ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠠᠴᠠ | ᠦᠪᠡᠷᠲᠡᠭᠡᠨ ᠵᠠᠰᠠᠬᠤ ᠤᠷᠤᠨ᠂ ᠠᠶᠢᠮᠠᠭ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠰᠠᠬᠢᠯᠭ᠎ᠠ ᠪᠠᠳᠤ | ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭ᠎ᠠ ᠶᠢᠨ | ᠪᠠᠶᠢᠷᠢᠯᠠᠭᠤᠯᠤᠯᠳᠠ ᠶᠤᠰᠤᠭᠠᠷ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ | ᠴᠤᠭᠴᠠᠯᠠᠯᠳᠠ ᠶᠢ ᠰᠠᠶᠢᠳᠦᠷ ᠬᠢᠬᠦ ᠰᠢᠨ᠎ᠡ ᠰᠡᠳᠬᠢᠴᠡ᠂ ᠰᠢᠨ᠎ᠡ ᠠᠷᠭ᠎ᠠ ᠠᠪᠴᠠᠯ ᠢ ᠢᠳᠡᠪᠬᠢᠲᠡᠢ ᠪᠠᠷ | ᠰᠦᠪᠡᠭᠴᠢᠯᠡᠵᠤ᠂ ᠠᠴᠢᠶᠠᠯᠠᠭᠴᠢ ᠶᠢᠨ ᠰᠢᠨ᠎ᠡ ᠶᠢ ᠡᠬᠦᠳᠴᠦ᠂ ᠰᠢᠷᠢᠰ ᠤᠨᠴᠠᠯᠢᠬᠲᠦ ᠠᠵᠢᠯᠯᠠᠭ᠎ᠠ ᠶᠢ ᠦᠷᠨᠢᠬᠦᠯᠵᠤ᠂ | ᠦᠷ᠎ᠡ ᠪᠦᠲᠦᠮᠵᠢ ᠰᠠᠶᠢᠨ ᠪᠠᠶᠢᠵᠤ᠂ ᠬᠢᠯᠠᠯᠵᠠᠮ᠎ᠠ ᠠᠮᠵᠢᠯᠳᠠ ᠤᠯᠪᠠ᠃ | ︽ᠵᠢᠷᠭᠤᠭ᠎ᠠ ᠶᠢ ᠨᠢᠬᠡ ᠴᠤᠭᠴᠠᠵᠢᠭᠤᠯᠬᠤ︾ ᠰᠤᠷᠤᠯᠴᠠᠯᠭ᠎ᠠ ᠶᠢᠨ ᠠᠷᠭ᠎ᠠ ᠶᠢ ᠠᠪᠴᠦ᠂ ᠰᠤᠷᠤᠯᠴᠯᠠᠭ᠎ᠠ ᠶᠢᠨ | ᠦᠷ᠎ᠡ ᠪᠦᠲᠦᠭᠡᠯ ᠢ ᠭᠡᠷᠡᠭᠯᠡᠬᠦ ᠶᠢ ᠬᠦᠨᠵᠡᠬᠡᠶᠢᠷᠡᠬᠦᠯᠵᠤ ᠪᠠᠶᠢᠨ᠎ᠠ᠃ ︽ᠪᠦᠬᠦ ᠬᠤᠰᠢᠭᠤᠨ ᠤ ᠰᠠᠬᠢᠯᠭ᠎ᠠ ᠪᠠᠳᠤ | ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠰᠤᠷᠤᠯᠴᠠᠯᠭ᠎ᠠ ᠶᠢᠨ | ᠮᠠᠲ᠋ᠧᠷᠢᠶᠠᠯ ᠤᠨ ᠡᠮᠬᠢᠳᠭᠡᠯ︾ ᠵᠡᠷᠭᠡ ᠳᠤᠰᠬᠠᠢ ᠭᠡᠷᠡᠭᠯᠡᠬᠦ ᠰᠤᠷᠤᠯᠴᠠᠯᠭ᠎ᠠ ᠶᠢᠨ ᠳᠡᠪᠳᠡᠷ ᠢ ᠨᠠᠶᠢᠷᠠᠭᠤᠯᠤᠨ ᠵᠤᠬᠢᠶᠠᠬᠤ | ᠶᠢᠨ ᠳᠠᠭᠠᠤ ︽ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ ᠳᠠᠭᠠᠭᠤᠯᠤᠨ ᠰᠤᠷᠤᠯᠴᠠᠵᠤ᠂ ᠭᠤᠤᠯ ᠬᠦᠴᠦᠨ | ᠳᠠᠶᠢᠯᠪᠦᠷᠢᠯᠠᠬᠤ᠂ ᠪᠦᠬᠦ ᠠᠵᠢᠯᠳᠠᠨ ᠦᠪᠡᠰᠦᠪᠡᠨ ᠰᠤᠷᠤᠯᠴᠠᠬᠤ᠂ ᠰᠢᠯᠭᠠᠯᠳᠠ ᠪᠠᠷ ᠰᠤᠷᠤᠯᠴᠠᠯᠭ᠎ᠠ ᠶᠢ ᠱᠠᠭᠠᠷᠳᠠᠬᠤ᠂ | ᠰᠤᠳᠤᠯᠤᠨ ᠶᠠᠷᠢᠯᠴᠠᠵᠤ ᠰᠤᠷᠤᠯᠴᠠᠯᠭ᠎ᠠ ᠶᠢ ᠠᠬᠢᠭᠤᠯᠬᠤ︾ ᠰᠤᠷᠤᠯᠴᠠᠯᠭ᠎ᠠ ᠶᠢᠨ ᠠᠷᠭ᠎ᠠ ᠶᠢ ᠠᠪᠴᠦ᠂ ︽ | ᠰᠤᠷᠤᠯᠴᠯᠠᠭ᠎ᠠ ᠳᠤᠮᠳᠠ ᠬᠢᠬᠦ᠂ ᠬᠢᠬᠦ ᠳᠤᠮᠳᠠ ᠰᠠᠶᠢᠵᠢᠷᠠᠭᠤᠯᠬᠤ᠂ ᠰᠠᠶᠢᠵᠢᠷᠠᠭᠤᠯᠬᠤ ᠳᠤᠮᠳᠠ ᠶᠠᠪᠤᠭᠳᠠᠭᠤᠯᠬᠤ︾ | ᠤᠷᠳᠤ ᠬᠤᠭᠤᠴᠠᠭᠠᠨ ᠤ ᠪᠦᠲᠦᠮᠵᠢᠲᠡᠢ ᠳᠤᠭᠳᠠᠴᠠ ᠶᠢ ᠪᠠᠶᠢᠭᠤᠯᠵᠤ᠂ ︽ᠬᠤᠶᠠᠷ ᠢ ᠰᠤᠷᠤᠯᠴᠠᠵᠤ ᠬᠢᠷᠢ | ᠲᠡᠩᠴᠡᠭᠰᠡᠨ ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠤᠨ ᠳᠦᠮᠵᠢᠬᠦᠯᠬᠦ ᠶᠢ | ᠪᠦᠲᠦᠮᠵᠢᠲᠡᠢ ᠦᠷᠭᠡᠳᠭᠡᠨ ᠬᠦᠨᠵᠡᠬᠡᠶᠢᠷᠡᠬᠦᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠬᠤᠪᠢᠷᠠᠭᠤᠯᠤᠨ | ᠭᠡᠷᠡᠭᠯᠡᠬᠦ ᠶᠢ ᠨᠠᠷᠢᠯᠢᠭᠵᠢᠭᠤᠯᠵᠤ᠂ ᠬᠢᠨᠠᠯᠳᠠ ᠳᠠᠯᠪᠢᠵᠤ ᠰᠠᠬᠢᠯᠭ᠎ᠠ ᠪᠠᠳᠤ ᠶᠢ ᠶᠠᠪᠤᠭᠳᠠᠭᠤᠯᠬᠤ ︽ᠳᠦᠷᠪᠡᠨ ᠵᠦᠢᠯ | ᠤᠨ ᠳᠦᠷᠢ ᠳᠦᠷᠰᠦ︾ ᠶᠢᠨ ᠴᠢᠳᠠᠪᠦᠷᠢ ᠶᠢ ᠭᠡᠷᠡᠭᠯᠡᠬᠦ ᠶᠢ ᠠᠬᠢᠭᠤᠯᠤᠨ ᠨᠠᠶᠢᠳᠠᠪᠦᠷᠢᠵᠢᠭᠤᠯᠬᠤ᠂ ᠠᠰᠠᠭᠤᠳᠠᠯ ᠤᠨ | ᠰᠦᠪᠡᠭᠴᠢ ᠶᠢ ᠴᠠᠭ ᠳᠤᠬᠠᠢ ᠳᠤ ᠨᠢ ᠡᠷᠬᠢᠯᠡᠵᠤ ᠳᠠᠭᠤᠰᠬᠠᠬᠤ᠂ ᠰᠠᠬᠢᠯᠭ᠎ᠠ ᠪᠠᠳᠤ ᠶᠢ ᠶᠠᠪᠤᠭᠳᠠᠭᠤᠯᠵᠤ ᠬᠢᠨᠠᠨ | ᠪᠠᠶᠢᠴᠠᠭᠠᠬᠤ ᠳᠤ ᠠᠮᠤᠷ ᠲᠦᠪᠰᠢᠨ ᠪᠤᠯᠪᠠᠰᠤᠨ᠂ ᠳᠤᠭᠤᠷᠢᠨ ᠪᠠᠶᠢᠴᠠᠭᠠᠵᠤ ᠴᠠᠭᠳᠠᠨ ᠪᠠᠶᠢᠴᠠᠭᠠᠨ ᠵᠠᠰᠠᠨ ᠴᠡᠭᠴᠡᠯᠡᠬᠦ | ᠵᠡᠷᠭᠡ ᠵᠡᠷᠭᠡ ᠵᠦᠢᠯ ᠤᠨ ᠭᠤᠤᠯᠳᠠᠯᠭ᠎ᠠ ᠲᠠᠢ ᠠᠵᠢᠯ ᠤᠨ ᠳᠤᠮᠳᠠ ᠺᠠᠳ᠋ᠷ ᠤᠨ ᠡᠩᠨᠡᠭᠡ ᠶᠢᠨ ᠤᠯᠤᠰ ᠳᠦᠷᠦ ᠶᠢᠨ | ᠤᠬᠠᠮᠰᠠᠷ᠂ ᠳᠤᠬᠠᠶᠢᠯᠠᠭᠰᠠᠨ ᠠᠵᠢᠯ ᠤᠨ ᠬᠡᠪ ᠴᠢᠨᠠᠷ ᠪᠠ ᠡᠬᠦᠷᠭᠡ ᠪᠠᠨ ᠬᠦᠢᠴᠡᠳᠭᠡᠬᠦ ᠴᠢᠳᠠᠪᠦᠷᠢ ᠶᠢ | ᠳᠡᠭᠡᠭᠰᠢᠯᠡᠬᠦᠯᠬᠦ᠂ ᠬᠢᠨᠠᠯᠳᠠ ᠳᠠᠯᠪᠢᠵᠤ ᠰᠠᠬᠢᠯᠭ᠎ᠠ ᠪᠠᠳᠤ ᠶᠢ ᠶᠠᠪᠤᠭᠳᠠᠭᠤᠯᠬᠤ ᠠᠵᠢᠯ ᠢ ᠪᠦᠬᠦ ᠳᠠᠯ᠎ᠠ ᠪᠠᠷ ᠪᠠᠳᠤᠳᠠᠢ | ᠰᠠᠶᠢᠳᠦᠷ ᠬᠢᠬᠦ ᠳᠤ ᠦᠵᠡᠯ ᠰᠠᠨᠠᠭ᠎ᠠ᠂ ᠳᠤᠬᠠᠶᠢᠯᠠᠭᠰᠠᠨ ᠠᠵᠢᠯ᠂ ᠶᠤᠰᠤ ᠰᠤᠷᠳᠠᠯ ᠴᠢᠩᠭ᠎ᠠ ᠡᠩᠨᠡᠭᠡ ᠶᠢ ᠬᠠᠩᠭᠠᠵᠤ᠂ | ᠳᠤᠬᠠᠶᠢᠯᠠᠭᠰᠠᠨ ᠠᠵᠢᠯ ᠬᠢᠭᠡᠳ ᠴᠤᠭᠴᠠᠯᠠᠯᠳᠠ ᠶᠢᠨ ᠤᠨ ᠤ ᠠᠵᠢᠯᠯᠠᠭ᠎ᠠ ᠶᠢᠨ ︽ᠬᠤᠶᠠᠷ ᠢ ᠠᠬᠢᠭᠤᠯᠤᠨ᠂ | ᠬᠤᠶᠠᠷ ᠢ ᠳᠡᠭᠡᠭᠰᠢᠯᠡᠬᠦᠯᠬᠦ︾ ᠶᠢ ᠪᠠᠳᠤᠯᠠᠪᠠ᠃ | ︽ᠨᠢᠬᠡ ᠨᠢᠬᠡ ᠶᠢᠨ ᠬᠠᠷᠢᠴᠠᠭ᠎ᠠ︾ ᠶᠢᠨ ᠰᠢᠰᠲ᠋ᠧᠮ ᠢᠶᠠᠷ ᠰᠢᠮᠳᠠᠭᠤᠯᠤᠨ ᠵᠢᠯᠤᠭᠤᠳᠬᠤ ᠠᠷᠭ᠎ᠠ ᠠᠪᠴᠠᠯ ᠢ | ᠭᠠᠷᠭᠠᠵᠤ᠂ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ | ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭ᠎ᠠ ᠶᠢᠨ ︿ᠨᠢᠬᠡ ᠨᠢᠬᠡ ᠶᠢᠨ | ᠬᠠᠷᠢᠴᠠᠭ᠎ᠠ ﹀ ᠶᠢᠨ ᠰᠢᠰᠲ᠋ᠧᠮ ᠢᠶᠠᠷ ᠰᠢᠮᠳᠠᠭᠤᠯᠤᠨ ᠵᠢᠯᠤᠭᠤᠳᠬᠤ ᠠᠵᠢᠯ ᠤᠨ ᠳᠦᠰᠦᠯ︾ ᠵᠡᠷᠭᠡ ᠭᠡᠷᠡᠭᠴᠡᠭᠡᠲᠦ | ᠠᠷᠭ᠎ᠠ ᠠᠪᠴᠠᠯ ᠢ ᠳᠤᠭᠳᠠᠭᠠᠵᠤ᠂ ᠡᠬᠦᠷᠭᠡ ᠬᠠᠷᠠᠯᠳᠠ ᠪᠠᠨ ᠨᠠᠷᠢᠯᠢᠭᠵᠢᠭᠤᠯᠵᠤ᠂ ᠬᠠᠷᠢᠭᠤᠴᠠᠯᠭ᠎ᠠ ᠪᠠᠨ | ᠨᠠᠶᠢᠳᠠᠪᠦᠷᠢᠵᠢᠭᠤᠯᠬᠤ ᠶᠢ ᠴᠢᠩᠭ᠎ᠠ ᠠᠳᠬᠤᠪᠠ᠃ ᠬᠤᠷᠢᠶ᠎ᠠ ᠳᠤᠪᠴᠢᠶ᠎ᠠ ᠶᠢᠨ ᠤᠳᠤᠷᠢᠳᠬᠤ ᠪᠠᠭ ᠤᠨ ᠬᠡᠰᠢᠬᠦᠳ | ᠠᠴᠠ ᠭᠡᠰᠡᠭ ᠳᠠᠭᠠᠭᠠᠴᠢᠯᠠᠨ ᠬᠠᠷᠢᠭᠤᠴᠠᠬᠤ ᠳᠦᠷᠢᠮ ᠢ ᠦᠨᠳᠦᠰᠦᠯᠡᠵᠤ᠂ ᠪᠦᠬᠦ ᠬᠤᠰᠢᠭᠤᠨ ᠤ 20 ᠰᠠᠬᠢᠯᠭ᠎ᠠ | ᠪᠠᠳᠤ ᠪᠠᠶᠢᠴᠠᠭᠠᠬᠤ ᠳᠤᠭᠤᠶᠢᠯᠠᠩ 4 ᠪᠦᠯᠦᠭ ᠬᠤᠪᠢᠶᠠᠵᠤ᠂ ᠳᠤᠰ ᠪᠦᠷᠢ 4 ᠨᠡᠷᠡᠰ ᠬᠤᠷᠢᠶ᠎ᠠ ᠳᠤᠪᠴᠢᠶ᠎ᠠ ᠶᠢᠨ | ᠤᠳᠤᠷᠢᠳᠬᠤ ᠪᠠᠭ ᠤᠨ ᠬᠡᠰᠢᠬᠦᠨ ᠠᠴᠠ ᠡᠯ᠎ᠡ ᠳᠤᠮᠢᠯᠠᠨ ᠰᠠᠭᠤᠯᠭᠠᠭᠰᠠᠨ ᠰᠠᠬᠢᠯᠭ᠎ᠠ ᠪᠠᠳᠤ ᠪᠠᠶᠢᠴᠠᠭᠠᠬᠤ | ᠳᠤᠭᠤᠶᠢᠯᠠᠩ ᠢ ᠬᠠᠷᠢᠭᠤᠴᠠᠨ ᠵᠢᠯᠤᠭᠤᠳᠴᠦ᠂ ᠬᠤᠷᠢᠶ᠎ᠠ ᠳᠤᠪᠴᠢᠶ᠎ᠠ ᠶᠢᠨ 12 ᠬᠡᠯᠳᠡᠰ ᠳᠠᠰᠤᠭ ᠠᠴᠠ ᠳᠤᠰ ᠪᠦᠷᠢ | ᠡᠯ᠎ᠡ ᠰᠤᠮᠤ ᠪᠠᠯᠭᠠᠰᠤ ᠶᠢᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠴᠤᠭᠴᠠᠯᠠᠯᠳᠠ ᠶᠢᠨ ᠤᠨ ᠤ ᠠᠵᠢᠯᠯᠠᠭ᠎ᠠ | ᠶᠢ ᠦᠷᠨᠢᠬᠦᠯᠵᠤ ᠪᠠᠶᠢᠭ᠎ᠠ ᠶᠢ ᠰᠢᠮᠳᠠᠭᠤᠯᠤᠨ ᠵᠢᠯᠤᠭᠤᠳᠴᠦ᠂ ᠰᠤᠮᠤ ᠪᠠᠯᠭᠠᠰᠤᠨ ᠤ ᠰᠠᠬᠢᠯᠭ᠎ᠠ ᠪᠠᠳᠤ ᠪᠠᠶᠢᠴᠠᠭᠠᠬᠤ | ᠬᠤᠷᠢᠶ᠎ᠠ ᠵᠢᠴᠢ ᠳᠤᠮᠢᠯᠠᠨ ᠰᠠᠭᠤᠯᠭᠠᠭᠰᠠᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢ ᠬᠠᠪᠰᠤᠷᠴᠦ᠂ ᠤᠷᠤᠰᠢᠵᠤ | ᠪᠠᠶᠢᠭ᠎ᠠ ᠠᠰᠠᠭᠤᠳᠠᠯ ᠪᠠ ᠳᠤᠳᠠᠭᠳᠠᠯ ᠢ ᠡᠷᠢᠵᠤ᠂ ᠠᠵᠢᠯ ᠤᠨ ᠬᠢᠯᠠᠰ ᠴᠡᠭ ᠪᠠ ᠨᠡᠶᠢᠳᠡᠯᠢᠭ ᠵᠢᠱᠢᠶ᠎ᠡ ᠶᠢ | ᠠᠭᠤᠳᠠᠯᠠᠵᠤ᠂ ᠠᠵᠢᠯᠯᠠᠭᠠᠨ ᠤ ᠡᠯ᠎ᠡ ᠱᠠᠳᠤᠨ ᠤ ᠠᠵᠢᠯ ᠢ ᠦᠷᠬᠦᠯᠵᠢᠯᠡᠨ ᠵᠤᠬᠢᠴᠠᠭᠤᠯᠤᠨ ᠨᠢᠬᠡᠳᠦᠯᠲᠡᠢ ᠳᠦᠯᠦᠪᠯᠡᠨ | ᠠᠬᠢᠭᠤᠯᠪᠠ᠃ | ᠳᠦᠷᠢᠮᠵᠢᠬᠦᠯᠦᠨ ᠠᠵᠢᠯᠯᠠᠬᠤ ᠭᠠᠷ ᠳᠡᠪᠳᠡᠷ ᠵᠢᠴᠢ ᠳᠦᠷᠦᠯ ᠵᠦᠢᠯ ᠤᠨ ᠳᠡᠪᠳᠡᠷ ᠢ ᠵᠤᠬᠢᠶᠠᠵᠤ᠂ ᠡᠩ ᠤᠨ | ᠴᠠᠭ ᠲᠤ ᠬᠢᠨᠠᠨ ᠡᠵᠡᠮᠳᠡᠬᠦ ᠪᠠ ᠬᠦᠳᠡᠯᠦᠯᠲᠦ ᠬᠠᠮᠢᠶᠠᠷᠤᠯᠳᠠ ᠬᠢᠬᠦ ᠶᠢ ᠬᠠᠪᠰᠤᠷᠭᠠᠪᠠ᠃ ᠠᠵᠢᠯᠯᠠᠭᠠᠨ ᠤ ︽ | ᠭᠡᠷᠡᠭᠵᠢᠬᠦᠯᠬᠦ ᠳᠦᠰᠦᠯ︾ ᠢ ᠦᠨᠳᠦᠰᠦᠯᠡᠵᠤ᠂ ᠨᠢᠭᠡᠳᠦᠯᠲᠦᠢ ᠤᠳᠤᠷᠢᠳᠤᠯᠭ᠎ᠠ᠂ ᠨᠢᠬᠡᠳᠦᠯᠲᠡᠢ ᠪᠠᠷᠢᠮᠵᠢᠶ᠎ᠠ᠂ | ᠨᠢᠬᠡᠳᠦᠯᠲᠡᠢ ᠵᠤᠬᠢᠶᠠᠨ ᠪᠠᠶᠢᠭᠤᠯᠬᠤ᠂ ᠨᠮᠢᠬᠡᠳᠦᠯᠲᠡᠢ ᠳᠤᠬᠢᠷᠠᠭᠤᠯᠤᠯᠳᠠ ᠬᠢᠬᠦ᠂ ᠨᠢᠬᠡᠳᠦᠯᠲᠡᠢ ᠬᠠᠮᠢᠶᠠᠷᠬᠤ ︽ | ᠵᠢᠷᠭᠤᠭ᠎ᠠ ᠶᠢ ᠨᠢᠬᠡᠳᠭᠡᠬᠦ︾ ᠠᠷᠭ᠎ᠠ ᠠᠪᠴᠠᠯ ᠢ ᠠᠪᠴᠤ᠂ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ | ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ | ᠠᠵᠢᠯᠯᠠᠭ᠎ᠠ ᠶᠢᠨ ᠳᠦᠷᠢᠮᠵᠢᠬᠦᠨ ᠠᠵᠢᠯᠯᠠᠬᠤ ᠭᠠᠷ ᠳᠡᠪᠳᠡᠷ︾ ᠢ ᠵᠤᠬᠢᠶᠠᠵᠤ᠂ ︽ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ | ᠴᠤᠭᠴᠠᠯᠠᠯᠳᠠ ᠶᠢᠨ ᠤᠨ ᠤ ᠠᠵᠢᠯᠯᠠᠭ᠎ᠠ ᠶᠢᠨ ᠳᠦᠷᠦᠯ ᠵᠦᠢᠯ ᠤᠨ ᠬᠠᠭᠤᠳᠠᠰᠤ︾ ᠶᠢ ᠬᠠᠨ᠎ᠠ ᠳᠤ ᠡᠯᠬᠦᠵᠤ᠂ | ᠠᠵᠢᠯᠯᠠᠭᠠᠨ ᠤ ᠴᠠᠭ ᠬᠤᠭᠤᠴᠠᠭ᠎ᠠ ᠪᠠ ᠶᠠᠪᠤᠴᠠ ᠶᠢᠨ ᠵᠢᠷᠤᠭ ᠢ ᠳᠤᠳᠤᠷᠬᠠᠶᠢᠯᠠᠵᠤ᠂ ︽ᠵᠢᠷᠤᠭ ᠢ ᠡᠯᠬᠦᠵᠤ | ᠠᠵᠢᠯᠯᠠᠬᠤ︾ ᠬᠡᠯᠪᠡᠷᠢ ᠶᠢ ᠠᠪᠴᠦ᠂ ᠠᠵᠢᠯᠯᠠᠭᠠᠨ ᠤ ︽ᠳᠤᠭᠳᠠᠭᠰᠠᠨ ᠠᠵᠢᠯᠯᠠᠭ᠎ᠠ︾ ᠶᠢᠨ ᠳᠦᠷᠢᠮᠵᠢᠬᠦᠨ | ᠬᠠᠮᠢᠶᠠᠷᠤᠯᠳᠠ᠂ ︽ᠦᠪᠡᠰᠦᠪᠡᠨ ᠰᠤᠩᠭᠤᠬᠤ ᠠᠵᠢᠯᠯᠠᠭ᠎ᠠ︾ ᠶᠢᠨ ᠳᠤᠰᠬᠠᠢ ᠵᠦᠢᠯ ᠤᠨ ᠬᠠᠮᠢᠶᠠᠷᠤᠯᠳᠠ᠂ | ᠠᠵᠢᠯᠯᠠᠭᠠᠨ ᠤ ᠡᠩ ᠤᠨ ᠪᠠᠶᠢᠳᠠᠯ ᠤᠨ ᠬᠢᠨᠠᠨ ᠡᠵᠡᠮᠳᠡᠬᠦ ᠪᠠ ᠪᠦᠬᠦ ᠶᠠᠪᠤᠴᠠ ᠶᠢᠨ ᠬᠦᠳᠡᠯᠦᠯᠲᠦ ᠬᠠᠮᠢᠶᠠᠷᠤᠯᠳᠠ ᠶᠢ | ᠴᠢᠬᠤᠯᠠᠴᠢᠯᠠᠵᠤ᠂ ᠠᠵᠢᠯᠯᠠᠭᠠᠨ ᠤ ᠳᠦᠷᠦᠯ ᠵᠦᠢᠯᠵᠢᠯᠲᠡ᠂ ᠳᠦᠷᠢᠮᠵᠢᠯᠲᠡ᠂ ᠰᠢᠮᠵᠢᠯᠡᠬᠦ ᠤᠬᠠᠭᠠᠨᠴᠢᠯᠠᠯᠳᠠ | ᠬᠠᠮᠢᠶᠠᠷᠤᠯᠳᠠ ᠶᠢᠨ ᠠᠵᠢᠯ ᠢ ᠪᠦᠲᠦᠮᠵᠢᠲᠡᠢ ᠠᠬᠢᠭᠤᠯᠪᠠ᠃ | ᠴᠢᠭᠡᠴᠢ ᠵᠠᠰᠠᠭ ᠤᠨ ᠬᠦᠮᠦᠵᠢᠯ ᠤᠨ ᠤᠨᠴᠠᠯᠢᠬᠲᠦ ᠬᠢᠯᠠᠰ ᠴᠡᠭ ᠢ ᠢᠯᠡᠷᠡᠬᠦᠯᠵᠤ᠂ ᠦᠵᠡᠯ ᠰᠠᠨᠠᠭ᠎ᠠ ᠶᠤᠰᠤ | ᠰᠤᠷᠳᠠᠬᠤᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠬᠦᠯᠪᠡ᠃ ᠰᠤᠮᠤ ᠪᠠᠯᠭᠠᠰᠤᠨ ᠤ ᠰᠠᠬᠢᠯᠭ᠎ᠠ ᠪᠠᠳᠤ | ᠪᠠᠶᠢᠴᠠᠭᠠᠬᠤ ᠬᠤᠷᠢᠶ᠎ᠠ ᠪᠠ ᠬᠤᠰᠢᠭᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠳᠤ ᠳᠤᠮᠢᠯᠠᠨ ᠰᠠᠭᠤᠯᠭᠠᠭᠰᠠᠨ | ᠰᠠᠬᠢᠯᠭ᠎ᠠ ᠪᠠᠳᠤ ᠪᠠᠶᠢᠴᠠᠭᠠᠬᠤ ᠳᠤᠭᠤᠶᠢᠯᠠᠩ ᠠᠴᠠ ᠰᠡᠳᠬᠢᠴᠡ ᠪᠠᠨ ᠰᠦᠪᠡᠭᠴᠢᠯᠡᠵᠤ᠂ ᠠᠷᠭ᠎ᠠ ᠪᠤᠳᠤᠯᠭ᠎ᠠ ᠶᠢ | ᠪᠤᠳᠤᠵᠤ᠂ ᠪᠤᠳᠠᠳᠠᠢ ᠠᠷᠭ᠎ᠠ ᠶᠢ ᠭᠠᠷᠭᠠᠵᠤ᠂ ᠴᠢᠭᠡᠴᠢ ᠵᠠᠰᠠᠭ ᠤᠨ ᠬᠦᠮᠦᠵᠢᠯ ᠤᠨ ᠰᠡᠷᠡᠮᠵᠢᠯᠡᠬᠦᠯᠬᠦ ᠪᠤᠭᠤᠮᠳᠠ ᠶᠢ | ᠴᠢᠩᠭᠠᠳᠬᠠᠨ᠂ ᠪᠠᠶᠢᠩᠭᠤ ᠶᠢᠨ ᠴᠢᠨᠠᠷ ᠲᠠᠢ ᠴᠢᠭᠡᠴᠢ ᠵᠠᠰᠠᠭ ᠤᠨ ᠬᠦᠮᠦᠵᠢᠯ ᠢᠶᠠᠷ ᠨᠠᠮ ᠤᠨ ᠭᠡᠰᠢᠬᠦᠨ ᠺᠠᠳ᠋ᠷ ᠤᠨ | ᠡᠩᠨᠡᠭᠡ ᠶᠢᠨ ᠪᠠᠶᠢᠭᠤᠯᠤᠯᠳᠠ ᠶᠢ ᠴᠢᠩᠭᠠᠷᠠᠭᠤᠯᠪᠠ᠃ ᠪᠠᠶᠠᠨᠨᠠᠭᠤᠷ ᠰᠤᠮᠤ ᠠᠴᠠ ᠴᠦᠨ ᠰᠢᠶᠠᠩ ᠤᠨ ᠳᠡᠷᠢᠬᠦᠨ ᠤ | ᠦᠢᠯᠡ ᠠᠵᠢᠯᠯᠠᠭ᠎ᠠ ᠢᠶᠠᠷ ᠭᠤᠤᠯ ᠰᠡᠳᠦᠪ ᠪᠤᠯᠭᠠᠭᠰᠠᠨ ᠴᠢᠭᠡᠴᠢ ᠵᠠᠰᠠᠭ ᠤᠨ ᠬᠦᠮᠦᠵᠢᠯ ᠤᠨ ᠦᠵᠡᠬᠦᠯᠦᠯᠭᠡ ᠶᠢᠨ | ᠦᠷᠦᠭᠡ ᠶᠢ ᠪᠠᠶᠢᠭᠤᠯᠵᠤ᠂ ᠳᠦᠯᠢᠶᠡᠮᠤᠳᠤ ᠪᠠᠯᠭᠠᠰᠤ ᠠᠴᠠ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ | ᠠᠵᠢᠯᠯᠠᠭ᠎ᠠ ᠶᠢᠨ ᠤᠨᠴᠠᠯᠢᠬᠲᠦ ᠦᠵᠡᠬᠦᠯᠦᠯᠭᠡ ᠶᠢᠨ ᠬᠠᠪᠳᠠᠰᠤ ᠶᠢ ᠪᠠᠶᠢᠷᠢᠯᠠᠭᠤᠯᠵᠤ᠂ ᠬᠠᠷᠠᠨᠢᠭᠤᠷ ᠰᠤᠮᠤ ᠠᠴᠠ | ᠴᠢᠭᠡᠴᠢ ᠵᠠᠰᠠᠭ ᠤᠨ ᠰᠤᠶᠤᠯ ᠤᠨ ᠬᠠᠨ᠎ᠠ ᠶᠢ ᠪᠠᠶᠢᠷᠢᠯᠠᠭᠤᠯᠪᠠ᠃ ᠬᠤᠰᠢᠭᠤᠨ ᠤ ᠰᠢᠭᠤᠳ ᠬᠠᠷᠢᠶ᠎ᠠ ᠳᠤᠮᠢᠯᠠᠨ | ᠰᠠᠭᠤᠯᠭᠠᠭᠰᠠᠨ ᠨᠢᠬᠡᠳᠦᠭᠡᠷ ᠰᠠᠬᠢᠯᠭ᠎ᠠ ᠪᠠᠳᠤ ᠪᠠᠶᠢᠴᠠᠭᠠᠬᠤ ᠳᠤᠭᠤᠶᠢᠯᠠᠩ ᠠᠴᠠ ᠬᠠᠷᠢᠶᠠᠯᠠᠭᠤᠯᠬᠤ ᠨᠢᠬᠡᠴᠡ ᠳᠤ | ᠴᠢᠭᠡᠴᠢ ᠵᠠᠰᠠᠭ ᠤᠨ ᠬᠢᠴᠢᠶᠠᠯ ᠢ ᠤᠷᠤᠵᠤ᠂ ᠴᠢᠭᠡᠴᠢ ᠵᠠᠰᠠᠭ ᠤᠨ ᠦᠵᠡᠬᠦᠯᠦᠯᠭᠡ ᠶᠢ ᠳᠤᠭᠤᠷᠢᠨ ᠦᠵᠡᠬᠦᠯᠵᠤ᠂ | ᠴᠢᠭᠡᠴᠢ ᠵᠠᠰᠠᠭ ᠤᠨ ᠰᠢᠯᠭᠠᠯᠳᠠ ᠶᠢᠨ ᠰᠡᠳᠦᠪ ᠢ ᠬᠢᠯᠭᠡᠵᠤ᠂ ᠴᠢᠭᠡᠴᠢ ᠵᠠᠰᠠᠭ ᠤᠨ ᠤᠬᠠᠭᠤᠯᠭ᠎ᠠ ᠶᠢᠨ ᠫᠢᠯᠢᠮ ᠢ | ᠦᠵᠡᠬᠦᠯᠬᠦ ᠵᠡᠷᠭᠡ ︽ᠳᠠᠪᠤᠨ ᠴᠢᠭᠡᠴᠢ ᠶᠢᠨ ᠭᠤᠤᠯ ᠰᠡᠳᠦᠪᠲᠦ ᠴᠢᠭᠡᠴᠢ ᠵᠠᠰᠠᠭ ᠤᠨ ᠰᠠᠷ᠎ᠠ︾ ᠶᠢᠨ ᠠᠵᠢᠯᠯᠠᠭ᠎ᠠ ᠶᠢ | ᠦᠷᠨᠢᠬᠦᠯᠪᠡ᠃ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠳᠤᠪᠴᠢᠶ᠎ᠠ ᠶᠢᠨ ᠰᠠᠬᠢᠯᠭ᠎ᠠ ᠪᠠᠳᠤ ᠪᠠᠶᠢᠴᠠᠭᠠᠬᠤ | ᠳᠤᠭᠤᠶᠢᠯᠠᠩ ᠠᠴᠠ ᠴᠢᠭᠡᠴᠢ ᠵᠠᠰᠠᠭ ᠤᠨ ᠰᠡᠷᠡᠮᠵᠢᠯᠡᠯ ᠬᠦᠮᠦᠵᠢᠯ ᠤᠨ ᠰᠠᠭᠤᠷᠢᠨ ᠤ ᠪᠠᠶᠢᠭᠤᠯᠤᠯᠳᠠ ᠶᠢ | ᠴᠢᠩᠭᠠᠳᠬᠠᠵᠤ᠂ ᠠᠷᠢᠭᠤᠨ ᠴᠢᠭᠡᠴᠢ ᠪᠠᠷ ᠪᠡᠶ᠎ᠡ ᠪᠠᠨ ᠪᠠᠷᠢᠬᠤ ᠶᠢ ᠴᠢᠩᠭᠠᠷᠠᠭᠤᠯᠵᠤ᠂ ᠨᠢᠬᠡ ᠪᠦᠯᠦᠭ ᠦᠨᠳᠦᠰᠦᠨ | ᠱᠠᠳᠤᠨ ᠤ ᠴᠢᠭᠡᠴᠢ ᠵᠠᠰᠠᠭ ᠤᠨ ᠬᠦᠮᠦᠵᠢᠯ ᠤᠨ ᠤᠨᠴᠠᠯᠢᠬᠲᠦ ᠨᠡᠶᠢᠳᠡᠯᠢᠭ ᠵᠢᠱᠢᠶ᠎ᠡ ᠶᠢ ᠪᠤᠢ ᠪᠤᠯᠭᠠᠵᠤ᠂ ᠠᠷᠢᠭᠤᠨ | ᠴᠢᠭᠡᠴᠢ ᠶᠢ ᠨᠢᠬᠡ ᠵᠦᠢᠯ ᠤᠨ ᠤᠬᠠᠮᠰᠠᠷ ᠤᠨ ᠠᠵᠢᠯᠯᠠᠭ᠎ᠠ᠂ ᠨᠢᠬᠡ ᠵᠦᠢᠯ ᠤᠨ ᠠᠮᠢᠳᠤᠷᠠᠯ ᠤᠨ ᠳᠠᠳᠬᠠᠯ᠂ ᠨᠢᠬᠡ | ᠵᠦᠢᠯ ᠤᠨ ᠰᠤᠶᠤᠯ ᠤᠨ ᠪᠤᠯᠪᠠᠰᠤᠷᠠᠯ ᠪᠤᠯᠭᠠᠵᠤ ᠪᠠᠶᠢᠨ᠎ᠠ᠃ | ᠰᠢᠯᠢᠳᠡᠭ ᠰᠠᠬᠢᠯᠭ᠎ᠠ ᠪᠠᠳᠤ ᠪᠠᠶᠢᠴᠠᠭᠠᠬᠤ ᠺᠠᠳ᠋ᠷ ᠤᠨ ᠨᠡᠶᠢᠳᠡᠯᠢᠭ ᠵᠢᠱᠢᠶ᠎ᠡ ᠶᠢ ᠪᠤᠢ ᠪᠤᠯᠭᠠᠵᠤ᠂ ᠡᠷᠬᠢᠮ ᠳᠡᠭᠡᠲᠦ | ᠬᠦᠰᠡᠯᠡᠩ ᠤᠨ ᠢᠳᠡᠭᠡᠯ ᠤᠨ ᠬᠦᠮᠦᠵᠢᠯ ᠢ ᠴᠢᠩᠭᠠᠷᠠᠭᠤᠯᠪᠠ᠃ ᠡᠯ᠎ᠡ ᠳᠠᠯ᠎ᠠ ᠶᠢᠨ ᠡᠬᠢ ᠪᠠᠶᠠᠯᠢᠭ ᠢ ᠠᠰᠢᠭᠯᠠᠵᠤ᠂ | ᠪᠡᠶ᠎ᠡ ᠶᠢᠨ ᠬᠠᠵᠠᠭᠤ ᠳᠠᠬᠢ ᠨᠡᠶᠢᠳᠡᠯᠢᠭ ᠵᠢᠱᠢᠶ᠎ᠡ ᠶᠢ ᠬᠦᠨᠵᠡᠬᠡᠢ ᠠᠭᠤᠳᠠᠯᠠᠵᠤ᠂ ᠰᠢᠯᠢᠳᠡᠭ ᠰᠠᠬᠢᠯᠭ᠎ᠠ ᠪᠠᠳᠤ | ᠪᠠᠶᠢᠴᠠᠭᠠᠬᠤ ᠺᠠᠳ᠋ᠷ ᠴᠦᠨ ᠰᠢᠶᠠᠩ ᠨᠦᠬᠦᠷ ᠤᠨ ᠳᠦᠷᠢ ᠳᠦᠷᠬᠦ ᠶᠢ ᠳᠠᠬᠢᠨ ᠠᠮᠢᠯᠠᠭᠤᠯᠵᠤ᠂ ᠰᠢᠯᠢᠳᠡᠭ ᠰᠠᠬᠢᠯᠭ᠎ᠠ | ᠪᠠᠳᠤ ᠪᠠᠶᠢᠴᠠᠭᠠᠬᠤ ᠺᠠᠳ᠋ᠷ ᠤᠨ ᠳᠠᠭᠤᠷᠢᠶᠠᠯ ᠤᠨ ᠦᠢᠯᠡᠳᠦᠯ ᠢ ᠬᠦᠢᠴᠡᠳ ᠪᠠᠳᠠᠷᠠᠭᠤᠯᠪᠠ᠃ | ᠪᠦᠬᠦ ᠤᠯᠤᠰ ᠤᠨ ᠰᠢᠯᠢᠳᠡᠭ ᠰᠠᠬᠢᠯᠭ᠎ᠠ ᠪᠠᠳᠤ ᠪᠠᠶᠢᠴᠠᠭᠠᠬᠤ ᠺᠠᠳ᠋ᠷ ᠴᠦᠨ ᠰᠢᠶᠠᠩ ᠨᠦᠬᠦᠷ ᠤᠨ ᠳᠡᠷᠢᠬᠦᠨ ᠤ | ᠦᠢᠯᠡ ᠠᠵᠢᠯᠯᠠᠭ᠎ᠠ ᠶᠢ ᠴᠤᠭᠯᠠᠭᠤᠯᠤᠨ ᠡᠮᠬᠢᠳᠭᠡᠵᠤ᠂ ᠨᠡᠬᠡᠮᠵᠢᠯᠡᠨ ᠰᠤᠷᠪᠤᠯᠵᠢᠯᠠᠬᠤ ᠪᠠᠷ ᠳᠠᠮᠵᠢᠨ᠂ ︽ᠦᠨᠢᠳᠡ | ᠶᠢᠨ ᠵᠤᠯᠭᠠᠷᠠᠰᠢ ᠦᠬᠡᠢ ᠰᠠᠷᠠᠯᠠᠩ ᠴᠡᠴᠡᠭ︾ ᠬᠡᠬᠦ ᠰᠤᠨᠢᠨ ᠮᠡᠳᠡᠭᠡᠨ ᠤ ᠤᠬᠠᠭᠤᠯᠭ᠎ᠠ ᠶᠢᠨ ᠡᠬᠢ ᠨᠤᠤᠷᠠᠭ ᠢ | ᠨᠠᠶᠢᠷᠠᠭᠤᠯᠤᠨ ᠵᠤᠬᠢᠶᠠᠵᠤ᠂ ᠪᠢᠴᠢᠯ ᠺᠢᠨᠣ᠋ ︽ᠴᠦᠨ ᠰᠢᠶᠠᠩ︾ ᠢ ᠵᠢᠷᠤᠭ ᠳᠠᠳᠠᠨ ᠰᠢᠩᠭᠡᠵᠤ᠂ ᠴᠦᠨ ᠰᠢᠶᠠᠩ ᠤᠨ | ᠦᠢᠯᠡ ᠠᠵᠢᠯᠯᠠᠭ᠎ᠠ ᠶᠢᠨ ᠭᠤᠤᠯ ᠰᠡᠳᠦᠪᠲᠦ ᠴᠢᠭᠡᠴᠢ ᠵᠠᠰᠠᠭ ᠤᠨ ᠬᠦᠮᠦᠵᠢᠯ ᠤᠨ ᠦᠵᠬᠡᠦᠯᠦᠯᠭᠡ ᠶᠢᠨ ᠦᠷᠦᠭᠡ ᠶᠢ | ᠪᠠᠶᠢᠭᠤᠯᠵᠤ᠂ ᠴᠦᠨ ᠰᠢᠶᠠᠩ ᠤᠨ ᠦᠢᠯᠡ ᠠᠵᠢᠯᠯᠠᠭ᠎ᠠ ᠶᠢᠨ ᠳᠤᠰᠬᠠᠢ ᠰᠡᠳᠦᠪᠲᠦ ᠤᠬᠠᠭᠤᠯᠭ᠎ᠠ ᠶᠢᠨ ᠴᠤᠩᠬᠤ ᠶᠢ | ᠨᠡᠬᠡᠬᠡᠵᠤ᠂ ᠴᠦᠨ ᠰᠢᠶᠠᠩ ᠨᠦᠬᠦᠷ ᠠᠴᠠ ᠰᠤᠷᠤᠯᠴᠠᠬᠤ ᠤᠷᠢᠶᠠᠯᠠᠭ᠎ᠠ ᠶᠢᠨ ᠪᠢᠴᠢᠭ ᠢ ᠭᠠᠷᠭᠠᠵᠤ᠂ ᠴᠦᠨ ᠰᠢᠶᠠᠩ | ᠨᠦᠬᠦᠷ ᠠᠴᠠ ᠰᠤᠷᠤᠯᠴᠠᠬᠤ ᠦᠷᠨᠢᠯᠲᠡ ᠭᠠᠷᠴᠦ᠂ ᠰᠠᠬᠢᠯᠭ᠎ᠠ ᠪᠠᠳᠤ ᠪᠠᠶᠢᠴᠠᠭᠠᠬᠤ ᠺᠠᠳ᠋ᠷ ᠤᠨ ᠤᠯᠤᠰ ᠳᠦᠷᠦ ᠶᠢᠨ | ᠬᠦᠰᠡᠯᠡᠩ ᠤᠨ ᠢᠳᠡᠭᠡᠯ ᠢ ᠴᠢᠩᠳᠠᠯᠠᠵᠤ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠦᠨᠡᠨᠴᠢ | ᠰᠢᠳᠤᠷᠭᠤ ᠡᠬᠦᠷᠭᠡ ᠡᠬᠦᠷᠭᠡᠯᠡᠬᠦ ᠳᠠᠭᠤᠷᠢᠶᠠᠯ ᠪᠤᠯᠬᠤ ᠶᠢ ᠵᠢᠱᠢᠶ᠎ᠡ ᠦᠵᠡᠬᠦᠯᠦᠨ ᠬᠦᠳᠦᠯᠦᠨ ᠳᠠᠭᠠᠭᠤᠯᠪᠠ᠃ ︽ | ᠴᠦᠨ ᠰᠢᠶᠠᠩ︾ ᠪᠢᠴᠢᠯ ᠺᠢᠨᠣ᠋ ᠶᠢ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠳᠤ | ᠪᠠᠶᠢᠴᠠᠭᠠᠬᠤ ᠬᠤᠷᠢᠶᠠᠨ ᠤ ᠰᠠᠬᠢᠯᠭ᠎ᠠ ᠪᠠᠳᠤ ᠶᠢ ᠶᠠᠪᠤᠭᠳᠠᠭᠤᠯᠵᠤ ᠬᠢᠨᠠᠯᠳᠠ ᠳᠠᠯᠪᠢᠬᠤ ᠳᠤᠬᠠᠶᠢᠯᠠᠭᠰᠠᠨ ᠠᠵᠢᠯ ᠤᠨ | ᠪᠤᠯᠪᠠᠰᠤᠷᠠᠯ ᠤᠨ ᠠᠩᠬᠢ︾ ᠵᠦᠪ ᠳᠠᠯ᠎ᠠ ᠶᠢᠨ ᠨᠡᠶᠢᠳᠡᠯᠢᠭ ᠵᠢᠱᠢᠶ᠎ᠡ ᠪᠤᠯᠭᠠᠨ ᠨᠡᠪᠳᠡᠷᠡᠬᠦᠯᠵᠤ᠂ ᠮᠠᠨ ᠤ ᠬᠤᠰᠢᠭᠤᠨ | ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠴᠢᠭᠡᠴᠢ ᠵᠠᠰᠠᠭ ᠤᠨ ᠰᠤᠶᠤᠯ ᠤᠨ ᠺᠢᠨᠣ᠋ ᠲᠧᠯᠸᠢᠰ ᠤᠨ ᠪᠦᠲᠦᠭᠡᠯ | ᠦᠬᠡᠢ ᠪᠠᠶᠢᠬᠤ ᠳᠡᠤᠭᠡ ᠶᠢ ᠡᠴᠦᠰᠯᠡᠬᠦᠯᠪᠡ᠃ | ᠴᠢᠭᠡᠴᠢ ᠵᠠᠰᠠᠭ ᠤᠨ ᠰᠤᠶᠤᠯ ᠤᠨ ᠰᠢᠨ᠎ᠡ ᠶᠢ ᠡᠬᠦᠳᠬᠦ ᠠᠵᠢᠯᠯᠠᠭ᠎ᠠ ᠶᠢ ᠦᠷᠨᠢᠬᠦᠯᠵᠤ᠂ ᠪᠦᠬᠦᠶᠢᠯᠡ ᠴᠤᠭᠴᠠ | ᠶᠢᠨ ᠴᠢᠭᠡᠴᠢ ᠵᠠᠰᠠᠭ ᠤᠨ ᠪᠠᠶᠢᠳᠠᠯ ᠢ ᠳᠡᠭᠡᠭᠰᠢᠯᠡᠬᠦᠯᠪᠡ᠃ ︽ᠮᠤᠩᠭᠤᠯ ᠬᠡᠯᠡ ᠪᠢᠴᠢᠭ ᠤᠨ ᠤᠷᠠᠨ ᠪᠢᠴᠢᠯᠭᠡ ᠶᠢᠨ | ᠨᠤᠳᠤᠭ︾ ᠪᠠ ︽ᠦᠯᠢᠬᠡᠷ ᠤᠨ ᠨᠤᠳᠤᠭ︾ ᠤᠨ ᠨᠡᠷᠡᠲᠦ ᠳᠡᠮᠳᠡᠭ ᠢ ᠠᠰᠢᠭᠯᠠᠵᠤ᠂ ᠰᠠᠬᠢᠯᠭ᠎ᠠ ᠪᠠᠳᠤ ᠪᠠᠶᠢᠴᠠᠭᠠᠬᠤ | ᠵᠠᠳ᠋ᠷ ᠤᠨ ᠳᠤᠬᠠᠶᠢᠯᠠᠭᠰᠠᠨ ᠠᠵᠢᠯ ᠤᠨ ᠮᠡᠳᠡᠯᠭᠡ ᠶᠢᠨ ︽ᠶᠠᠷᠢᠶᠠᠨ ᠤ ᠳᠠᠪᠴᠠᠩ︾ ᠢ ᠶᠠᠪᠤᠭᠳᠠᠭᠤᠯᠵᠤ᠂ ᠴᠢᠭᠡᠴᠢ | ᠵᠠᠰᠠᠭ ᠤᠨ ᠰᠤᠶᠤᠯ ᠤᠨ ︽ᠪᠦᠵᠢᠭ ᠤᠨ ᠳᠠᠪᠴᠠᠩ︾ ᠢ ᠪᠠᠶᠢᠷᠢᠯᠠᠭᠤᠯᠵᠤ᠂ ︽ᠦᠪᠦᠷ ᠮᠤᠩᠭᠤᠯ ᠤᠨ | ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠣᠭᠳᠤᠬᠤ ᠵᠢᠴᠢ ᠰᠠᠬᠢᠯᠭ᠎ᠠ ᠪᠠᠳᠤ | ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ︿ᠴᠢᠭᠡᠴᠢ ᠵᠠᠰᠠᠭ ᠤᠨ ᠰᠤᠶᠤᠯ﹀ ᠤᠨ ᠤᠷᠠᠨ ᠪᠢᠴᠢᠯᠭᠡ | ᠶᠢᠨ ᠦᠵᠡᠬᠦᠯᠦᠯᠭᠡ ᠪᠠ ︽ᠵᠠᠭᠤᠨ ᠬᠤᠭᠤᠷᠴᠢ ᠴᠢᠭᠡᠴᠢ ᠵᠠᠰᠠᠭ ᠢ ᠶᠠᠷᠢᠵᠤ ᠳᠠᠭᠤᠯᠠᠬᠤ︾ ᠰᠢᠷᠢᠰ ᠤᠨᠴᠠᠯᠢᠭᠲᠦ | ᠰᠢᠨ᠎ᠡ ᠶᠢ ᠡᠬᠦᠳᠬᠦ ᠠᠵᠢᠯᠯᠠᠭ᠎ᠠ ᠶᠢ ᠦᠷᠨᠢᠬᠦᠯᠵᠤ᠂ ᠴᠢᠭᠡᠴᠢ ᠵᠠᠰᠠᠭ ᠤᠨ ᠰᠤᠶᠤᠯ ᠬᠢᠭᠡᠳ ᠦᠨᠳᠦᠰᠦᠳᠡᠨ ᠤ | ᠰᠤᠶᠤᠯ ᠤᠨ ᠬᠦᠨ ᠠᠭᠤᠰᠤᠯᠴᠠᠯ ᠬᠦᠭᠵᠢᠯᠲᠡ ᠶᠢ ᠠᠬᠢᠭᠤᠯᠵᠤ᠂ ᠴᠢᠭᠡᠴᠢ ᠵᠠᠰᠠᠭ ᠤᠨ ᠰᠤᠶᠤᠯ ᠢ ᠨᠦᠯᠦᠬᠡᠯᠡᠯ ᠤᠨ | ᠬᠦᠴᠦᠨ ᠲᠠᠢ ᠪᠤᠯᠭᠠᠪᠠ᠃ ᠳᠦᠰᠢᠶᠡᠲᠦ ᠶᠢᠨ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ | ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠴᠢᠭᠡᠴᠢ ᠵᠠᠰᠠᠭ ᠤᠨ ᠰᠤᠶᠤᠯ ᠤᠨ ᠤᠷᠠᠨ ᠪᠢᠴᠢᠯᠭᠡ ᠶᠢᠨ | ᠪᠦᠲᠦᠭᠡᠯ ᠤᠨ ᠳᠡᠬᠦᠪᠦᠷᠢ︾ ᠶᠢ ᠡᠮᠬᠢᠳᠭᠡᠨ ᠨᠠᠶᠢᠷᠠᠭᠤᠯᠵᠤ ᠳᠠᠷᠤᠮᠠᠯᠯᠠᠵᠤ᠂ ᠵᠠᠭᠤᠨ ᠬᠤᠭᠤᠷᠴᠢ ᠶᠢ ᠵᠤᠬᠢᠶᠠᠨ | ᠪᠠᠶᠢᠭᠤᠯᠵᠤ ᠬᠤᠯᠪᠤᠭ᠎ᠠ ︽ᠰᠠᠬᠢᠯᠭ᠎ᠠ ᠪᠠᠳᠤ ᠶᠢᠨ ᠮᠠᠭᠳᠠᠭᠠᠯ︾᠂ ᠦᠯᠢᠬᠡᠷ ︽ᠰᠠᠬᠢᠯᠭ᠎ᠠ ᠪᠠᠳᠤ ᠪᠠᠶᠢᠴᠠᠭᠠᠬᠤ ᠺᠠᠳ᠋ᠷ | ᠴᠦᠨ ᠰᠢᠶᠠᠩ︾᠂ ︽ᠳᠤᠰᠬᠤᠨ ᠳᠤ ᠰᠠᠭᠤᠭ᠎ᠠ ᠺᠠᠳ᠋ᠷ ᠸᠠᠩ ᠳᠤᠶᠠᠭ᠎ᠠ︾ ᠶᠢ ᠶᠠᠷᠢᠵᠤ ᠳᠠᠭᠤᠯᠠᠨ᠂ ᠺᠠᠳ᠋ᠷ ᠤᠯᠠᠨ | ᠤ ︽ᠴᠢᠭᠡᠴᠢ ᠵᠠᠰᠠᠭ ᠢ ᠬᠠᠮᠳᠤ ᠪᠠᠷ ᠪᠠᠶᠢᠭᠤᠯᠬᠤ᠂ ᠴᠢᠭᠡᠴᠢ ᠵᠠᠰᠠᠭ ᠢ ᠬᠠᠮᠳᠤ ᠪᠠᠷ ᠡᠳ᠋ᠯᠡᠬᠦ᠂ ᠴᠢᠭᠡᠴᠢ ᠵᠠᠰᠠᠭ ᠢ | ᠬᠠᠮᠳᠤ ᠪᠠᠷ ᠠᠬᠢᠭᠤᠯᠬᠤ︾ ᠰᠢᠨ᠎ᠡ ᠪᠡᠶᠢᠳᠠᠯ ᠢ ᠪᠤᠢ ᠪᠤᠯᠭᠠᠵᠤ᠂ ᠪᠦᠬᠦ ᠬᠤᠰᠢᠭᠤᠨ ᠤ ᠪᠦᠬᠦᠶᠢᠯᠡ ᠴᠤᠭᠴᠠ ᠶᠢᠨ | ᠴᠢᠭᠡᠴᠢ ᠵᠠᠰᠠᠭ ᠤᠨ ᠪᠠᠶᠢᠳᠠᠯ ᠢ ᠳᠡᠭᠡᠭᠰᠢᠯᠡᠬᠦᠯᠪᠡ᠃ | ᠤᠬᠠᠭᠤᠯᠭ᠎ᠠ ᠦᠢᠯᠡᠴᠢᠯᠡᠭᠡᠨ ᠤ ᠠᠷᠭ᠎ᠠ ᠵᠠᠮ ᠢ ᠦᠷᠭᠡᠳᠭᠡᠵᠤ᠂ ᠰᠡᠳᠬᠢᠯ ᠢᠶᠠᠨ ᠨᠢᠬᠡᠳᠭᠡᠨ ᠬᠦᠴᠦ ᠪᠠᠨ | ᠬᠠᠮᠳᠤᠳᠬᠠᠬᠤ ᠤᠷᠴᠢᠨ ᠳᠤᠭᠤᠷᠢᠨ ᠢ ᠪᠤᠢ ᠪᠤᠯᠭᠠᠪᠠ᠃ ᠡᠯ᠎ᠡ ᠱᠠᠳᠤᠨ ᠤ ᠡᠯ᠎ᠡ ᠳᠦᠷᠦᠯ ᠤᠨ ᠰᠤᠨᠢᠨ | ᠵᠠᠭᠤᠴᠢᠯᠠᠭᠤᠷ᠂ ᠳᠤᠤᠷ ᠰᠦᠯᠵᠢᠶ᠎ᠡ ᠶᠢᠨ ᠦᠷᠳᠡᠭᠡ᠂ ᠤᠯᠠᠨ ᠨᠡᠶᠢᠶᠡ ᠶᠢᠨ ᠴᠢᠬᠢᠮ ᠮᠡᠳᠡᠭᠡ ᠶᠢᠨ ᠳᠠᠪᠴᠠᠩ ᠵᠢᠴᠢ | ᠮᠤᠩᠭᠤᠯ ᠬᠢᠳᠠᠳ ᠢᠶᠠᠷ ᠨᠠᠶᠢᠷᠠᠭᠤᠯᠤᠨ ᠰᠤᠷᠠᠭ ᠵᠠᠩᠬᠢ ᠶᠢᠨ ᠳᠤᠪᠴᠢ ᠮᠡᠳᠡᠭᠡ ᠵᠡᠷᠭᠡ ᠬᠡᠯᠪᠡᠷᠢ ᠶᠢ ᠠᠰᠢᠭᠯᠠᠵᠤ᠂ | ᠪᠦᠬᠦ ᠳᠠᠯ᠎ᠠ ᠪᠠᠷ᠂ ᠤᠯᠠᠨ ᠦᠨᠴᠦᠭ ᠢᠶᠠᠷ ᠬᠦᠨᠵᠡᠬᠡᠢ ᠤᠬᠠᠭᠤᠯᠤᠨ ᠮᠡᠳᠡᠭᠡᠯᠡᠪᠡ᠃ ᠤᠳᠤᠬᠠᠨ ᠪᠤᠯᠳᠠᠯ᠎ᠠ᠂ ᠡᠬᠢ | ᠪᠢᠴᠢᠭ ᠢ ᠨᠡᠶᠢᠲᠡ 577 ᠵᠤᠷᠪᠤᠰ ᠨᠡᠶᠢᠳᠡᠯᠡᠵᠤ᠂ ᠡᠬᠦᠨ ᠳᠤ᠂ ᠤᠷᠤᠨ᠂ ᠠᠶᠢᠮᠠᠭ ᠤᠨ ᠳᠡᠰ ᠲᠤ 60 ᠵᠤᠷᠪᠤᠰ᠂ | ᠳᠤᠰ ᠱᠠᠳᠤᠨ ᠳᠤ 517 ᠵᠤᠷᠪᠤᠰ ᠨᠡᠶᠢᠳᠡᠯᠡᠪᠡ᠃ ᠳᠤᠰ ᠪᠦᠷᠢ ︽ᠦᠪᠦᠷ ᠮᠤᠩᠭᠤᠯ ᠤᠨ ᠡᠳᠦᠷ ᠤᠨ ᠰᠤᠨᠢᠨ ᠳᠤ | 1 ᠬᠤᠪᠢ᠂ ︽ᠦᠪᠦᠷ ᠮᠤᠩᠭᠤᠯ ᠤᠨ ᠰᠠᠬᠢᠯᠭ᠎ᠠ ᠪᠠᠳᠤ︾ ᠳᠤ 2 ᠬᠤᠪᠢ᠂ ︽ᠦᠪᠦᠷ ᠮᠤᠩᠭᠤᠯ ᠤᠨ ᠰᠠᠬᠢᠯᠭ᠎ᠠ | ᠪᠠᠳᠤ ᠬᠢᠨᠠᠨ ᠪᠠᠶᠢᠴᠠᠭᠠᠬᠤ ᠬᠤᠷᠢᠶᠠᠨ ᠤ ᠳᠤᠳᠤᠭᠠᠲᠦ ᠶᠢᠨ ᠳᠤᠤᠷ ᠰᠦᠯᠵᠢᠶ᠎ᠡ︾ ᠳᠤ 12 ᠬᠤᠪᠢ᠂ ︽ᠦᠪᠦᠷ | ᠮᠤᠩᠭᠤᠯ ᠤᠨ ᠰᠠᠬᠢᠯᠭ᠎ᠠ ᠪᠠᠳᠤ ᠬᠢᠨᠠᠨ ᠪᠠᠶᠢᠴᠠᠭᠠᠬᠤ ᠬᠤᠷᠢᠶᠠᠨ ᠤ ᠰᠦᠯᠵᠢᠶ᠎ᠡ︾ ᠳᠤ 8 ᠬᠤᠪᠢ᠂ ︽ᠬᠢᠩᠭᠠᠨ ᠤ | ᠡᠳᠦᠷ ᠤᠨ ᠰᠤᠨᠢᠨ︾ ᠳᠤ 3 ᠬᠤᠪᠢ᠂ ︽ᠬᠢᠩᠭᠠᠨ ᠤ ᠰᠠᠬᠢᠯᠭ᠎ᠠ ᠪᠠᠳᠤ ᠬᠢᠨᠠᠨ ᠪᠠᠶᠢᠴᠠᠭᠠᠬᠤ ᠬᠤᠷᠢᠶᠠᠨ ᠤ | ᠰᠦᠯᠵᠢᠶ᠎ᠡ︾ ᠳᠤ 14 ᠬᠤᠪᠢ᠂ ︽ᠬᠢᠩᠭᠠᠨ ᠤ ᠬᠡᠪ ᠰᠠᠬᠢᠯᠭ᠎ᠠ︾ ᠳᠤ 8 ᠬᠤᠪᠢ᠂ ︽ᠠᠷᠢᠭᠤᠨ ᠴᠢᠭᠡᠴᠢ | ᠬᠢᠩᠭᠠᠨ︾ ᠳᠤ 12 ᠬᠤᠪᠢ᠂ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠢᠬᠢᠮ ᠮᠡᠳᠡᠭᠡ︾ ᠳᠤ | 7 ᠬᠤᠪᠢ᠂ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠳᠤᠤᠷ | ᠰᠦᠯᠵᠢᠶ᠎ᠡ︾ ᠳᠤ 379 ᠬᠤᠪᠢ᠂ ︽ᠴᠢᠭᠡᠴᠢ ᠵᠠᠰᠠᠭ ᠤᠨ ᠳᠤᠮᠳᠠᠳᠤ ᠬᠤᠰᠢᠭᠤ︾ ᠳᠤ 103 ᠬᠤᠪᠢ᠂ ︽ | ᠴᠢᠭᠡᠴᠢ ᠵᠠᠰᠠᠭ ᠤᠨ ᠳᠠᠭᠤᠨ︾ ᠳᠤ 28 ᠬᠤᠪᠢ ᠨᠡᠶᠢᠳᠡᠯᠡᠵᠤ᠂ ︽ᠰᠠᠬᠢᠯᠭ᠎ᠠ ᠪᠠᠳᠤ ᠪᠠᠶᠢᠴᠠᠭᠠᠬᠤ ᠬᠢᠨᠠᠨ | ᠪᠠᠶᠢᠴᠠᠭᠠᠬᠤ ᠺᠠᠳ᠋ᠷ ᠤᠨ ᠡᠩᠨᠡᠭᠡ ᠶᠢᠨ ᠴᠤᠭᠴᠠᠯᠠᠯᠳᠠ ᠶᠢᠨ ᠤᠨ ᠤ ᠠᠵᠢᠯᠯᠠᠭ᠎ᠠ ᠶᠢᠨ ᠳᠤᠪᠴᠢ ᠮᠡᠳᠡᠭᠡ︾ ᠶᠢ 32 | ᠬᠤᠭᠤᠴᠠᠭ᠎ᠠ ᠨᠠᠶᠢᠷᠠᠭᠤᠯᠤᠨ ᠳᠠᠷᠬᠠᠭᠠᠵᠤ᠂ ᠤᠨᠴᠠᠯᠢᠬᠲᠦ ᠬᠢᠯᠠᠰ ᠴᠡᠭ ᠪᠠ ᠦᠪᠡᠰᠦᠪᠡᠨ ᠰᠤᠩᠭᠤᠬᠤ ᠠᠵᠢᠯᠯᠠᠭ᠎ᠠ | ᠶᠢᠨ ᠳᠤᠰᠬᠠᠢ ᠰᠡᠳᠦᠪᠲᠦ ᠫᠢᠯᠢᠮ ᠢ 2 ᠪᠦᠯᠦᠭ ᠵᠤᠬᠢᠶᠠᠵᠤ᠂ ᠴᠠᠭ ᠳᠤᠬᠠᠢ ᠳᠤ ᠨᠢ ᠠᠵᠢᠯᠯᠠᠭ᠎ᠠ ᠶᠢᠨ ᠦᠷ᠎ᠡ | ᠪᠦᠲᠦᠭᠡᠯ ᠢ ᠳ᠋ᠦᠩᠨᠡᠵᠤ᠂ ᠢᠯᠵᠠᠷᠠᠮᠠᠯ ᠢ ᠡᠰᠡᠷᠬᠦᠴᠡᠵᠤ ᠠᠷᠢᠭᠤᠨ ᠴᠢᠭᠡᠴᠢ ᠶᠢ ᠰᠤᠷᠴᠠᠯᠴᠢᠯᠠᠬᠤ ᠤᠬᠠᠭᠤᠯᠭ᠎ᠠ | ᠬᠦᠮᠦᠵᠢᠯ ᠤᠨ ᠠᠵᠢᠯ ᠤᠨ ᠰᠢᠨ᠎ᠡ ᠪᠠᠶᠢᠳᠠᠯ ᠢ ᠪᠤᠢ ᠪᠤᠯᠭᠠᠵᠤ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ | ᠠᠵᠢᠯ ᠦᠢᠯᠡᠰ ᠢ ᠳᠦᠷᠭᠳᠭᠡᠨ ᠠᠬᠢᠭᠤᠯᠬᠤ ᠳᠤ ᠰᠡᠳᠬᠢᠯ ᠨᠢᠬᠡᠳᠦᠨ ᠬᠦᠴᠦ ᠪᠠᠨ ᠬᠠᠮᠳᠤᠳᠬᠠᠬᠤ ᠠᠵᠢᠯ ᠤᠨ | ᠤᠷᠴᠢᠨ ᠢ ᠪᠤᠢ ᠪᠤᠯᠭᠠᠪᠠ᠃ |