠢᠨᠠᠯᠳᠠ ᠳᠠᠯᠪᠢᠬᠤ ᠳᠦᠷᠢᠮ︾᠎ ᠢ ᠳᠠᠶᠢᠯᠪᠦᠷᠢᠯᠠᠵᠤ᠂ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠬᠦᠨ᠂ ᠶᠤᠸᠠᠨ ᠷᠦᠢ ᠱᠧᠩ ᠠᠴᠠ ᠬᠢᠨᠠᠯᠳᠠ ᠳᠠᠯᠪᠢᠬᠤ ᠰᠠᠬᠢᠯᠭ᠎ᠠ ᠪᠠᠳᠤ ᠶᠢ ᠶᠠᠪᠤᠭᠳᠠᠭᠤᠯᠬᠤ ᠠᠵᠢᠯ ᠤᠨ ᠠᠬᠤᠢ ᠪᠠᠶᠢᠳᠠᠯ᠂ ᠤᠨᠴᠠᠯᠢᠭ ᠪᠠ ᠬᠢᠨᠠᠯᠳᠠ ᠳᠠᠯᠪᠢᠵᠤ ᠰᠠᠬᠢᠯᠭ᠎ᠠ ᠪᠠᠳᠤ ᠶᠢ ᠶᠠᠪᠤᠭᠳᠠᠭᠤᠯᠬᠤ ᠭᠤᠤᠯ ᠠᠭᠤᠯᠭ᠎ᠠ ᠪᠠᠷ ︽ᠳᠤᠮᠳᠠᠳᠤ ᠤᠯᠤᠰ ᠤᠨ ᠡᠪ ᠬᠠᠮᠳᠤ ᠨᠠᠮ ᠤᠨ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠶᠢᠨ ᠬᠢᠨᠠᠯᠳᠠ ᠳᠠᠯᠪᠢᠵᠤ ᠰᠠᠬᠢᠯᠭ᠎ᠠ ᠪᠠᠳᠤ ᠶᠢ ᠶᠠᠪᠤᠭᠳᠠᠭᠤᠯᠬᠤ ᠠᠵᠢᠯ ᠤᠨ ᠳᠦᠷᠢᠮ︾᠎ ᠢ ᠬᠦᠨᠵᠡᠬᠡᠢ ᠳᠠᠶᠢᠯᠪᠦᠷᠢᠯᠠᠨ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠤᠭᠤᠷᠢᠨ ᠪᠠᠶᠢᠴᠠᠭᠠᠬᠤ ᠨᠢᠬᠡᠳᠦᠭᠡᠷ ᠳᠤᠭᠤᠶᠢᠯᠠᠩ ᠤᠨ ᠵᠢᠶᠠᠩ ᠵᠢᠶᠠᠨ ᠭᠥᠸᠧ ᠳᠤᠭᠤᠶᠢᠯᠠᠩ ᠤᠨ ᠳᠠᠷᠤᠭ᠎ᠠ ᠠᠴᠠ ︽ᠬᠤᠶᠠᠷ ᠳᠦᠷᠢᠮ ᠨᠢᠬᠡ ᠪᠠᠷᠢᠮᠵᠢᠶ᠎ᠠ︾᠎ ᠪᠠᠷ ᠳᠠᠶᠢᠯᠪᠦᠷᠢᠯᠠᠯᠳᠠ ᠬᠢᠪᠡ᠃ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠳᠠ ᠶᠢᠨ ᠳᠡᠭᠡᠲᠦ ᠰᠤᠷᠭᠠᠭᠤᠯᠢ ᠶᠢᠨ ᠵᠣᠣ ᠬᠠᠢ ᠳ᠋ᠦᠩ ᠎ ᠠᠴᠠ ᠬᠠᠩᠭᠠᠯᠭ᠎ᠠ ᠶᠢᠨ ᠳᠠᠯ᠎ᠠ ᠶᠢᠨ ᠪᠦᠲᠦᠴᠡ ᠶᠢᠨ ᠴᠢᠨᠠᠷ ᠲᠠᠢ ᠦᠭᠡᠷᠡᠴᠢᠯᠡᠯᠲᠡ ᠶᠢᠨ ᠳᠤᠤᠷᠠᠬᠢ ᠦᠪᠦᠷ ᠮᠤᠩᠭᠤᠯ ᠎ ᠤᠨ ᠠᠵᠤ ᠠᠬᠤᠢ ᠶᠢᠨ ᠠᠵᠢᠯᠯᠠᠭᠠᠨ ᠢ ᠳᠠᠶᠢᠯᠪᠦᠷᠢᠯᠠᠪᠠ᠃ ᠰᠠᠬᠢᠯᠭ᠎ᠠ ᠪᠠᠳᠤ ᠬᠢᠨᠠᠨ ᠪᠠᠶᠢᠴᠠᠭᠠᠬᠤ ᠳᠤᠬᠠᠶᠢᠯᠠᠭᠰᠠᠨ ᠠᠵᠢᠯ ᠤᠨ ᠬᠠᠪᠰᠤᠷᠤᠨ ᠤᠳᠤᠷᠢᠳᠤᠭᠴᠢ᠂ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠭᠡᠷᠡᠭ ᠶᠠᠪᠤᠳᠠᠯ ᠢ ᠬᠢᠨᠠᠨ ᠰᠢᠬᠦᠬᠦ ᠳᠠᠰᠤᠭ ᠤᠨ ᠸᠠᠩ ᠴᠢᠩ ᠵᠤ᠋ ᠡᠷᠬᠢᠯᠡᠭᠴᠢ ᠠᠴᠠ ᠰᠠᠬᠢᠯᠭ᠎ᠠ ᠪᠠᠳᠤ ᠬᠢᠨᠠᠨ ᠪᠠᠶᠢᠴᠠᠭᠠᠬᠤ ᠬᠠᠮᠢᠶ᠎ᠠ ᠪᠦᠬᠦᠢ ᠳᠤᠭᠳᠠᠭᠠᠯ ᠵᠢᠴᠢ ᠤᠷᠤᠰᠢᠵᠤ ᠪᠠᠶᠢᠭ᠎ᠠ ᠭᠤᠤᠯ ᠠᠰᠠᠭᠤᠳᠠᠯ ᠢ ᠳᠠᠶᠢᠯᠪᠦᠷᠢᠯᠠᠪᠠ ᠃ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠭᠡᠷᠡᠭ ᠶᠠᠪᠤᠳᠠᠯ ᠤᠨ ᠬᠢᠨᠠᠨ ᠬᠠᠮᠢᠶᠠᠷᠤᠯᠳᠠ ᠶᠢᠨ ᠳᠠᠰᠤᠭ ᠤᠨ ᠺᠠᠩ ᠰᠢᠤᠸᠠᠢ ᠳ᠋ᠦᠩ ᠡᠷᠬᠢᠯᠡᠭᠴᠢ ᠠᠴᠠ ᠬᠢᠨᠠᠯᠳᠠ ᠳᠠᠯᠪᠢᠵᠤ ᠰᠠᠬᠢᠯᠭ᠎ᠠ ᠪᠠᠳᠤ ᠶᠢ ᠶᠠᠪᠤᠭᠳᠠᠭᠤᠯᠬᠤ ᠠᠵᠢᠯ ᠤᠨ ᠳᠦᠷᠢᠮ᠂ ᠰᠦᠪᠡᠭᠴᠢ ᠶᠢ ᠰᠢᠳᠭᠡᠬᠦ ᠬᠢᠭᠡᠳ ᠬᠢᠨᠠᠨ ᠪᠠᠶᠢᠴᠠᠭᠠᠬᠤ ᠶᠠᠪᠤᠴᠠ ᠶᠢ ᠳᠠᠶᠢᠯᠪᠦᠷᠢᠯᠠᠪᠠ᠃ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠵᠠᠬᠢᠳᠠᠯ ᠰᠤᠷᠪᠤᠯᠵᠢᠯᠠᠯ ᠤᠨ ᠳᠠᠰᠤᠭ ᠤᠨ ᠵᠠᠩ ᠲᠤᠤ ᠡᠷᠬᠢᠯᠡᠭᠴᠢ ᠠᠴᠠ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠵᠠᠬᠢᠳᠠᠯ ᠰᠤᠷᠪᠤᠯᠵᠢᠯᠠᠯ ᠢᠯᠡᠴᠢᠯᠡᠨ ᠮᠡᠳᠡᠬᠦᠯᠬᠦ ᠠᠵᠢᠯ ᠢ ᠰᠠᠶᠢᠳᠦᠷ ᠬᠢᠬᠦ ᠳᠤᠬᠠᠢ ᠳᠠᠶᠢᠯᠪᠦᠷᠢᠯᠠᠵᠤ᠂ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠳᠠᠪᠤᠳᠤᠭᠠᠷ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠳᠠᠰᠤ ᠤᠨ ᠴᠧᠩ ᠭᠤᠸᠠᠩ ᠵᠢᠶᠦ᠋ᠨ ᠠᠴᠠ ᠰᠠᠬᠢᠯᠭ᠎ᠠ ᠪᠠᠳᠤ ᠶᠢ ᠶᠠᠪᠤᠭᠳᠠᠭᠤᠯᠬᠤ ᠬᠢᠨᠠᠨ ᠪᠠᠶᠢᠴᠠᠭᠠᠬᠤ ᠠᠵᠢᠯ ᠢ ᠪᠤᠳᠠᠳᠠᠶᠢᠯᠠᠨ ᠬᠢᠬᠦ ᠬᠢᠭᠡᠳ ᠶᠠᠷᠢᠯᠴᠠᠬᠤ ᠠᠷᠭ᠎ᠠ ᠪᠤᠳᠤᠯᠭ᠎ᠠ ᠶᠢ ᠳᠠᠶᠢᠯᠪᠦᠷᠢᠯᠠᠵᠤ᠂ ᠠᠶᠢᠮᠠᠭ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠭᠡᠷᠡᠭ ᠶᠠᠪᠤᠳᠠᠯ ᠢ ᠬᠢᠨᠠᠨ ᠰᠢᠬᠦᠬᠦ ᠳᠠᠰᠤᠭ ᠤᠨ ᠡᠷᠬᠢᠯᠡᠭᠴᠢ ᠯᠢᠦ ᠮᠢᠩ ᠠᠴᠠ ᠰᠠᠬᠢᠯᠭ᠎ᠠ ᠪᠠᠳᠤ ᠶᠠᠪᠤᠭᠳᠠᠭᠤᠯᠬᠤ ᠶᠢ ᠬᠢᠨᠠᠨ ᠪᠠᠶᠢᠴᠠᠭᠠᠬᠤ ᠠᠵᠢᠯ ᠢ ᠬᠡᠷᠬᠢᠨ ᠰᠠᠶᠢᠳᠦᠷ ᠬᠢᠬᠦ ᠳᠤᠬᠠᠢ ᠰᠠᠨᠠᠯ ᠢ ᠬᠠᠩᠭᠠᠵᠤ᠂ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠤᠨ ᠼᠦᠢ ᠵᠧᠨ ᠡᠤ ᠬᠡᠯᠳᠡᠰ ᠤᠨ ᠳᠠᠷᠤᠭ᠎ᠠ ᠠᠴᠠ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭ᠎ᠠ ᠪᠠᠷ ᠠᠨᠢᠰᠤ ᠪᠤᠯᠭᠠᠨ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠬᠦᠷᠭᠡ ᠪᠠᠨ ᠬᠦᠢᠴᠡᠳᠭᠡᠬᠦ ᠴᠢᠳᠠᠪᠦᠷᠢ ᠶᠢ ᠳᠡᠭᠡᠭᠰᠢᠯᠡᠬᠦᠯᠬᠦ ᠳᠤᠬᠠᠢ ᠳᠠᠶᠢᠯᠪᠦᠷᠢᠯᠠᠯᠳᠠ ᠬᠢᠪᠡ᠃ ᠪᠠᠰᠠ ᠬᠠᠮᠢᠶ᠎ᠠ ᠪᠦᠬᠦᠢ ᠠᠵᠢᠯ ᠤᠨ ᠠᠷᠭ᠎ᠠ ᠳᠡᠮ ᠪᠤᠢ᠂ ᠵᠢᠱᠢᠶᠡᠯᠡᠪᠡᠯ᠂ ᠦᠪᠡᠷᠲᠡᠭᠡᠨ ᠵᠠᠰᠠᠬᠤ ᠤᠷᠤᠨ ᠤ ᠳᠤᠭᠤᠷᠢᠨ ᠪᠠᠶᠢᠴᠠᠭᠠᠬᠤ ᠠᠵᠢᠯ ᠤᠨ ᠤᠳᠤᠷᠢᠳᠤᠬᠤ ᠳᠤᠭᠤᠶᠢᠯᠠᠩ ᠤᠨ ᠢᠦᠢ ᠱᠦ ᠵᠢᠶᠧ ᠭᠠᠵᠠᠷ ᠤᠨ ᠳᠠᠷᠤᠭ᠎ᠠ  ᠎ ᠠᠴᠠ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠶᠢᠨ ᠰᠠᠬᠢᠯᠭ᠎ᠠ ᠪᠠᠳᠤ ᠶᠢ ᠶᠠᠪᠤᠭᠳᠠᠭᠤᠯᠬᠤ ᠬᠢᠨᠠᠨ ᠪᠠᠶᠢᠴᠠᠭᠠᠬᠤ ᠶᠠᠪᠤᠴᠠ ᠪᠠ ᠠᠯᠪᠠᠨ ᠪᠢᠴᠢᠭ ᠢ ᠨᠠᠶᠢᠷᠠᠭᠤᠯᠬᠤ ᠵᠡᠷᠭᠡ ᠶᠢ ᠳᠠᠶᠢᠯᠪᠦᠷᠢᠯᠠᠪᠠ᠃ᠳᠤᠰ ᠤᠳᠠᠭᠠᠨ ᠤ ᠪᠤᠯᠪᠠᠰᠤᠷᠠᠭᠤᠯᠤᠯ ᠬᠢᠴᠢᠶᠡᠯ ᠤᠷᠤᠬᠤ ᠪᠠᠷ ᠭᠤᠤᠯ ᠪᠤᠯᠭᠠᠵᠤ᠂ ᠶᠠᠷᠢᠯᠴᠠᠨ ᠰᠤᠯᠢᠯᠴᠠᠬᠤ ᠪᠠᠷ ᠳᠡᠳ᠋ᠯᠡᠵᠤ᠂ ᠰᠠᠭᠤᠳᠠᠯ ᠤᠨ ᠬᠤᠷᠠᠯ ᠬᠢᠵᠤ ᠶᠠᠷᠢᠯᠴᠠᠨ ᠰᠤᠳᠤᠯᠤᠭᠰᠠᠨ ᠨᠢ ᠳᠤᠰ ᠪᠦᠷᠢ 5 ᠳ᠋ᠤᠭᠠᠷ ᠰᠠᠷ᠎ᠠ ᠶᠢᠨ 11 ᠎ ᠤ ᠤᠷᠤᠢ ᠳᠤ᠂ ᠰᠠᠬᠢᠯᠭ᠎ᠠ ᠪᠠᠳᠤ ᠪᠠᠶᠢᠴᠠᠭᠠᠬᠤ ᠺᠠᠳ᠋ᠷ ᠠᠴᠠ ᠬᠢᠨᠠᠯᠳᠠ ᠳᠠᠯᠪᠢᠵᠤ ᠰᠠᠬᠢᠯᠭ᠎ᠠ ᠪᠠᠳᠤ ᠶᠢ ᠶᠠᠪᠤᠭᠳᠠᠭᠤᠯᠬᠤ ︽ᠳᠦᠷᠪᠡᠨ ᠵᠦᠢᠯ ᠤᠨ ᠳᠦᠷᠢ ᠳᠦᠷᠰᠦ︾᠎ ᠶᠢ ᠬᠡᠷᠬᠢᠨ ᠵᠦᠪ ᠤᠨᠤᠪᠴᠢᠳᠠᠢ ᠭᠡᠷᠡᠭᠯᠡᠬᠦ ᠵᠢᠴᠢ ᠬᠢᠨᠠᠯᠳᠠ ᠳᠠᠯᠪᠢᠵᠤ ᠰᠠᠬᠢᠯᠭ᠎ᠠ ᠪᠠᠳᠤ ᠶᠢ ᠶᠠᠪᠤᠭᠳᠠᠭᠤᠯᠬᠤ᠂ ᠬᠠᠷᠢᠭᠤᠴᠠᠯᠭ᠎ᠠ ᠨᠡᠬᠡᠮᠵᠢᠯᠡᠬᠦ ᠬᠠᠷᠢᠭᠤᠴᠯᠠᠭ᠎ᠠ ᠶᠢ ᠬᠡᠷᠬᠢᠨ ᠨᠡᠩ ᠰᠠᠶᠢᠨ ᠬᠦᠢᠴᠡᠳᠭᠡᠬᠦ ᠳᠤᠬᠠᠢ ᠶᠠᠷᠢᠯᠴᠠᠵᠤ᠂ 5 ᠳ᠋ᠤᠭᠠᠷ ᠰᠠᠷ᠎ᠠ ᠶᠢᠨ 12᠎ ᠤ ᠡᠳᠦᠷ ᠤᠨ ᠤᠷᠤᠢ ᠳᠤ᠂ ᠨᠠᠮᠲᠦ ᠴᠢᠨᠠᠷ ᠤᠨ ᠦᠨᠡᠯᠡᠯᠲᠡ ᠶᠢᠨ ᠬᠤᠷᠠᠯ ᠢ ᠬᠤᠶᠠᠷ ᠤᠳᠠᠭ᠎ᠠ ᠬᠤᠷᠠᠯᠳᠤᠭᠤᠯᠵᠤ᠂ ᠬᠤᠷᠠᠯ ᠳᠤ ᠤᠷᠤᠯᠴᠠᠭᠰᠠᠳ ᠎ ᠠᠴᠠ ᠢᠳᠡᠪᠬᠢᠯᠡᠨ ᠦᠬᠡ ᠶᠠᠷᠢᠵᠤ᠂ ᠤᠯᠠᠨ ᠢᠶᠠᠷ ᠢᠶᠠᠨ ᠳᠠᠨᠢᠯᠳᠠ ᠳᠦᠷᠦᠭᠳᠡᠯ ᠢᠶᠠᠨ ᠶᠠᠷᠢᠵᠤ ᠰᠤᠯᠢᠯᠴᠠᠨ᠂ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠪᠠ᠃    ︽ᠴᠦᠨ ᠰᠢᠶᠠᠩ︾᠂ ︽ᠳᠡᠮᠦᠷ ᠳᠠᠪᠳᠠᠬᠤ ᠳᠤ ᠦᠪᠡᠷ ᠤᠨ ᠪᠡᠶ᠎ᠡ ᠬᠠᠳᠠᠭᠤ ᠪᠠᠶᠢᠬᠤ ᠭᠡᠷᠡᠭᠲᠡᠢ︾  ᠵᠡᠷᠭᠡ ᠺᠢᠨᠣ᠋ ᠶᠢ ᠦᠵᠡᠵᠤ᠂ ᠨᠠᠮ ᠳᠤ ᠤᠷᠤᠬᠤ ᠳᠠᠩᠭᠠᠷᠢᠭ ᠤᠨ ᠦᠬᠡ ᠶᠢ ᠳᠠᠬᠢᠨ ᠴᠡᠭᠡᠵᠢᠯᠡᠬᠦ ᠵᠡᠷᠭᠡ ᠬᠡᠯᠪᠡᠷᠢ ᠪᠠᠷ ᠬᠤᠷᠠᠯ ᠎ ᠳᠤ ᠤᠷᠤᠯᠴᠠᠭᠰᠠᠳ ᠤᠨ ᠬᠦᠰᠡᠯᠡᠩ ᠤᠨ ᠢᠳᠡᠭᠡᠯ ᠵᠤᠷᠢᠭ ᠢ ᠴᠢᠩᠳᠠᠯᠠᠵᠤ᠂ ᠤᠯᠤᠰ ᠳᠦᠷᠦ ᠶᠢᠨ ᠰᠠᠬᠢᠯᠭ᠎ᠠ ᠪᠠᠳᠤ ᠎ ᠶᠢ ᠴᠢᠩᠭ᠎ᠠ ᠳᠤᠳᠤᠷᠬᠠᠢ ᠪᠤᠯᠭᠠᠨ᠂ ᠬᠡᠵᠢᠶᠡᠳᠡ ᠡᠪ ᠬᠠᠮᠳᠤ ᠨᠠᠮ ᠤᠨ ᠬᠡᠰᠢᠬᠦᠨ ᠤ ᠤᠯᠤᠰ ᠳᠦᠷᠦ ᠶᠢᠨ ᠮᠦᠨ ᠴᠢᠨᠠᠷ ᠢ ᠪᠠᠶᠢᠯᠭᠠᠵᠤ ᠪᠠᠶᠢᠨ᠎ᠠ᠃    ᠳᠤᠰ ᠤᠳᠠᠭᠠᠨ ᠤ ᠪᠤᠯᠪᠠᠰᠤᠷᠠᠭᠤᠯᠤᠯ ᠳᠤ ᠡᠯ᠎ᠡ ᠤᠳᠤᠷᠢᠳᠤᠯᠭ᠎ᠠ ᠪᠠ ᠳᠤᠰᠬᠠᠢ ᠮᠡᠷᠭᠡᠵᠢᠯᠳᠡᠨ ᠠᠴᠠ ᠰᠠᠬᠢᠯᠭ᠎ᠠ ᠪᠠᠳᠤ ᠪᠠ ᠶᠤᠰᠤ ᠵᠢᠷᠦᠮ ᠢ ᠡᠮᠦᠨ᠎ᠡ ᠪᠠᠨ ᠳᠠᠯᠪᠢᠬᠤ ᠲᠠᠢ ᠨᠢᠬᠳᠠ ᠤᠶᠠᠯᠳᠤᠭᠤᠯᠵᠤ᠂ ᠬᠢᠨᠠᠯᠳᠠ ᠳᠠᠯᠪᠢᠵᠤ ᠰᠠᠬᠢᠯᠭ᠎ᠠ ᠪᠠᠳᠤ ᠶᠢ ᠶᠠᠪᠤᠭᠳᠠᠭᠤᠯᠬᠤ ︽ᠳᠦᠷᠪᠡᠨ ᠵᠦᠢᠯ ᠤᠨ ᠳᠦᠷᠢ ᠳᠦᠷᠰᠦ︾᠎ ᠶᠢ ᠡᠵᠡᠮᠰᠢᠨ ᠭᠡᠷᠡᠭᠯᠡᠬᠦ ᠰᠢᠨ᠎ᠡ ᠱᠠᠭᠠᠷᠳᠠᠯᠭ᠎ᠠ ᠪᠠᠷ᠂ ᠰᠠᠬᠢᠯᠭ᠎ᠠ ᠪᠠᠳᠤ ᠶᠢ ᠶᠠᠪᠤᠭᠳᠠᠭᠤᠯᠬᠤ ᠬᠢᠨᠠᠨ ᠪᠠᠶᠢᠴᠠᠭᠠᠬᠤ ᠠᠵᠢᠯ ᠤᠨ ᠰᠢᠨ᠎ᠡ ᠱᠠᠭᠠᠷᠳᠠᠯᠭ᠎ᠠ᠂ ᠠᠷᠭ᠎ᠠ ᠪᠤᠳᠤᠯᠭ᠎ᠠ ᠤᠷ᠎ᠠ ᠳᠡᠮ᠂ ᠠᠵᠢᠯ ᠤᠨ ᠶᠠᠪᠤᠴᠠ᠂ ᠶᠠᠷᠢᠯᠴᠠᠬᠤ ᠪᠠᠶᠢᠴᠠᠭᠠᠯᠳᠠ ᠬᠢᠬᠦ ᠠᠷᠭ᠎ᠠ ᠪᠤᠳᠤᠯᠭ᠎ᠠ ᠵᠡᠷᠭᠡ ᠠᠭᠤᠯᠭ᠎ᠠ ᠶᠢᠨ ᠳᠤᠭᠤᠷᠢᠨ ᠳᠤ᠂ ᠠᠮᠢᠳᠦ ᠳᠦᠷᠰᠦᠯᠢᠭ ᠭᠡᠷᠡᠭ ᠤᠨ ᠵᠢᠱᠢᠶ᠎ᠡ ᠪᠠ ᠨᠠᠷᠢᠨ ᠪᠤᠳᠠᠳᠠᠢ ᠳᠠᠶᠢᠯᠪᠦᠷᠢᠯᠠᠯᠳᠠ ᠎ ᠪᠠᠷ ᠳᠠᠮᠵᠢᠨ᠂ ᠪᠤᠯᠪᠠᠰᠤᠷᠠᠭᠤᠯᠤᠯ ᠳᠤ ᠤᠷᠤᠯᠴᠠᠭᠰᠠᠳ ᠢ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠎ ᠤᠨ ᠬᠢᠨᠠᠯᠳᠠ ᠳᠠᠯᠪᠢᠬᠤ ᠠᠵᠢᠯ ᠳᠤ ᠨᠡᠩ ᠬᠦᠨᠵᠡᠬᠡᠢ ᠤᠶᠢᠯᠠᠭᠠᠯᠳᠠ ᠲᠠᠢ ᠪᠤᠯᠭᠠᠪᠠ᠃    ᠪᠤᠯᠪᠠᠰᠤᠷᠠᠭᠤᠯᠤᠯ ᠳᠤ ᠤᠷᠤᠯᠴᠠᠭᠰᠠᠨ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷᠴᠤᠳ ᠠᠴᠠ᠂ ᠳᠤᠰ ᠤᠳᠠᠭᠠᠨ ᠤ ᠪᠤᠯᠪᠠᠰᠤᠷᠠᠭᠤᠯᠤᠯ ᠤᠨ ᠠᠭᠤᠯᠭ᠎ᠠ ᠪᠠᠶᠠᠯᠢᠭ᠂ ᠨᠡᠯᠢᠶᠡᠳ ᠴᠢᠩᠭ᠎ᠠ ᠬᠠᠨᠳᠤᠯᠭᠠᠲᠦ ᠴᠢᠨᠠᠷ ᠪᠠ ᠭᠡᠷᠡᠭᠴᠡᠭᠡᠲᠦ ᠲᠠᠢ ᠪᠠᠶᠢᠵᠤ᠂ ᠦᠪᠡᠷ ᠤᠨ ᠣᠯᠤᠯᠳᠠ ᠶᠡᠭᠡ ᠪᠠᠶᠢᠵᠤ᠂ ᠤᠳᠤᠬᠠᠨ ᠤ ᠰᠠᠬᠢᠯᠭ᠎ᠠ ᠪᠠᠳᠤ ᠶᠢ ᠶᠠᠪᠤᠭᠳᠠᠭᠤᠯᠬᠤ ᠬᠢᠨᠠᠯᠳᠠ ᠳᠠᠯᠪᠢᠬᠤ ᠠᠵᠢᠯ ᠤᠨ ᠰᠡᠳᠬᠢᠴᠡ᠂ ᠦᠨᠳᠦᠰᠦᠨ ᠶᠠᠪᠤᠴᠠ ᠪᠠ ᠳᠦᠷᠢᠮᠵᠢᠯ ᠤᠨ ᠱᠠᠭᠠᠷᠳᠠᠯᠭ᠎ᠠ ᠶᠢ ᠨᠡᠩ ᠰᠠᠶᠢᠨ ᠵᠦᠪ ᠤᠨᠤᠪᠴᠢᠳᠠᠢ ᠳᠠᠨᠢᠭᠰᠠᠨ ᠢᠶᠠᠷ ᠪᠠᠷᠠᠬᠤ ᠦᠬᠡᠢ᠂ ᠨᠡᠩ ᠴᠢᠬᠤᠯᠠ ᠨᠢ ᠤᠳᠤᠷᠢᠳᠤᠯᠭ᠎ᠠ ᠪᠠ ᠳᠤᠰᠬᠠᠢ ᠮᠡᠷᠭᠡᠵᠢᠯᠳᠡᠨ ᠤ ᠡᠷᠬᠢᠮ ᠨᠠᠨᠳᠢᠨ ᠠᠵᠢᠯ ᠤᠨ ᠳᠤᠷᠰᠢᠯᠭ᠎ᠠ ᠪᠠ ᠠᠷᠭ᠎ᠠ ᠤᠬᠠᠭᠠᠨ ᠢ ᠰᠤᠷᠤᠯᠴᠠᠵᠤ᠂ ᠬᠤᠶᠢᠰᠢᠳᠠ ᠶᠢᠨ ᠦᠪᠡᠷ ᠤᠨ ᠢᠶᠠᠨ ᠠᠵᠢᠯ ᠤᠨ ᠴᠢᠳᠠᠪᠦᠷᠢ ᠪᠠᠨ ᠳᠡᠭᠡᠭᠰᠢᠯᠡᠬᠦᠯᠬᠦ ᠳᠤ ᠳᠤᠷᠰᠢᠯᠭ᠎ᠠ ᠪᠠ ᠯᠠᠪᠯᠠᠯᠳᠠ ᠶᠢ ᠬᠠᠩᠭᠠᠪᠠ ᠭᠡᠵᠡᠢ᠃    ᠴᠢᠭᠡᠴᠢ ᠵᠠᠰᠠᠭ ᠤᠨ ᠶᠠᠪᠤᠳᠠᠯ ᠢ ᠰᠦᠪᠡᠭᠴᠢᠯᠡᠵᠤ᠂ ᠬᠠᠳᠠᠨ ᠵᠤᠷᠢᠭ ᠳᠦᠪ ᠴᠢᠭᠡᠴᠢ ᠶᠢ ᠬᠦᠮᠦᠵᠢᠬᠦᠯᠦᠨ᠎ᠡ᠃ ᠴᠢᠭᠡᠴᠢ ᠵᠠᠰᠠᠭ ᠤᠨ ᠬᠦᠮᠦᠵᠢᠯ ᠶᠠᠷᠢᠵᠤ ᠰᠤᠷᠭᠠᠬᠤ ᠳᠤ ᠳᠦᠰᠢᠭᠯᠡᠵᠤ ᠪᠤᠯᠬᠤ ᠦᠬᠡᠢ᠂ ᠡᠷᠭᠡᠪᠰᠢ ᠠᠷᠭ᠎ᠠ ᠪᠦᠬᠦᠮ ᠢ ᠰᠦᠪᠡᠭᠴᠢᠯᠡᠵᠤ ᠳᠠᠳᠠᠬᠤ ᠬᠦᠴᠦᠨ᠂ ᠨᠦᠯᠦᠬᠡᠯᠡᠬᠦ ᠬᠦᠴᠦᠨ᠂ ᠢᠳᠡᠭᠡᠭᠦᠯᠬᠦ ᠬᠦᠴᠦᠨ ᠢ ᠴᠢᠩᠭᠠᠷᠠᠭᠤᠯᠤᠨ᠎ᠠ᠃ ᠨᠢᠬᠡ ᠰᠠᠷ᠎ᠠ ᠶᠢᠨ ᠬᠤᠭᠤᠴᠠᠭ᠎ᠠ ᠶᠢᠨ ᠳᠡᠷᠢᠬᠦᠨ ᠤ ᠰᠤᠶᠤᠯ ᠢᠶᠠᠷ ᠠᠷᠢᠭᠤᠨ ᠴᠢᠭᠡᠴᠢ ᠶᠢ ᠬᠦᠮᠦᠵᠢᠬᠦᠯᠬᠦ ᠪᠠᠷ ᠳᠠᠮᠵᠢᠨ᠂ ᠴᠢᠭᠡᠴᠢ ᠵᠠᠰᠠᠭ ᠤᠨ ᠬᠦᠮᠦᠵᠢᠯ ᠤᠨ ᠦᠷ᠎ᠡ ᠪᠦᠲᠦᠭᠡᠯ ᠢ ᠶᠡᠬᠡᠪᠡᠷ ᠴᠢᠩᠭᠠᠷᠠᠭᠤᠯᠵᠤ᠂ ᠨᠠᠮ ᠤᠨ ᠬᠡᠰᠢᠬᠦᠨ ᠤᠳᠤᠷᠢᠳᠬᠤ ᠺᠠᠳ᠋ᠷ ᠤᠨ ᠵᠤᠷᠢᠯᠳᠠ ᠶᠢᠨ ᠤᠬᠠᠮᠰᠠᠷ᠂ ᠶᠤᠰᠤ ᠰᠤᠷᠳᠠᠬᠤᠨ ᠤ ᠤᠬᠠᠮᠰᠠᠷ᠂ ᠴᠢᠭᠡᠴᠢ ᠵᠠᠰᠠᠭ ᠤᠨ ᠤᠬᠠᠮᠰᠠᠷ᠂ ᠶᠡᠭᠡ ᠳᠠᠯ᠎ᠠ ᠶᠢᠨ ᠤᠬᠠᠮᠰᠠᠷ᠂ ᠬᠠᠤᠯᠢᠵᠢᠯ ᠤᠨ ᠤᠬᠠᠮᠰᠠᠷ ᠪᠠ ᠦᠢᠯᠡᠴᠢᠯᠡᠬᠡᠨ ᠤ ᠤᠬᠠᠮᠰᠠᠷ ᠢ ᠳᠡᠭᠡᠭᠰᠢᠯᠡᠬᠦᠯᠵᠤ᠂ ᠠᠷᠢᠭᠤᠨ ᠴᠡᠪᠡᠷ ᠶᠠᠪᠤᠳᠠᠯ ᠡᠷᠬᠢᠯᠡᠬᠦ ᠤᠷᠴᠢᠨ ᠳᠤᠭᠤᠷᠢᠨ ᠢ ᠪᠤᠢ ᠪᠤᠯᠭᠠᠵᠤ᠂ ᠬᠦᠭᠵᠢᠯᠲᠡ ᠳᠤ ᠨᠡᠩ ᠰᠠᠶᠢᠨ ᠢᠶᠠᠷ ᠦᠢᠯᠡᠴᠢᠯᠡᠬᠦ ᠡᠷᠡᠰ ᠴᠢᠩᠭ᠎ᠠ ᠪᠠᠳᠤᠯᠠᠭ᠎ᠠ ᠶᠢ ᠬᠠᠩᠭᠠᠪᠠ᠃
 
ᠢᠷᠡᠯᠲᠡ᠄ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号