ᠦᠨᠡᠨ ᠳᠡᠭᠡᠨ ᠶᠡᠷᠦᠩᠭᠡᠢ ᠳᠤᠨᠢ ᠠᠪᠴᠦ ᠬᠡᠯᠡᠪᠡᠯ ᠵᠢᠮᠢᠰ ᠤᠨ ᠰᠢᠮ᠎ᠡ ᠲᠡᠵᠢᠭᠡᠯ ᠨᠢ ᠢᠳᠡᠰᠢᠨ ᠨᠤᠭᠤᠭ᠎ᠠ | ᠠᠴᠠ ᠪᠠᠭ᠎ᠠ ᠪᠠᠶᠢᠳᠠᠭ᠂ ᠵᠢᠮᠢᠰ ᠪᠤᠯᠤᠨ ᠢᠳᠡᠰᠢᠨ ᠨᠤᠭᠤᠭ᠎ᠠ ᠳᠤ ᠴᠦᠮ ᠸᠢᠲ᠋ᠠᠮᠢᠨ C ᠪᠠ ᠡᠷᠦᠳᠡᠰᠦ | ᠠᠭᠤᠯᠤᠭᠳᠠᠳᠠᠭ ᠪᠤᠯᠪᠠᠴᠦ ᠠᠭᠤᠯᠤᠭᠳᠠᠴᠠ ᠨᠢ ᠵᠤᠬᠢᠬᠤ ᠵᠦᠷᠢᠶ᠎ᠡ ᠲᠠᠢ ᠶᠤᠮ᠂ ᠴᠢᠪᠠᠭ᠎ᠠ᠂ ᠲᠤᠯᠦᠨᠦ᠂ ᠵᠦᠷᠵᠢ᠂ | ᠲᠤᠰᠢᠯᠤᠬ ᠮᠡᠳᠤ ᠶᠢᠨ ᠵᠢᠮᠢᠰ ᠲᠤ ᠯᠡ ᠰᠠᠶ᠋ᠶ ᠸᠢᠲ᠋ᠠᠮᠢᠨ C ᠡᠯᠪᠡᠭ ᠠᠭᠤᠯᠤᠭᠳᠠᠳᠠᠭ᠂ ᠪᠤᠰᠤᠳ ᠵᠦᠢᠯ ᠤᠨ ᠵᠢᠮᠢᠰ | ᠲᠤ ᠠᠭᠤᠯᠤᠭᠳᠠᠬᠤ ᠸᠢᠲ᠋ᠠᠮᠢᠨ C ᠪᠠ ᠡᠷᠦᠳᠡᠰᠦ ᠨᠢ ᠴᠦᠮ ᠢᠳᠡᠰᠢᠨ ᠨᠤᠭᠤᠭ᠎ᠠ ᠳᠤ ᠬᠦᠷᠬᠦ ᠦᠭᠡᠢ | ᠶᠤᠮ᠃ | ᠲᠠᠬᠢᠪᠠᠯ᠂ ᠵᠢᠮᠢᠰ ᠪᠠ ᠢᠳᠡᠰᠢᠨ ᠨᠤᠭᠤᠭ᠎ᠠ ᠶᠢᠨ ᠰᠢᠮ᠎ᠡ ᠲᠡᠵᠢᠭᠡᠯ ᠤᠨ ᠪᠦᠲᠦᠴᠡ ᠨᠢ ᠠᠳᠠᠯᠢ ᠪᠤᠰᠤ | ᠪᠠᠶᠢᠳᠠᠭ᠂ ᠢᠳᠡᠰᠢᠨ ᠨᠤᠭᠤᠭ᠎ᠠ ᠳᠠᠬᠢ ᠢᠳᠡᠬᠡᠨ ᠤ ᠰᠢᠷᠭᠡᠭᠯᠢᠭ ᠤᠨ ᠠᠭᠤᠯᠤᠭᠳᠠᠴᠠ ᠨᠢ ᠵᠢᠮᠢᠰ ᠠᠴᠠ ᠬᠤᠯᠠ ᠶᠡᠭᠡ | ᠪᠠᠶᠢᠳᠠᠭ ᠢᠶᠠᠷ ᠪᠠᠷᠠᠬᠤ ᠦᠭᠡᠢ ᠲᠡᠷᠡ ᠨᠢ ᠦᠯᠦ ᠠᠭᠤᠰᠬᠤ ᠴᠢᠨᠠᠷ ᠲᠠᠢ ᠰᠢᠷᠭᠡᠭᠯᠢᠭ ᠪᠠᠶᠢᠵᠤ᠂ ᠭᠡᠳᠡᠰᠦᠨ ᠤ | ᠬᠦᠳᠡᠯᠭᠡᠭᠡᠨ ᠢ ᠠᠬᠢᠭᠤᠯᠬᠤ᠂ ᠭᠡᠳᠡᠰᠦᠨ ᠲᠤᠳᠤᠷ᠎ᠠ ᠬᠤᠷᠠᠮᠳᠤᠭᠰᠠᠨ ᠬᠤᠤᠷᠳᠤ ᠪᠤᠳᠠᠰ ᠵᠡᠷᠭᠡ ᠶᠢ ᠠᠷᠢᠯᠭᠠᠬᠤ | ᠦᠢᠯᠡᠳᠦᠯ ᠲᠠᠢ ᠪᠠᠶᠢᠵᠤ᠂ ᠬᠤᠷᠭᠤᠰᠤ ᠬᠠᠳᠠᠬᠤ᠂ ᠬᠤᠷᠳᠢᠬ ᠶᠡᠷ᠎ᠠ᠂ ᠭᠡᠳᠡᠰᠦᠨ ᠤ ᠦᠮᠡᠨᠢ ᠰᠡᠷᠭᠡᠶᠢᠯᠡᠬᠦ ᠳᠤ | ᠰᠠᠶᠢᠨ ᠪᠠᠶᠢᠳᠠᠭ᠂ ᠵᠢᠮᠢᠰ ᠢᠳᠡᠬᠦ ᠨᠢ ᠡᠳᠡᠭᠡᠷ ᠦᠢᠯᠡᠳᠦᠯ ᠳᠤ ᠬᠦᠷᠴᠦ ᠲᠡᠶᠢᠯᠬᠦ ᠦᠭᠡᠢ ᠶᠤᠮ᠃ ᠵᠢᠮᠢᠰ ᠲᠤ | ᠠᠭᠤᠯᠤᠭᠳᠠᠳᠠᠭ ᠨᠢ ᠭᠤᠤᠯᠳᠠᠭᠤ ᠠᠭᠤᠰᠬᠤ ᠴᠢᠨᠠᠷᠲᠠᠢ ᠰᠢᠷᠭᠡᠭᠯᠢᠭ — — ᠵᠢᠮᠢᠰᠤᠨ ᠴᠠᠪᠠᠤ ᠪᠤᠯᠤᠨ᠎ᠠ᠂ | ᠲᠡᠷᠡ ᠨᠢ ᠰᠢᠩᠭᠡᠭᠡᠬᠦ ᠳᠤ ᠪᠡᠷᠭᠡ ᠪᠦᠭᠡᠳ ᠬᠤᠳᠤᠭᠤᠳᠤᠨ ᠤ ᠬᠤᠭᠤᠰᠤᠷᠠᠭᠤᠯᠬᠤ ᠬᠤᠷᠳᠤᠴᠠ ᠶᠢ | ᠤᠳᠠᠭᠠᠰᠢᠷᠠᠭᠤᠯᠳᠠᠭ᠃ | ᠡᠶᠢᠮᠦ ᠪᠠᠷ ᠪᠠᠷᠡᠬᠤ ᠦᠭᠡᠢ᠂ ᠢᠳᠡᠰᠢᠨ ᠨᠤᠭᠤᠭᠠᠨ ᠤ ᠢᠯᠴᠢ ᠶᠢᠨ ᠬᠡᠮᠵᠢᠶ᠎ᠡ ᠨᠢ ᠵᠢᠮᠢᠰ ᠠᠴᠠ ᠲᠤᠤᠷ᠎ᠠ | ᠪᠠᠶᠢᠳᠠᠭ ᠪᠤᠯᠬᠤᠷ ᠢᠳᠡᠰᠢᠨ ᠨᠤᠭᠤᠭ᠎ᠠ ᠶᠢ ᠬᠡᠳᠤᠢ ᠠᠷᠪᠢᠨ ᠢᠳᠡᠭᠰᠡᠨ ᠴᠦ ᠢᠯᠴᠢ ᠶᠢᠨ ᠬᠡᠮᠵᠢᠶ᠎ᠠ ᠠᠬᠠᠳᠠᠬᠤ | ᠦᠭᠡᠢ ᠶᠤᠮ᠂ ᠬᠡᠪᠡᠴᠦ ᠠᠮᠤ ᠪᠤᠳᠠᠭ᠎ᠠ᠂ ᠮᠢᠬᠠᠨ ᠤ ᠲᠦᠷᠦᠯ ᠪᠤᠯ ᠤᠭᠳᠤ ᠪᠤᠯᠬᠤ ᠦᠭᠡᠢ᠂ ᠵᠢᠮᠢᠰ ᠴᠦ ᠠᠳᠠᠯᠢ᠂ | ᠤᠴᠢᠷ ᠨᠢ ᠤᠯᠠᠩᠬᠢ ᠢᠳᠡᠰᠢᠨ ᠨᠤᠭᠤᠭ᠎ᠠ ᠳᠤ ᠠᠭᠤᠯᠤᠭᠳᠠᠬᠤ ᠰᠢᠬᠢᠷ ᠤᠨ ᠲᠦᠷᠦᠯ ᠪᠤᠯ ᠴᠠᠷᠳᠠᠭᠤᠯ ᠤᠨ | ᠲᠦᠷᠦᠯ ᠤᠨ ᠤᠯᠠᠨᠴᠢ ᠰᠢᠬᠢᠷ ᠪᠠᠶᠢᠵᠤ᠂ ᠬᠦᠮᠦᠨ ᠤ ᠪᠡᠶ᠎ᠡ ᠶᠢᠨ ᠰᠢᠩᠭᠡᠭᠡᠯᠲᠡ ᠶᠢᠨ ᠵᠠᠮ ᠳᠠᠬᠢ ᠡᠯ᠎ᠡ ᠵᠦᠢᠯ ᠤᠨ | ᠢᠰᠭᠡᠭᠦᠷ ᠤᠰᠦ ᠪᠠᠷ ᠲᠠᠮᠵᠢᠨ ᠲᠠᠩ ᠰᠢᠬᠢᠷ ᠪᠤᠯᠵᠤ ᠵᠠᠳᠠᠷᠠᠭᠰᠠᠨ ᠤ ᠲᠠᠷᠠᠭ᠎ᠠ ᠰᠠᠶ᠋ᠶ ᠠᠭᠠᠵᠢᠮ ᠢᠶᠠᠷ ᠰᠢᠩᠭᠡᠳᠡᠭ | ᠡᠶᠢᠮᠦ ᠠᠴᠠ ᠬᠦᠮᠦᠨ ᠤ ᠪᠡᠶ᠎ᠡ ᠳᠠᠬᠢ ᠴᠢᠰᠦᠨ ᠰᠢᠬᠢᠷ ᠤᠨ ᠦᠳᠭᠡᠴᠡ ᠳᠤ ᠶᠡᠭᠡ ᠬᠤᠪᠢᠷᠠᠯᠲᠠ ᠭᠠᠷᠭᠠᠬᠤ ᠦᠭᠡᠢ | ᠶᠤᠮ᠃ ᠬᠠᠷᠢᠨ ᠵᠢᠮᠢᠰ ᠲᠤ ᠠᠭᠤᠯᠤᠭᠳᠠᠬᠤ ᠰᠢᠬᠢᠷ ᠤᠨ ᠲᠦᠷᠦᠯ ᠨᠢ ᠭᠤᠤᠯᠳᠠᠭᠤ ᠲᠠᠩ ᠰᠢᠬᠢᠷ ︵ᠵᠢᠮᠢᠰ ᠤᠨ | ᠰᠢᠬᠢᠷ᠂ ᠥᠵᠥᠮ ᠤᠨ ᠰᠢᠬᠢᠷ︶ ᠪᠠ ᠬᠤᠤᠰ ᠰᠢᠬᠢᠷ ︵ᠨᠢᠰᠢᠩᠭᠦ ᠶᠢᠨ ᠰᠢᠬᠢᠷ︶ ᠪᠠᠶᠢᠵᠤ᠂ ᠬᠦᠮᠦᠨ ᠤ ᠪᠡᠶ᠎ᠡ ᠳᠤ | ᠤᠷᠤᠭᠰᠠᠨ ᠤ ᠰᠡᠬᠦᠯᠡᠷ ᠪᠠᠭ᠎ᠠ ᠯᠡ ᠰᠢᠩᠭᠡᠭᠡᠭᠰᠡᠭᠡᠷ ᠲᠠᠷᠤᠢ ᠴᠢᠰᠦᠨ ᠳᠤ ᠠᠭᠤᠰᠤᠨ ᠤᠷᠤᠳᠠᠭ᠃ ᠡᠶᠢᠮᠦ ᠠᠴᠠ | ᠤᠬᠤᠷᠬᠠᠨ ᠬᠤᠭᠤᠴᠠᠭᠠᠨ ᠳᠤ ᠶᠡᠭᠡ ᠬᠡᠮᠵᠢᠶᠡᠨ ᠤ ᠵᠢᠮᠢᠰ ᠢᠳᠡᠬᠦ ᠨᠢ ᠴᠢᠰᠦᠨ ᠰᠢᠬᠢᠷ ᠤᠨ ᠦᠳᠭᠡᠴᠡ ᠶᠢ | ᠲᠦᠷᠭᠡᠨ ᠲᠡᠭᠡᠭᠰᠢᠯᠡᠬᠦᠯᠳᠡᠭ ᠪᠤᠯᠬᠤᠷ ᠬᠦᠮᠦᠨ ᠤ ᠪᠡᠶ᠎ᠡ ᠶᠢᠨ ᠡᠷᠡᠬᠦᠯ ᠮᠡᠨᠳᠤ ᠳᠤ ᠠᠰᠢᠭ ᠦᠭᠡᠢ ᠶᠤᠮ᠃ ᠡᠳᠡᠭᠡᠷ | ᠲᠠᠩ ᠰᠢᠬᠢᠷ᠂ ᠬᠤᠤᠰ ᠰᠢᠬᠢᠷ ᠨᠢ ᠬᠦᠮᠦᠨ ᠤ ᠪᠡᠶ᠎ᠡ ᠶᠢᠨ ᠡᠯᠢᠭᠡᠨ ᠳᠤ ᠤᠷᠤᠪᠠᠯ ᠮᠠᠰᠢ ᠠᠮᠠᠷᠬᠠᠨ ᠢᠶᠠᠷ ᠦᠭᠡᠬᠦ | ᠪᠤᠯᠵᠤ ᠬᠤᠪᠢᠷᠠᠳᠠᠭ᠃ | ᠲᠤᠮᠳᠠᠳᠤ ᠤᠯᠤᠰ ᠤᠨ ᠰᠠᠭᠤᠭᠠᠯᠢ ᠠᠷᠠᠳ ᠤᠨ ᠢᠳᠡᠰᠢ ᠶᠢᠨ ᠵᠢᠭᠠᠯᠲᠠ ᠳᠤ᠂ ᠡᠳᠤᠷ ᠪᠦᠷᠢ 400 ᠭᠷᠠᠮ | — 500 ᠭᠷᠠᠮ ᠤᠨ ᠰᠢᠨ᠎ᠡ ᠰᠤᠷᠭᠤᠭ ᠢᠳᠡᠰᠢᠨ ᠨᠤᠭᠤᠭ᠎ᠠ ᠪᠠᠷ ᠭᠤᠤᠯ ᠪᠤᠯᠭᠠᠵᠤ᠂ 100 — 200 | ᠭᠷᠠᠮ ᠤᠨ ᠵᠢᠮᠢᠰ ᠢᠳᠡᠪᠡᠯ ᠵᠤᠬᠢᠨ᠎ᠠ ᠭᠡᠵᠤ ᠰᠠᠨᠠᠭᠠᠴᠢᠯᠠᠭᠰᠠᠨ ᠪᠠᠶᠢᠳᠠᠭ᠂ ᠡᠬᠦᠨ ᠠᠴᠠ ᠦᠵᠡᠪᠡᠯ ᠵᠢᠮᠢᠰ ᠢ ᠬᠡᠳᠤᠢ | ᠠᠷᠪᠢᠨ ᠢᠳᠡᠪᠡᠯ ᠲᠡᠳᠤᠢ ᠰᠠᠶᠢᠨ ᠭᠡᠳᠡᠭ ᠨᠢ ᠪᠤᠷᠤᠭᠤ ᠶᠤᠮ᠃ |