ᠬᠢᠯᠢ ᠠᠴᠠ ᠭᠠᠷᠴᠦ ᠵᠢᠭᠤᠯᠴᠢᠯᠠᠬᠤ ᠳᠤ ᠪᠠᠩᠬᠢ ᠶᠢᠨ ᠺᠠᠷᠲ ᠬᠤᠯᠠᠭᠤᠨ ᠵᠤᠷᠠᠬᠤ᠂ ᠨᠢᠰᠭᠡᠯ ᠤᠨ ᠡᠭᠡᠯᠵᠢ | ᠰᠠᠭᠠᠳᠠᠬᠤ᠂ ᠰᠠᠨᠠᠭᠠᠨ ᠳᠤ ᠦᠭᠡᠢ ᠭᠡᠮᠲᠦᠯ ᠳᠤ ᠤᠴᠠᠷᠠᠬᠤ ᠵᠡᠷᠭᠡ ᠶᠠᠪᠤᠳᠠᠯ ᠭᠠᠷᠴᠦ ᠮᠡᠳᠡᠨ᠎ᠡ᠃ ᠬᠡᠷᠬᠢᠨ | ᠲᠤᠬᠢᠷᠠᠮᠵᠢᠲᠠᠢ ᠲᠠᠭᠠᠳᠬᠠᠯ ᠰᠤᠩᠭᠤᠵᠤ᠂ ᠵᠢᠭᠤᠯᠴᠢᠯᠠᠯ ᠳᠠᠭᠠᠨ ᠠᠮᠤᠷ ᠲᠦᠪᠰᠢᠨ ᠤ ᠪᠠᠲᠤᠯᠠᠭ᠎ᠠ ᠬᠠᠨᠭ᠍ᠭᠠᠬᠤ ᠪᠤᠢ | ᠭᠡᠳᠡᠭ ᠨᠢ ᠴᠦᠭᠡᠨ ᠪᠤᠰᠤ ᠬᠦᠮᠦᠰ ᠤᠨ ᠵᠢᠭᠤᠯᠴᠢᠯᠠᠯ ᠳᠠᠭᠠᠨ ᠵᠠᠪᠠᠯ ᠪᠡᠯᠡᠳᠭᠡᠬᠦ ᠶᠤᠰᠤᠲᠠᠢ ᠵᠦᠢᠯ ᠪᠤᠯᠤᠭᠰᠠᠨ | ᠪᠠᠶᠢᠨ᠎ᠠ᠃ | ᠶᠠᠭᠤᠨ ᠤ ᠡᠮᠦᠨ᠎ᠡ ᠵᠢᠭᠤᠯᠴᠢᠯᠠᠯ ᠤᠨ ᠠᠮᠦᠷ ᠲᠦᠪᠰᠢᠨ ᠢ ᠪᠠᠲᠤᠯᠠᠬᠤ ᠳᠤ ᠬᠢᠯᠢ ᠶᠢᠨ ᠭᠠᠳᠠᠨᠠᠬᠢ | ᠵᠢᠭᠤᠯᠴᠢᠯᠠᠯ ᠤᠨ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠢ ᠰᠤᠩᠭᠤᠬᠤ ᠴᠢᠬᠤᠯᠠᠲᠠᠢ᠃ ᠡᠨᠡ ᠬᠦ | ᠲᠠᠭᠠᠳᠬᠠᠯ ᠤᠨ ᠲᠦᠷᠦᠯ ᠪᠤᠯ ᠤᠬᠤᠷ ᠬᠤᠭᠤᠴᠠᠭᠠᠨ ᠤ ᠭᠠᠭᠴᠠ ᠤᠳᠠᠭ᠎ᠠ ᠶᠢᠨ ᠵᠢᠭᠤᠯᠴᠢᠯᠠᠯ ᠤᠨ ᠲᠠᠭᠠᠳᠬᠠᠯ | ᠮᠦᠨ᠂ ᠠᠳᠠᠯᠢ ᠪᠤᠰᠤ ᠲᠠᠭᠠᠳᠬᠠᠯ ᠤᠨ ᠬᠤᠭᠤᠴᠠᠭ᠎ᠠ ᠰᠤᠩᠭᠤᠵᠤ ᠪᠤᠯᠤᠨ᠎ᠠ᠂ ᠵᠢᠭᠤᠯᠴᠢᠯᠠᠭᠴᠢ ᠤᠳᠠᠭ᠎ᠠ ᠪᠦᠷᠢ | ᠬᠢᠯᠢ ᠶᠢᠨ ᠭᠠᠳᠠᠨ᠎ᠠ ᠵᠢᠭᠤᠯᠴᠢᠯᠠᠬᠤ ᠠᠴᠠ ᠪᠠᠨ ᠡᠮᠦᠨ᠎ᠡ ᠲᠠᠭᠠᠳᠬᠠᠭᠤᠯᠬᠤ ᠬᠡᠷᠡᠭᠲᠠᠢ᠃ ᠡᠯ᠎ᠡ ᠺᠤᠮᠫᠠᠨᠢ ᠶᠢᠨ | ᠬᠡᠷᠡᠭᠵᠢᠬᠦᠯᠵᠤ ᠪᠠᠶᠢᠭ᠎ᠠ ᠲᠠᠭᠠᠳᠬᠠᠯ ᠤᠨ ᠲᠦᠷᠢᠮ ᠲᠤᠭᠲᠠᠭᠠᠯ ᠨᠢ ᠴᠦᠮ ᠠᠳᠠᠯᠢ ᠪᠤᠰᠤ ᠪᠠᠶᠢᠳᠠᠭ ᠪᠤᠯᠬᠤᠷ | ᠰᠤᠩᠭᠤᠬᠤ ᠳᠠᠭᠠᠨ ᠠᠳᠠᠯᠢ ᠪᠤᠰᠤ ᠤᠯᠤᠰ ᠪᠤᠯᠤᠨ ᠭᠠᠵᠠᠷ ᠤᠷᠤᠨ ᠤ ᠡᠮᠴᠢᠯᠡᠭᠡᠨ ᠤ ᠲᠠᠭᠠᠳᠬᠠᠯ ᠤᠨ ᠲᠠᠭᠠᠳᠬᠠᠬᠤ | ᠵᠤᠭᠤᠰᠤᠨ ᠲᠤᠭ᠎ᠠ ᠶᠢ ᠠᠩᠬᠠᠷᠬᠤ ᠬᠡᠷᠡᠭᠲᠠᠢ᠂ ᠤᠴᠢᠷ ᠨᠢ ᠵᠠᠷᠢᠮ ᠤᠯᠤᠰ ᠤᠨ ᠬᠢᠨ ᠭᠤᠶᠤᠴᠢᠯᠠᠭᠴᠢ ᠶᠢ ᠸᠢᠰᠠ | ᠬᠢᠯᠭᠡᠬᠦ ᠳᠡᠭᠡᠨ ᠲᠠᠭᠠᠳᠬᠠᠭᠤᠯᠤᠭᠰᠠᠨ ᠡᠮᠴᠢᠯᠡᠭᠡᠨ ᠤ ᠲᠠᠭᠠᠳᠬᠠᠯ ᠵᠡᠷᠭᠡ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠠᠢ | ᠭᠡᠵᠤ ᠱᠠᠭᠠᠷᠳᠠᠳᠠᠭ᠂ ᠲᠡᠷᠡ ᠮᠦᠷᠲᠡᠭᠡᠨ ᠲᠠᠭᠠᠳᠬᠠᠭᠤᠯᠬᠤ ᠲᠤᠭ᠎ᠠ ᠨᠢ ᠡᠬᠦᠰᠴᠦ ᠮᠡᠳᠡᠬᠦ ᠡᠮᠴᠢᠯᠡᠭᠡᠨ ᠤ | ᠵᠠᠷᠤᠳᠠᠯ ᠢ ᠡᠬᠦᠷᠭᠡᠯᠡᠵᠤ ᠲᠡᠶᠢᠯᠬᠦ ᠶᠢ ᠦᠨᠡᠨ ᠬᠦ ᠪᠠᠲᠤᠯᠠᠭᠰᠠᠨ ᠪᠠᠶᠢᠬᠤ ᠬᠡᠷᠡᠭᠲᠠᠢ᠂ ᠡᠩ ᠤᠨ ᠪᠠᠶᠢᠳᠠᠯ ᠳᠤ᠂ | ᠲᠠᠭᠠᠳᠬᠠᠬᠤ ᠵᠤᠭᠤᠰᠤᠨ ᠲᠤᠭ᠎ᠠ ᠨᠢ ᠠᠷᠠᠳ ᠤᠨ ᠵᠤᠭᠤᠰ ᠢᠶᠠᠷ 30 ᠰᠢᠬᠠᠮ ᠲᠦᠮᠡᠨ ᠲᠦᠬᠦᠷᠢᠭ ᠠᠴᠠ ᠲᠤᠤᠷ᠎ᠠ | ᠪᠠᠶᠢᠵᠤ ᠪᠤᠯᠬᠤ ᠦᠭᠡᠢ᠃ ᠬᠡᠷᠪᠡ ᠲᠠᠭᠠᠳᠬᠠᠯ ᠠᠪᠬᠤ ᠶᠢ ᠠᠯᠪᠠᠳᠠᠳᠠᠭ ᠦᠭᠡᠢ ᠤᠯᠤᠰ ᠲᠤ ᠤᠴᠢᠬᠤ ᠳᠤ ᠬᠦᠷᠪᠠᠯ᠂ | ᠵᠢᠭᠤᠯᠴᠢᠯᠠᠭᠴᠢ ᠰᠤᠩᠭᠤᠬᠤ ᠳᠠᠭᠠᠨ ᠵᠢᠭᠤᠯᠴᠢᠯᠠᠬᠤ ᠡᠳᠤᠷ ᠤᠨ ᠲᠤᠭ᠎ᠠ ᠪᠠ ᠵᠢᠭᠤᠯᠴᠢᠯᠠᠬᠤ ᠭᠠᠵᠠᠷᠤᠨ ᠢᠶᠠᠨ | ᠬᠡᠷᠡᠭᠯᠡᠭᠡᠨ ᠤ ᠬᠢᠷᠢ ᠲᠦᠪᠰᠢᠨ ᠵᠡᠷᠭᠡ ᠬᠦᠴᠦᠨ ᠵᠦᠢᠯ ᠢ ᠪᠤᠳᠤᠯᠬᠢᠯᠠᠵᠤ ᠪᠤᠯᠤᠨ᠎ᠠ᠂ ᠬᠡᠷᠡᠭᠯᠡᠭᠡᠨᠤ ᠬᠢᠷᠢ ᠲᠦᠪᠰᠢᠨ | ᠨᠢ ᠬᠡᠳᠤᠢ ᠦᠨᠳᠤᠷ ᠪᠤᠯ ᠲᠠᠭᠠᠳᠬᠠᠭᠤᠯᠬᠤ ᠵᠤᠭᠤᠰᠤᠨ ᠲᠤᠭ᠎ᠠ ᠪᠠᠨ ᠪᠠᠰᠠ ᠦᠨᠳᠤᠷ ᠰᠢᠭ ᠰᠤᠩᠭᠤᠬᠤ ᠬᠡᠷᠡᠭᠲᠠᠢ᠃ | ᠵᠢᠭᠤᠯᠴᠢᠯᠠᠬᠴᠢ ᠲᠠᠭᠠᠳᠬᠠᠯ ᠤᠨ ᠺᠤᠮᠫᠠᠨᠢ ᠶᠢᠨ ᠰᠦᠯᠵᠢᠶ᠎ᠡ ᠪᠠ ᠵᠢᠭᠤᠯᠴᠢᠯᠠᠯ ᠤᠨ ᠰᠦᠯᠵᠢᠶ᠎ᠡ ᠠᠴᠠ ᠬᠤᠳᠠᠯᠳᠤᠨ | ᠠᠪᠴᠦ ᠪᠤᠯᠤᠨ᠎ᠠ᠃ | ᠡᠩ ᠤᠨ ᠪᠠᠶᠢᠳᠠᠯ ᠳᠤ᠂ ᠬᠢᠯᠢ ᠶᠢᠨ ᠭᠠᠳᠠᠨᠠᠬᠢ ᠵᠢᠭᠤᠯᠴᠢᠯᠠᠯ ᠤᠨ ᠰᠠᠨᠠᠭᠠᠨ ᠳᠤ ᠦᠭᠡᠢ ᠭᠡᠮᠳᠦᠯ ᠤᠨ | ᠲᠠᠭᠠᠳᠬᠠᠯ ᠬᠡᠷᠡᠭᠵᠢᠬᠦᠯᠵᠤ ᠪᠠᠶᠢᠭ᠎ᠠ ᠺᠤᠮᠫᠠᠨᠢ ᠨᠢ ᠴᠦᠮ ᠤᠯᠠᠨ ᠤᠯᠤᠰ ᠤᠨ ᠪᠠᠴᠢᠮ ᠠᠪᠤᠷᠠᠨ ᠲᠤᠰᠠᠯᠠᠯᠲᠠ ᠶᠢᠨ | ᠪᠠᠶᠢᠭᠤᠯᠤᠮᠵᠢ ᠲᠠᠢ ᠬᠠᠮᠳᠤᠷᠠᠨ ᠠᠵᠢᠯᠯᠠᠳᠠᠭ ᠪᠤᠯᠬᠤᠷ ᠵᠢᠭᠤᠯᠴᠢᠯᠠᠭᠴᠢ ᠳᠤ ᠰᠠᠨᠠᠭᠤᠯᠬᠤ ᠨᠢ᠂ ᠰᠠᠨᠠᠭᠠᠨ ᠳᠤ ᠦᠭᠡᠢ | ᠭᠡᠮᠳᠦᠯ ᠤᠨ ᠲᠠᠭᠠᠳᠬᠠᠯ ᠬᠤᠳᠠᠯᠳᠤᠨ ᠠᠪᠬᠤ ᠳᠠᠭᠠᠨ ᠬᠠᠮᠳᠤ ᠳᠤᠨᠢ ᠬᠢᠯᠢ ᠶᠢᠨ ᠭᠠᠳᠠᠨᠠᠬᠢ ᠪᠠᠴᠢᠮ ᠠᠪᠤᠷᠠᠨ | ᠲᠤᠰᠠᠯᠠᠯᠲᠠ ᠶᠢᠨ ᠲᠠᠭᠠᠳᠬᠠᠯ ᠬᠤᠳᠠᠯᠳᠤᠨ ᠠᠪᠴᠦ ᠪᠤᠯᠤᠨ᠎ᠠ᠂ ᠬᠤᠳᠠᠯᠳᠤᠨ ᠠᠪᠬᠤ ᠠᠴᠠ ᠪᠠᠨ ᠡᠮᠦᠨ᠎ᠡ | ᠤᠷᠢᠳᠠᠪᠠᠷ ᠬᠠᠮᠳᠤᠷᠠᠨ ᠠᠵᠢᠯᠯᠠᠵᠤ ᠪᠠᠶᠢᠭ᠎ᠠ ᠤᠯᠠᠨ ᠤᠯᠤᠰ ᠤᠨ ᠠᠪᠤᠷᠠᠨ ᠲᠤᠰᠠᠯᠠᠯᠲᠠ ᠶᠢᠨ ᠪᠠᠶᠢᠭᠤᠯᠤᠮᠵᠢ ᠶᠢᠨ | ᠦᠢᠯᠡᠴᠢᠯᠡᠭᠡᠨ ᠤ ᠬᠢᠷᠢ ᠲᠦᠪᠰᠢᠨ᠂ ᠪᠠᠶᠢᠭᠤᠯᠤᠮᠵᠢ ᠶᠢᠨ ᠰᠦᠯᠵᠢᠶᠡᠨ ᠴᠡᠭ ᠵᠡᠷᠭᠡ ᠶᠢ ᠤᠢᠢᠯᠠᠭᠠᠵᠤ᠂ | ᠲᠠᠭᠠᠳᠬᠠᠯ ᠤᠨ ᠲᠦᠷᠦᠯ ᠳᠤᠨᠢ ᠪᠠᠴᠢᠮ ᠠᠪᠤᠷᠠᠨ ᠲᠤᠰᠠᠯᠠᠯᠲᠠ ᠪᠠ ᠡᠮᠴᠢᠯᠡᠭᠡᠨ ᠤ ᠵᠠᠷᠤᠳᠠᠯ ᠢ ᠤᠷᠢᠳᠴᠢᠯᠠᠨ | ᠲᠦᠯᠦᠬᠦ ᠬᠤᠶᠠᠷ ᠵᠦᠢᠯ ᠤᠨ ᠴᠢᠳᠠᠮᠵᠢ ᠲᠠᠢ ᠪᠠᠶᠢᠪᠠᠯ ᠬᠠᠮᠤᠭ ᠤᠨ ᠰᠠᠶᠢᠨ᠃ ᠰᠠᠨᠠᠭᠠᠨ ᠳᠤ ᠦᠭᠡᠢ ᠪᠠᠶᠢᠳᠠᠯ ᠭᠠᠷᠪᠠ | ᠭᠡᠭᠰᠡᠭᠡᠷ ᠠᠪᠤᠷᠠᠨ ᠲᠤᠰᠠᠯᠠᠯᠲᠠ ᠶᠢᠨ ᠦᠢᠯᠡᠴᠢᠯᠡᠭᠡᠨ ᠤ ᠤᠳᠠᠰᠤ ᠪᠠᠷ ᠬᠤᠯᠪᠤᠭ᠎ᠠ ᠠᠪᠴᠦ ᠪᠠᠴᠢᠮ ᠲᠡᠮᠵᠢᠯᠭᠡ | ᠬᠦᠰᠡᠵᠤ ᠪᠤᠯᠤᠨ᠎ᠠ᠃ | ᠲᠠᠷᠠᠭᠠᠯᠠᠪᠠᠯ ᠨᠢᠰᠭᠡᠯ ᠤᠨ ᠡᠭᠡᠯᠵᠢ ᠶᠢᠨ ᠰᠠᠭᠠᠳᠠᠯ ᠤᠨ ᠲᠠᠭᠠᠳᠬᠠᠯ ᠠᠪᠴᠦ ᠪᠤᠯᠤᠨ᠎ᠠ᠃ ᠠᠵᠢᠯ ᠲᠦᠷᠦᠯ ᠤᠨ | ᠲᠤᠳᠤᠭᠠᠳᠤ ᠶᠢᠨ ᠬᠦᠮᠦᠨ ᠤ ᠰᠠᠨᠠᠭᠤᠯᠤᠭᠰᠠᠨ ᠢᠶᠠᠷ᠂ ᠲᠠᠭᠠᠳᠬᠠᠯ ᠰᠤᠩᠭᠤᠬᠤ ᠳᠠᠭᠠᠨ ᠲᠦᠯᠦᠪᠤᠷᠢ ᠦᠭᠬᠦ | ᠪᠠᠷᠢᠮᠵᠢᠶ᠎ᠠ ᠪᠠ ᠲᠦᠯᠦᠪᠤᠷᠢ ᠦᠭᠬᠦ ᠲᠦᠬᠦᠮ ᠴᠢᠨᠠᠷ ᠢ ᠭᠤᠤᠯᠳᠠᠯᠭ᠎ᠠ ᠲᠠᠢ ᠠᠩᠬᠠᠷᠴᠦ᠂ ᠡᠬᠢᠯᠡᠵᠤ ᠲᠦᠯᠦᠬᠦ ᠴᠠᠭ | ᠨᠢ ᠤᠬᠤᠷ ᠲᠠᠭᠠᠳᠬᠠᠯ ᠢ ᠤᠷᠢᠳᠠᠪᠠᠷ ᠰᠤᠩᠭᠤᠬᠤ ᠬᠡᠷᠡᠭᠲᠠᠢ᠂ ᠨᠢᠰᠭᠡᠯ ᠤᠨ ᠡᠭᠡᠯᠵᠢ ᠶᠢᠨ ᠰᠠᠭᠠᠳᠠᠯ ᠤᠨ ᠲᠠᠭᠠᠳᠬᠠᠯ | ᠳᠤ ᠬᠠᠮᠤᠭ ᠤᠨ ᠰᠠᠶᠢᠨ ᠨᠢ 2 ᠴᠠᠭ ᠰᠠᠭᠠᠳᠠᠪᠠᠯ ᠲᠠᠷᠤᠢ ᠡᠬᠢᠯᠡᠨ ᠲᠦᠯᠦᠪᠤᠷᠢ ᠦᠭᠬᠦ ᠮᠦᠷᠲᠡᠭᠡᠨ ᠨᠢᠰᠭᠡᠯ ᠤᠨ | ᠪᠠᠭᠤᠳᠠᠯ᠂ ᠠᠭᠠᠷ ᠤᠨ ᠠᠶᠠᠯᠠᠯ ᠤᠨ ᠺᠤᠮᠫᠠᠨᠢ ᠠᠴᠠ ᠰᠠᠭᠠᠳᠠᠯ ᠤᠨ ᠭᠡᠷᠡᠴᠢ ᠭᠠᠷᠭᠠᠬᠤ ᠴᠢᠬᠤᠯᠠ ᠦᠭᠡᠢ ᠲᠦᠯᠦᠪᠤᠷᠢ | ᠦᠭᠬᠦ ᠨᠦᠬᠦᠴᠡᠯ ᠢ ᠪᠦᠷᠢᠳᠦᠬᠦᠯᠦᠭᠰᠡᠭᠡᠷ ᠲᠠᠷᠤᠢ ᠲᠦᠷᠭᠡᠨ ᠬᠦᠷᠭᠡᠯᠲᠡ ᠪᠠᠷ ᠠᠶᠠᠨᠲᠠᠭᠠᠨ ᠲᠦᠯᠦᠵᠤ ᠪᠤᠯᠬᠤ | ᠲᠠᠭᠠᠳᠬᠠᠯ ᠢ ᠰᠤᠩᠭᠤᠬᠤ ᠬᠡᠷᠡᠭᠲᠠᠢ᠃ | ᠪᠠᠩᠬᠢ ᠶᠢᠨ ᠺᠠᠷᠲ ᠬᠤᠯᠠᠭᠤᠨ ᠵᠤᠷᠠᠬᠤ ᠲᠠᠭᠠᠳᠬᠠᠯ ᠤᠨ ᠪᠠᠲᠤᠯᠠᠭ᠎ᠠ ᠶᠢᠨ ᠬᠡᠪᠴᠢᠶ᠎ᠡ ᠨᠢ ᠨᠡᠯᠢᠶᠡᠳ ᠪᠦᠬᠦ | ᠲᠠᠯ᠎ᠠ ᠶᠢᠨ ᠪᠠᠶᠢᠳᠠᠭ᠃ ᠺᠠᠷᠲ ᠡᠵᠡᠮᠰᠢᠭᠴᠢ ᠨᠢ ᠺᠠᠷᠲ ᠵᠤᠷᠠᠬᠤ ᠨᠢᠭᠤᠴᠠ ᠨᠤᠮᠧᠷ ᠲᠠᠭᠠᠷᠠᠭᠤᠯᠤᠭᠰᠠᠨ ᠴᠦ ᠲᠡᠷᠡ | ᠲᠠᠭᠠᠷᠠᠭᠤᠯᠤᠭᠰᠠᠨ ᠦᠭᠡᠢ ᠴᠦ ᠲᠡᠷᠡ᠂ POS ᠮᠠᠰᠢᠨ ᠢᠶᠠᠷ ᠬᠤᠯᠠᠭᠤᠨ ᠬᠡᠷᠡᠭᠯᠡᠭᠰᠡᠨ ᠴᠦ ᠲᠡᠷᠡ ᠡᠰᠡᠬᠦᠯ᠎ᠡ | ᠰᠦᠯᠵᠢᠶᠡᠨ ᠤ ᠠᠷᠠᠯᠵᠢᠶ᠎ᠠ ᠬᠢᠭᠰᠡᠨ ᠴᠦ ᠲᠡᠷᠡ ᠴᠦᠮ ᠬᠤᠯᠠᠭᠤᠨ ᠵᠤᠷᠠᠬᠤ ᠲᠠᠭᠠᠳᠬᠠᠯ ᠢᠶᠠᠷ ᠲᠦᠯᠦᠪᠤᠷᠢ ᠤᠯᠵᠤ | ᠪᠤᠯᠤᠨ᠎ᠠ᠃ ᠠᠩᠬᠠᠷᠬᠤ ᠴᠢᠬᠤᠯᠠᠲᠠᠢ ᠵᠦᠢᠯ ᠬᠡᠪᠡᠯ᠂ ᠪᠠᠩᠬᠢ ᠶᠢᠨ ᠺᠠᠷᠲ ᠴᠢᠨᠢ ᠬᠤᠯᠠᠭᠤᠭᠳᠠᠨ ᠵᠤᠷᠠᠬᠳᠠᠪᠠᠯ | ᠶᠠᠭᠠᠬᠢᠭᠰᠠᠨ ᠴᠦ ᠴᠠᠭ ᠲᠤᠬᠠᠢ ᠳᠤᠨᠢ ᠪᠠᠩᠬᠢ ᠳᠤ ᠠᠯᠳᠠᠭᠰᠠᠨ ᠢᠶᠠᠷ ᠮᠡᠳᠡᠬᠦᠯᠬᠦ ᠬᠡᠷᠡᠭᠲᠠᠢ᠂ ᠬᠤᠯᠠᠭᠤᠨ | ᠵᠤᠷᠠᠭᠰᠠᠨ ᠤ 7 ᠡᠳᠤᠷ ᠤᠨ ᠲᠤᠳᠤᠷ᠎ᠠ ᠠᠯᠳᠠᠭᠰᠠᠨ ᠢᠶᠠᠨ ᠮᠡᠳᠡᠬᠦᠯᠦᠭᠰᠡᠨ ᠪᠠᠶᠢᠳᠠᠭ ᠯᠡ ᠶᠤᠮ ᠪᠤᠯ ᠪᠠᠩᠬᠢ ᠶᠢᠨ | ᠺᠠᠷᠲ ᠬᠤᠯᠠᠭᠤᠨ ᠵᠤᠷᠠᠬᠤ ᠲᠠᠭᠠᠳᠬᠠᠯ ᠢᠶᠠᠷ ᠴᠦᠮ ᠲᠦᠯᠦᠪᠤᠷᠢ ᠤᠯᠵᠤ ᠪᠤᠯᠤᠨ᠎ᠠ᠃ |