ᠬᠠᠪᠣᠷ ᠤᠨ ᠤᠯᠠᠷᠢᠯ ᠳᠤ ᠢᠳᠡᠭᠡᠨ ᠤᠮᠳᠠᠭᠠᠨ ᠢᠶᠠᠨ ᠬᠡᠷᠬᠢᠨ ᠲᠤᠬᠢᠷᠠᠭᠤᠯᠬᠤ ᠪᠤᠢ⁈
ᠨᠡᠶᠢᠲᠡᠯᠡᠭᠰᠡᠨ ᠴᠠᠭ᠄
2017/6/28
     ᠬᠠᠪᠤᠷ ᠤᠨ ᠡᠬᠢᠨ ᠳᠤ ᠠᠭᠠᠷ ᠤᠨ ᠲᠤᠯᠠᠭᠠᠨ ᠦᠳᠳᠡᠷ ᠲᠡᠭᠡᠭᠰᠢᠯᠡᠳᠡᠭ ᠴᠦ ᠡᠪᠦᠯ ᠬᠠᠪᠤᠷ ᠤᠨ ᠠᠭᠤᠯᠵᠠᠷ  ᠪᠤᠯᠬᠤᠷ ᠦᠷᠭᠦᠯᠵᠢ ᠬᠦᠢᠳᠡᠨ ᠠᠭᠠᠷ ᠤᠨ ᠲᠠᠭᠠᠷᠢᠯᠳᠠ ᠳᠤ ᠤᠴᠠᠷᠠᠵᠤ ᠬᠠᠯᠠᠭᠤᠨ ᠬᠦᠢᠳᠡᠨ ᠲᠡᠭᠰᠢ ᠦᠭᠡᠢ ᠪᠠᠶᠢᠳᠠᠭ ᠡᠨᠡ ᠦᠶᠡᠰ ᠬᠢᠴᠢᠶᠡᠬᠦ ᠦᠭᠡᠢ ᠪᠤᠯᠤᠭᠰᠠᠭᠠᠷ ᠬᠢᠮᠤᠷᠠᠭ᠎ᠠ ᠲᠠᠭᠰᠢᠭᠤᠷ ᠲᠤ ᠨᠡᠷᠪᠡᠭᠳᠡᠳᠡᠭ᠃                  ᠲᠤᠤᠷᠠᠬᠢ ᠬᠡᠳᠦᠨ ᠵᠦᠢᠯ ᠤᠨ ᠢᠳᠡᠭᠡᠨ ᠢ ᠢᠳᠡᠪᠡᠯ ᠬᠠᠯᠳᠠᠪᠤᠷᠢᠳᠤ ᠲᠠᠭᠰᠢᠭᠤᠷ ᠢ ᠰᠡᠷᠭᠡᠶᠢᠯᠡᠬᠦ ᠳᠤ  ᠲᠤᠰᠠᠳᠠᠢ᠃                    ᠨᠢᠭᠡ᠂ ᠰᠤᠩᠭᠢᠨ᠎ᠠ᠂ ᠭᠠ᠂ ᠰᠠᠷᠢᠮᠰᠠᠭ ᠵᠡᠷᠭᠡ ᠢᠳᠡᠭᠡᠨ ᠨᠢ ᠪᠠᠺᠲ᠋ᠧᠷᠢ ᠶᠢ ᠠᠯᠠᠵᠤ ᠡᠪᠡᠳᠴᠢᠨ ᠢ ᠰᠡᠷᠭᠡᠶᠢᠯᠡᠨ᠂ ᠬᠢᠮᠤᠷᠠᠭ᠎ᠠ ᠲᠠᠭᠰᠢᠭᠤᠷ ᠢ ᠰᠡᠷᠭᠡᠶᠢᠯᠡᠬᠦ ᠦᠢᠯᠡᠳᠦᠯ ᠲᠠᠢ᠃                      ᠬᠤᠶᠠᠷ᠂ ᠠᠮᠢᠳᠠᠨ ᠤ ᠡᠯᠢᠭᠡ ᠲᠤᠳᠤᠷ ᠵᠡᠷᠭᠡ ᠸᠢᠲ᠋ᠠᠮᠢᠨ A ᠡᠯᠪᠡᠭ ᠠᠭᠤᠯᠬᠤ ᠢᠳᠡᠭᠡᠨ᠂ ᠡᠶᠢᠮᠦᠷᠬᠦᠦ ᠰᠢᠮ᠎ᠠ ᠲᠡᠵᠢᠭᠡᠯ ᠤᠨ ᠡᠳ᠋ ᠨᠢ ᠡᠭᠡᠯᠢᠯᠡᠭᠡ ᠶᠢᠨ ᠰᠢᠰᠲ᠋ᠧᠮ ᠳᠤ ᠴᠢᠬᠤᠯᠠ ᠦᠢᠯᠡᠳᠦᠯ ᠲᠠᠢ᠂ ᠲᠤᠳᠠᠭᠰᠠᠭᠠᠷ ᠠᠮᠢᠰᠬᠤᠯ  ᠂ ᠰᠢᠩᠭᠡᠭᠡᠯᠳᠡ᠂ ᠰᠢᠭᠡᠰᠦ ᠰᠢᠭᠦᠷᠡᠭᠦᠯᠬᠦ᠂ ᠦᠷᠡᠵᠢᠯ ᠤᠨ ᠬᠠᠯᠢᠰᠤᠨ ᠡᠰ ᠡᠪᠡᠷᠰᠢᠵᠦ ᠬᠤᠪᠢᠷᠠᠨ᠂ ᠨᠡᠩ ᠠᠮᠠᠷᠬᠠᠨ ᠪᠠᠺᠲ᠋ᠧᠷᠢ ᠶᠢᠨ ᠲᠠᠭᠠᠷᠢᠯᠳᠠ ᠳᠤ ᠤᠴᠠᠷᠠᠨ᠂ ᠠᠮᠢᠰᠬᠤᠯ ᠤᠨ ᠵᠠᠮ ᠪᠠ ᠬᠤᠳᠤᠭᠤᠳᠤ ᠭᠡᠳᠡᠰᠤᠨ ᠤ ᠬᠠᠯᠳᠠᠪᠤᠷᠢᠳᠤ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠨᠡᠮᠡᠭᠳᠡᠨ᠎ᠠ᠃ ᠠᠮᠢᠳᠠᠨ ᠤ ᠡᠯᠢᠭᠡ ᠲᠤᠳᠤᠷ ᠢ ᠲᠤᠬᠢᠷᠠᠮᠵᠢᠳᠠᠢ ᠢᠳᠡᠬᠦ ᠶᠢ ᠠᠩᠬᠠᠷᠬᠤ ᠠᠴᠠ ᠭᠠᠳᠠᠨ᠎ᠠ᠂ ᠤᠷᠭᠤᠮᠠᠯ ᠤᠨ ᠴᠢᠨᠠᠷᠳᠠᠢ ᠢᠳᠡᠭᠡᠨ ᠲᠤᠳᠤᠷᠠᠬᠢ ᠬᠤ ᠯᠣᠣᠪᠠᠩ ᠤᠨ ᠡᠳ᠋ ᠨᠢ ᠪᠡᠶ᠎ᠠ  ᠲᠤᠳᠤᠷ᠎ᠠ ᠸᠢᠲ᠋ᠠᠮᠢᠨ A ᠪᠤᠯᠵᠤ ᠬᠤᠪᠢᠷᠠᠨ᠎ᠠ᠂ ᠬᠦᠨ ᠨᠤᠭᠤᠭᠠᠨ ᠦᠩᠭᠡᠳᠡᠢ ᠪᠠ ᠤᠯᠠᠭᠠᠨ ᠰᠢᠷ᠎ᠠ ᠦᠩᠭᠡᠳᠡᠢ ᠵᠢᠮᠢᠰ ᠨᠤᠭᠤᠭ᠎ᠠ᠂ ᠵᠢᠱᠢᠶᠡᠯᠡᠪᠡᠯ᠂ ᠬᠤ ᠯᠣᠣᠪᠠᠩ᠂ ᠦᠷᠭᠡᠰᠦᠳᠦ ᠨᠤᠭᠤᠭ᠎ᠠ᠂ ᠴᠤᠭᠤᠷ ᠨᠤᠭᠤᠭ᠎ᠠ᠂ ᠠᠮᠳᠠᠳᠤ  ᠲᠦᠮᠦᠰᠦ ᠵᠡᠷᠭᠡ ᠳᠤ ᠸᠢᠲ᠋ᠠᠮᠢᠨ A ᠡᠯᠪᠡᠭ ᠠᠭᠤᠯᠤᠭᠳᠠᠨ᠎ᠠ᠃ ᠭᠤᠷᠪᠠ᠂ ᠴᠢᠨᠵᠤᠤ᠂ ᠦᠷᠭᠡᠰᠦᠳᠦ ᠨᠤᠭᠤᠭ᠎ᠠ ᠵᠡᠷᠭᠡ ᠸᠢᠲ᠋ᠠᠮᠢᠨ C ᠡᠯᠪᠡᠭ ᠠᠭᠤᠯᠬᠤ ᠢᠳᠡᠭᠡᠨ᠂ ᠸᠢᠲ᠋ᠠᠮᠢᠨ  C᠎ ᠨᠢ ᠵᠠᠯᠬᠢᠬᠤ ᠡᠰ ᠤᠨ ᠢᠳᠡᠪᠬᠢ ᠴᠢᠨᠠᠷ ᠢ ᠲᠡᠭᠡᠭᠰᠢᠯᠡᠭᠦᠯᠵᠦ᠂ ᠡᠭᠡᠯᠢᠯᠡᠭᠡ ᠶᠢᠨ ᠪᠤᠳᠠᠰ ᠤᠨ ᠨᠡᠶᠢᠯᠡᠯᠭᠡ ᠳᠤ ᠤᠷᠤᠯᠴᠠᠵᠤ᠂ ᠪᠡᠶ᠎ᠠ ᠴᠤᠭᠴᠠ ᠶᠢᠨ ᠡᠭᠡᠯᠢᠯᠡᠭᠡ ᠶᠢᠨ ᠴᠢᠳᠠᠪᠤᠷᠢ ᠶᠢ ᠲᠡᠭᠡᠭᠰᠢᠯᠡᠭᠦᠯᠳᠡᠭ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号