ᠨᠡᠶᠢᠭᠡᠮ ᠤᠨ ᠳᠠᠭᠠᠳᠬᠠᠯ ᠳᠤ ᠤᠷᠤᠬᠰᠠᠨ ᠡᠪᠡᠳᠴᠢᠲᠡᠨ ᠤ ᠲᠤᠰ ᠪᠡᠶ᠎ᠡ ᠶᠢᠨ ᠠᠰᠢᠭ ᠲᠤᠰᠠ ᠶᠢ | ᠴᠢᠨᠠᠭᠰᠢᠳᠠ ᠪᠠᠲᠤᠯᠠᠵᠦ᠂ ᠨᠡᠶᠢᠭᠡᠮ ᠤᠨ ᠳᠠᠭᠠᠳᠬᠠᠯ ᠳᠤ ᠤᠷᠤᠬᠰᠠᠨ ᠡᠪᠡᠳᠴᠢᠲᠡᠨ ᠤ ᠠᠵᠦ ᠠᠬᠤᠢ ᠶᠢᠨ | ᠳᠠᠷᠤᠭᠠᠰᠦ ᠶᠢ ᠦᠨᠡᠨᠬᠦ ᠬᠦᠩᠭᠡᠷᠡᠬᠦᠯᠬᠦ ᠶᠢᠨ ᠲᠦᠯᠦᠭᠡ᠂ ᠤᠢᠢᠷ᠎ᠠ ᠳᠤ᠂ ᠦᠪᠡᠷᠲᠡᠭᠡᠨ ᠵᠠᠰᠠᠬᠤ ᠤᠷᠤᠨ ᠤ | ᠬᠦᠮᠦᠨ ᠤ ᠬᠦᠴᠦᠨ ᠤ ᠡᠬᠢ ᠪᠡᠶᠠᠯᠢᠭ ᠪᠤᠯᠤᠨ ᠨᠡᠶᠢᠭᠡᠮ ᠤᠨ ᠪᠠᠲᠤᠯᠠᠪᠤᠷᠢ ᠶᠢᠨ ᠲᠢᠩᠬᠢᠮ ᠤᠨ ᠵᠦᠪᠰᠢᠶᠠᠷᠠᠯ ᠢᠶᠠᠷ᠂ | ᠮᠡᠨᠡᠭ ᠡᠪᠡᠳᠴᠢᠨ ᠵᠡᠷᠭᠡ 15 ᠵᠦᠢᠯ ᠤᠨ ᠡᠪᠡᠳᠴᠢᠨ ᠢ ᠦᠪᠡᠷᠲᠡᠭᠡᠨ ᠵᠠᠰᠠᠬᠤ ᠤᠷᠤᠨ ᠤ ᠱᠠᠳᠣᠨ ᠤ ᠡᠬᠦᠳᠡᠨ | ᠡᠮᠨᠡᠯᠭᠡ ᠶᠢᠨ ᠤᠨᠴᠠ ᠤᠳᠠᠭᠠᠨ ᠴᠢᠨᠠᠷᠲᠠᠢ ᠡᠪᠡᠳᠴᠢᠨ ᠤ ᠬᠠᠮᠢᠶᠠᠷᠤᠯᠲᠠ ᠶᠢᠨ ᠬᠡᠪᠴᠢᠶᠡᠨ ᠳᠤ ᠤᠷᠤᠭᠤᠯᠪᠡ᠃ | ᠤᠳᠤ ᠪᠤᠯᠲᠠᠯ᠎ᠠ᠂ ᠮᠠᠨ ᠤ ᠣᠷᠣᠨ ᠨᠢᠬᠡᠨᠲᠡ 36 ᠵᠦᠢᠯ ᠤᠨ ᠡᠪᠡᠳᠴᠢᠨ ᠢ ᠦᠪᠡᠷᠲᠡᠭᠡᠨ ᠵᠠᠰᠠᠬᠤ ᠤᠷᠤᠨ ᠤ | ᠱᠠᠳᠣᠨ ᠤ ᠡᠬᠦᠳᠡᠨ ᠡᠮᠨᠡᠯᠭᠡ ᠶᠢᠨ ᠤᠨᠴᠠ ᠤᠳᠠᠭᠠᠨ ᠴᠢᠨᠠᠷᠲᠠᠢ ᠡᠪᠡᠳᠴᠢᠨ ᠤ ᠬᠠᠮᠢᠶᠠᠷᠤᠯᠲᠠ ᠶᠢᠨ ᠬᠡᠪᠴᠢᠶᠡᠨ ᠳᠤ | ᠣᠷᠣᠭᠤᠯᠣᠭᠰᠠᠨ ᠪᠠᠶᠢᠨ᠎ᠠ᠃ ᠡᠭᠦᠳᠡᠨ ᠡᠮᠨᠡᠯᠭᠡ ᠶᠢᠨ ᠤᠨᠴᠠ ᠤᠳᠠᠭᠠᠨ ᠴᠢᠨᠠᠷᠲᠠᠢ ᠡᠪᠡᠳᠴᠢᠨ ᠤ ᠬᠠᠮᠢᠶᠠᠷᠤᠯᠲᠠ | ᠭᠡᠳᠡᠭ ᠨᠢ ᠤᠷᠳᠦ ᠬᠤᠭᠤᠴᠠᠭ᠎ᠠ ᠪᠠᠷ ᠤᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠪᠣᠯᠪᠠᠴᠣ ᠡᠮᠨᠡᠯᠭᠡ ᠳᠤ | ᠰᠠᠭᠤᠵᠦ ᠡᠮᠨᠡᠬᠦᠯᠬᠦ ᠴᠢᠬᠤᠯᠠ ᠦᠬᠡᠢ ᠨᠡᠶᠢᠬᠡᠮ ᠤᠨ ᠳᠠᠭᠠᠳᠬᠠᠯ ᠳᠤ ᠤᠷᠤᠬᠰᠠᠨ ᠡᠪᠡᠳᠴᠢᠲᠠᠨ ᠳᠤ ᠬᠠᠩᠭᠠᠬᠤ | ᠡᠬᠦᠳᠡᠨ ᠡᠮᠨᠡᠯᠭᠡ ᠳᠤ ᠡᠮᠴᠢᠯᠡᠭᠡ ᠬᠢᠯᠭᠡᠬᠦ ᠨᠢᠬᠡ ᠵᠦᠢᠯ ᠤᠨ ᠡᠮ ᠡᠮᠨᠡᠯᠭᠡ ᠶᠢᠨ ᠪᠠᠲᠤᠯᠠᠪᠤᠷᠢ ᠶᠢᠨ ᠠᠷᠭ᠎ᠠ ᠬᠡᠮᠵᠢᠶ᠎ᠡ | ᠪᠤᠯᠤᠨ᠎ᠠ᠃ ᠤᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠨᠡᠶᠢᠬᠡᠮ ᠤᠨ ᠳᠠᠭᠠᠳᠬᠠᠯ ᠳᠤ ᠤᠷᠤᠬᠰᠠᠨ | ᠬᠦᠮᠦᠨ ᠤ ᠲᠤᠭ᠎ᠠ ᠨᠡᠮᠡᠭᠳᠡᠬᠦ ᠪᠤᠯᠤᠨ ᠤᠳᠠᠭᠠᠨ ᠴᠢᠨᠠᠷᠲᠠᠢ ᠡᠪᠡᠳᠴᠢᠨ ᠤ ᠲᠦᠷᠦᠯ ᠵᠦᠢᠯ ᠤᠨ ᠤᠯᠠᠨ | ᠲᠦᠷᠦᠯᠵᠢᠬᠦ ᠶᠢ ᠳᠠᠭᠠᠯᠳᠤᠨ᠂ ᠨᠡᠶᠢᠭᠡᠮ ᠤᠨ ᠳᠠᠭᠠᠳᠬᠠᠯ ᠳᠤ ᠤᠷᠤᠬᠰᠠᠨ ᠡᠪᠡᠳᠴᠢᠲᠠᠨ ᠤ ᠰᠠᠨᠠᠯ ᠢ ᠦᠷᠭᠡᠨ ᠢᠶᠠᠷ | ᠰᠤᠨᠤᠰᠴᠦ᠂ ᠰᠠᠭᠤᠷᠢ ᠮᠦᠩᠬᠦᠨ ᠤ ᠡᠷᠬᠢᠯᠲᠡ ᠶᠢᠨ ᠪᠠᠶᠢᠳᠠᠯ ᠢ ᠰᠢᠨᠵᠢᠯᠡᠬᠦ ᠣᠬᠠᠭᠠᠨᠴᠢ ᠪᠠᠷ ᠵᠠᠳᠠᠯᠵᠣ ᠨᠤᠲᠠᠯᠠᠭᠰᠡᠨ | ᠰᠠᠭᠤᠷᠢᠨ ᠳᠡᠭᠡᠷ᠎ᠡ᠂ ᠦᠪᠡᠷᠲᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠤᠯᠤᠨ | ᠨᠡᠶᠢᠭᠡᠮ ᠤᠨ ᠪᠠᠲᠤᠯᠠᠪᠤᠷᠢ ᠶᠢᠨ ᠲᠢᠩᠬᠢᠮ ᠠᠴᠠ ᠵᠢᠷᠦᠭᠡ ᠰᠢᠯᠵᠢᠬᠦᠯᠬᠦ ᠮᠡᠰᠡ ᠵᠠᠰᠠᠯ᠂ ᠠᠭᠤᠰᠬᠢ ᠰᠢᠯᠵᠢᠬᠦᠯᠬᠦ ᠮᠡᠰᠡ | ᠵᠠᠰᠠᠯ᠂ ᠡᠯᠢᠭᠡ ᠰᠢᠯᠵᠢᠬᠦᠯᠬᠦ ᠮᠡᠰᠡ ᠵᠠᠰᠠᠯ᠂ ᠴᠢᠮᠦᠬᠡ ᠰᠢᠯᠵᠢᠬᠦᠯᠬᠦ ᠮᠡᠰᠡ ᠵᠠᠰᠠᠯ ᠤᠨ ᠳᠠᠷᠠᠭᠠᠬᠢ ᠪᠣᠰᠣᠳ | ᠬᠦᠮᠦᠨ ᠤ ᠡᠷᠬᠡᠳᠡᠨ ᠢ ᠭᠠᠳᠠᠭᠤᠷᠴᠢᠯᠠᠬᠤ ᠶᠢ ᠡᠰᠡᠷᠬᠦᠴᠡᠬᠦ ᠡᠮᠴᠢᠯᠡᠭᠡ ᠪᠤᠯᠤᠨ ᠮᠡᠨᠡᠭ ᠡᠪᠡᠳᠴᠢᠨ᠂ ᠵᠢᠷᠦᠬᠡᠨ | ᠡᠪᠡᠳᠴᠢᠨ ᠤ ᠬᠠᠪᠬᠠᠭ ᠪᠦᠷᠭᠦᠪᠴᠢ ᠰᠤᠯᠢᠬᠰᠠᠨ ᠮᠡᠰᠡ ᠵᠠᠰᠠᠯ ᠤᠨ ᠳᠠᠷᠠᠭᠠᠬᠢ ᠡᠮᠴᠢᠯᠡᠭᠡ᠂ ᠵᠢᠷᠦᠬᠡᠨ ᠤ ᠴᠤᠬᠢᠯᠲᠠ | ᠬᠡᠪ ᠤᠨ ᠪᠤᠰᠤ ᠠᠴᠠ ᠪᠤᠯᠤᠬᠰᠠᠨ ᠮᠡᠰᠡ ᠵᠠᠰᠠᠯ ᠤᠨ ᠳᠠᠷᠠᠭᠠᠬᠢ ᠡᠮᠴᠢᠯᠡᠭᠡ᠂ ᠲᠠᠷᠢᠬᠢ ᠴᠢᠰᠣᠨ ᠰᠤᠳᠠᠯ ᠤᠨ | ᠡᠪᠡᠳᠴᠢᠨ ᠠᠴᠠ ᠪᠤᠯᠤᠬᠰᠠᠨ ᠮᠡᠰᠡ ᠵᠠᠰᠠᠯ ᠤᠨ ᠳᠠᠷᠠᠭᠠᠬᠢ ᠡᠮᠴᠢᠯᠡᠭᠡ ᠵᠡᠷᠭᠡ 15 ᠵᠦᠢᠯ ᠤᠨ ᠡᠪᠡᠳᠴᠢᠨ ᠢ | ᠦᠪᠡᠷᠲᠡᠭᠡᠨ ᠵᠠᠰᠠᠬᠤ ᠤᠷᠤᠨ ᠤ ᠱᠠᠳᠣᠨ ᠤ ᠡᠬᠦᠳᠡᠨ ᠡᠮᠨᠡᠯᠭᠡ ᠶᠢᠨ ᠤᠨᠴᠠ ᠤᠳᠠᠭᠠᠨ ᠴᠢᠨᠠᠷᠲᠠᠢ ᠡᠪᠡᠳᠴᠢᠨ ᠤ | ᠬᠠᠮᠢᠶᠠᠷᠤᠯᠲᠠ ᠳᠤ ᠤᠷᠤᠭᠤᠯᠬᠤ ᠪᠠᠷ ᠳᠣᠭᠳᠠᠵᠠᠢ᠃ |