ᠬᠠᠶᠢᠷ᠎ᠠ ᠬᠠᠯᠠᠮᠵᠢ ᠬᠦᠷᠳᠡᠭᠡᠵᠦ ᠬᠦᠰᠡᠯ ᠤᠨ ᠵᠢᠭᠦᠷ ᠤᠷᠭᠤᠭᠤᠯᠤᠨ᠎ᠠ
ᠨᠡᠶᠢᠲᠡᠯᠡᠭᠰᠡᠨ ᠴᠠᠭ᠄
2017/6/29
      — ᠤᠯᠠᠭᠠᠨᠬᠤᠳᠠ ᠶᠢᠨ ᠲᠦᠷᠪᠡᠳᠦᠭᠡᠷ ᠲᠤᠮᠳᠠᠳᠤ ᠰᠤᠷᠭᠠᠭᠤᠯᠢ ᠶᠢᠨ ᠮᠢᠨ ᠱᠧᠩ ᠭᠠᠴᠠᠭᠠᠨ ᠤ ᠪᠤᠤ ᠲᠢᠶ᠋ᠸ ᠵᠤᠸᠠᠩ ᠤᠨ ᠬᠢᠨ ᠢ ᠬᠠᠪᠰᠤᠷᠤᠨ ᠲᠡᠳᠭᠦᠭᠰᠡᠨ ᠠᠵᠢᠯᠯᠠᠭ᠎ᠠ        ᠤᠯᠠᠭᠠᠨᠬᠤᠳᠠ ᠶᠢᠨ ᠢᠯᠠᠯᠳᠠ ᠪᠠᠯᠭᠠᠰᠤᠨ ᠤ ᠮᠢᠨ ᠱᠧᠩ ᠭᠠᠴᠠᠭᠠᠨ ᠤ ᠲᠠᠷᠢᠶᠠᠴᠢᠨ ᠪᠤᠤ ᠲᠢᠶ᠋ᠸ ᠵᠤᠸᠠᠩ ᠤᠨ ᠬᠢᠨ ᠤᠤᠯ ᠳᠠᠭᠠᠨ ᠪᠠᠰᠠ ᠵᠦᠭᠡᠷ ᠰᠢᠭ ᠠᠮᠢᠳᠤᠷᠠᠯ ᠲᠠᠢ ᠪᠠᠶᠢᠭᠰᠠᠨ ᠶᠤᠮ᠃ ᠭᠡᠳᠡᠯ᠎ᠠ ᠭᠡᠳᠦ ᠤᠳᠠᠭᠠᠨ ᠤ ᠡᠪᠡᠳᠴᠢᠨ ᠡᠮᠭᠡᠭ ᠤᠨ ᠲᠠᠭᠠᠷᠢᠯᠳᠠ ᠳᠤ ᠰᠤᠬᠤᠷ ᠮᠦᠩᠭᠦ ᠴᠦ ᠦᠯᠡᠳᠡᠭᠰᠡᠨ ᠦᠭᠡᠢ ᠮᠦᠷᠳᠡᠭᠡᠨ ᠦᠰᠦᠨ ᠠᠴᠠ ᠪᠠᠨ ᠤᠯᠠᠨ ᠦᠷᠢ ᠳᠤ ᠤᠨᠠᠵᠠᠢ᠃ 1992 ᠤᠨ ᠳᠤ᠂ ᠪᠤᠤ ᠲᠢᠶ᠋ᠸ ᠵᠤᠸᠠᠩ ᠤᠨ ᠭᠡᠷᠭᠡᠢ ᠨᠢ ᠬᠦᠬᠦᠨ ᠪᠤᠯᠴᠢᠷᠬᠠᠢ ᠶᠢᠨ ᠦᠮᠡᠨ ᠳᠤ ᠨᠡᠷᠪᠡᠭᠳᠡᠵᠦ᠂ ᠭᠡᠷᠭᠡᠢ ᠶᠢᠨ ᠢᠶᠠᠨ ᠡᠪᠡᠳᠴᠢᠨ ᠢ ᠨᠢ ᠵᠠᠰᠠᠭᠤᠯᠬᠤ ᠪᠠᠷ 5 ᠵᠢᠯ ᠤᠨ ᠬᠤᠭᠤᠴᠠᠭᠠᠨ ᠳᠤ ᠨᠡᠯᠢᠶᠡᠳ ᠴᠢᠨᠡᠭᠡᠯᠢᠭ ᠪᠠᠶᠢᠭᠰᠠᠨ ᠠᠮᠢᠳᠤᠷᠠᠯ ᠢᠶᠠᠨ ᠪᠦᠬᠦᠨ ᠢ ᠬᠦᠨᠳᠡᠷᠴᠦ᠂ ᠬᠠᠮᠤᠭ ᠡᠴᠦᠰᠳᠡᠭᠡᠨ ᠭᠡᠷᠭᠡᠢ ᠨᠢ ᠨᠠᠰᠤ ᠪᠠᠷᠠᠭᠰᠠᠨ ᠢᠶᠠᠷ ᠪᠠᠷᠠᠬᠤ ᠦᠭᠡᠢ ᠪᠠᠰᠠ 2 ᠲᠦᠮᠡ ᠭᠠᠷᠤᠢ ᠲᠦᠭᠦᠷᠢᠭ ᠤᠨ ᠦᠷᠢ ᠳᠤ ᠤᠨᠠᠪᠠ᠃ ᠭᠡᠳᠦᠨ ᠵᠢᠯ ᠤᠨ ᠴᠢᠷᠮᠠᠶᠢᠯᠭ᠎ᠠ ᠪᠠᠷ ᠲᠠᠮᠵᠢᠭᠠᠳ ᠠᠮᠢᠳᠤᠷᠠᠯ ᠨᠢ ᠲᠠᠬᠢᠨ ᠦᠭᠡᠳᠡᠯᠡᠬᠦ ᠶᠠᠩᠵᠦ ᠲᠠᠢ ᠪᠤᠯᠵᠦ ᠢᠷᠡᠳᠡᠯ᠎ᠠ᠂ 2014 ᠤᠨ ᠳᠤ ᠪᠤᠤ ᠲᠢᠶ᠋ᠸ ᠵᠤᠸᠠᠩ ᠭᠡᠨᠡᠳᠳᠡ ᠲᠠᠷᠢᠬᠢᠨ ᠤ ᠴᠢᠰᠤᠨ ᠰᠤᠳᠠᠯ ᠪᠦᠭᠯᠡᠷᠡᠬᠦ ᠡᠪᠡᠳᠴᠢᠨ ᠳᠤ ᠨᠡᠷᠪᠡᠭᠳᠡᠨ ᠡᠮᠨᠡᠯᠭᠡ ᠳᠤ ᠤᠷᠤᠵᠦ᠂ ᠲᠠᠷᠠᠭ᠎ᠠ ᠵᠢᠯ ᠳᠤᠨᠢ ᠪᠠᠰᠠ ᠪᠦᠭᠡᠷ᠎ᠠ ᠶᠢᠨ ᠡᠪᠡᠳᠴᠢᠨ ᠤᠯᠵᠦ᠂ ᠬᠤᠶᠠᠷ ᠤᠳᠠᠭ᠎ᠠ ᠡᠮᠨᠡᠯᠭᠡ ᠳᠤ ᠰᠠᠭᠤᠭᠠᠳ 10 ᠭᠠᠷᠤᠢ ᠲᠦᠮᠡᠨ ᠲᠦᠭᠦᠷᠢᠭ ᠮᠦᠩᠭᠦ ᠵᠠᠷᠤᠴᠠᠭᠤᠯᠤᠭᠰᠠᠨ ᠪᠠᠶᠢᠯ᠎ᠠ᠃ ᠲᠡᠷᠡ ᠡᠮᠨᠡᠯᠭᠡ ᠠᠴᠠ ᠭᠠᠷᠤᠭᠠᠳ ᠤᠳᠠᠭ᠎ᠠ ᠦᠭᠡᠢ ᠪᠠᠶᠢᠳᠠᠯ᠎ᠠ ᠭᠡᠤᠭᠡᠨ ᠪᠤᠤ ᠶᠠ ᠴᠢᠨ ᠨᠢ ᠲᠠᠷᠢᠬᠢᠨ ᠬᠠᠪᠤᠳᠠᠷ ᠲᠤ ᠨᠡᠷᠪᠡᠭᠳᠡᠨ ᠡᠮᠨᠡᠯᠭᠡ ᠳᠤ ᠰᠠᠭᠤᠵᠦ ᠪᠠᠰᠠ 5 ᠲᠦᠮᠡ ᠭᠠᠷᠤᠢ ᠲᠦᠭᠦᠷᠢᠭ ᠮᠦᠩᠭᠦ ᠵᠠᠷᠤᠴᠠᠭᠤᠯᠵᠦ᠂ ᠤᠬᠤᠷᠬᠠᠨ ᠬᠤᠭᠤᠴᠠᠭᠠᠨ ᠳᠤ ᠲᠠᠪᠬᠤᠷ ᠲᠠᠪᠬᠤᠷ ᠦᠷᠢ ᠰᠢᠷᠢ ᠳᠤ ᠤᠷᠢᠶᠠᠭᠳᠠᠭᠰᠠᠨ ᠪᠠᠶᠢᠯ᠎ᠠ᠃      2016 ᠤᠨ ᠤ ᠬᠠᠪᠤᠷ᠂ ᠤᠯᠠᠭᠠᠨᠬᠤᠳᠠ ᠶᠢᠨ ᠰᠤᠷᠭᠠᠨ ᠬᠦᠮᠦᠵᠢᠯ ᠤᠨ ᠰᠢᠰᠲ᠋ᠧᠮ ᠠᠴᠠ ᠮᠢᠨ ᠱᠧᠩ ᠭᠠᠴᠠᠭ᠎ᠠ ᠶᠢ ᠬᠠᠪᠰᠤᠷᠤᠨ ᠲᠡᠳᠭᠦᠵᠦ᠂ ᠲᠦᠷᠪᠡᠳᠦᠭᠡᠷ ᠲᠤᠮᠳᠠᠳᠤ ᠰᠤᠷᠭᠠᠭᠤᠯᠢ ᠶᠢᠨ ᠬᠢᠨ ᠪᠤᠤ ᠲᠢᠶ᠋ᠸ ᠵᠤᠸᠠᠩ ᠤᠨ ᠬᠢᠨ ᠢ ᠲᠠᠭᠠᠭᠠᠴᠢᠯᠠᠨ ᠬᠠᠪᠰᠤᠷᠬᠤ ᠪᠠᠷ ᠪᠤᠯᠪᠠ᠃ ᠲᠤᠰ ᠰᠤᠷᠭᠠᠭᠤᠯᠢ ᠶᠢᠨ ᠶᠠᠳᠠᠭᠤ ᠶᠢ ᠲᠡᠳᠭᠦᠭᠦ ᠲᠤᠭᠤᠢᠢᠯᠠᠩ ᠤᠨ ᠠᠵᠢᠯᠳᠠᠳ ᠪᠤᠤ ᠲᠢᠶ᠋ᠸ ᠵᠤᠸᠠᠩ ᠤᠨ ᠬᠢᠨ ᠳᠤ ᠢᠷᠡᠭᠡᠳ ᠮᠡᠰᠡ ᠵᠠᠰᠠᠯ ᠬᠢᠭᠰᠡᠨ ᠤ ᠲᠠᠷᠠᠭ᠎ᠠ ᠪᠡᠶ᠎ᠠ ᠶᠢᠨ ᠪᠠᠶᠢᠳᠠᠯ ᠨᠡᠯᠢᠶᠡᠳ ᠮᠠᠭᠤᠵᠢᠷᠠᠭᠰᠠᠨ ᠪᠤᠤ ᠲᠢᠶᠸ ᠵᠤᠸᠠᠩ ᠲᠠᠷᠢᠬᠢᠨ ᠬᠠᠪᠤᠳᠠᠷ ᠲᠤ ᠨᠡᠷᠪᠡᠭᠳᠡᠭᠡᠳ ᠮᠡᠰᠡ ᠵᠠᠰᠠᠯ ᠬᠢᠭᠰᠡᠨ ᠤ ᠲᠠᠷᠠᠭ᠎ᠠ ᠬᠠᠷᠠᠭ᠎ᠠ ᠨᠢ ᠮᠠᠭᠤᠳᠠᠭᠰᠠᠨ ᠭᠡᠤᠭᠡᠨ ᠲᠠᠢ ᠪᠠᠨ ᠵᠤᠪᠠᠭᠤᠷᠢ ᠵᠦᠳᠡᠭᠦᠷᠢ ᠲᠠᠢ ᠠᠮᠢᠳᠤᠷᠠᠵᠦ ᠪᠠᠶᠢᠬᠤ ᠶᠢ ᠬᠠᠷᠠᠭᠠᠳ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠲᠡᠳᠡᠨ ᠢ ᠬᠠᠪᠰᠤᠷᠤᠨ ᠠᠮᠢᠳᠤᠷᠠᠯ ᠢ ᠨᠢ ᠰᠠᠶᠢᠵᠢᠷᠠᠭᠤᠯᠤᠨ᠎ᠠ ᠭᠡᠵᠦ ᠰᠡᠮ ᠢᠶᠠᠷ ᠵᠤᠷᠢᠭ ᠰᠢᠭᠤᠳᠪᠠ᠃ ᠵᠠᠳᠠᠭᠤ ᠶᠢ ᠲᠡᠳᠭᠦᠭᠦ ᠲᠤᠭᠤᠢᠢᠯᠠᠩ ᠤᠨ ᠬᠢᠨ ᠦᠷᠭᠦᠯᠵᠢ ᠲᠡᠳᠡᠨᠡᠶᠢᠬᠢᠨ ᠳᠤ ᠢᠷᠡᠵᠦ᠂ ᠨᠠᠮ ᠵᠠᠰᠠᠭ ᠤᠨ ᠶᠠᠳᠠᠭᠤ ᠶᠢ ᠲᠡᠳᠭᠦᠭᠦ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠨ ᠲᠡᠳᠡᠨ ᠤ ᠶᠠᠳᠠᠭᠤ ᠠᠴᠠ ᠠᠩᠬᠢᠵᠢᠷᠠᠬᠤ ᠢᠳᠡᠭᠡᠯ ᠵᠤᠷᠢᠭ ᠢ ᠬᠦᠪᠴᠢᠯᠡᠬᠦ ᠶᠢᠨ ᠬᠠᠮᠳᠤ ᠪᠠᠰᠠ ᠪᠠᠭᠰᠢᠨᠠᠷ ᠢᠶᠠᠨ ᠵᠤᠬᠢᠶᠠᠨ ᠪᠠᠶᠢᠭᠤᠯᠤᠨ ᠡᠳ᠋ ᠪᠤᠳᠠᠰ ᠢᠶᠠᠷ ᠲᠤᠰᠠᠯᠠᠪᠠ᠃           ᠶᠠᠳᠠᠭᠤ ᠶᠢ ᠲᠡᠳᠭᠦᠭᠦ ᠳᠤ ᠤᠷᠢᠳᠠᠪᠠᠷ ᠵᠤᠷᠢᠭ ᠢ ᠬᠦᠪᠴᠢᠯᠡᠬᠦ ᠭᠡᠷᠡᠭᠳᠡᠢ᠃ ᠲᠦᠷᠪᠡᠳᠦᠭᠡᠷ ᠲᠤᠮᠳᠠᠳᠤ ᠰᠤᠷᠭᠠᠭᠤᠯᠢ ᠶᠢᠨ ᠤᠳᠤᠷᠢᠳᠤᠯᠭ᠎ᠠ ᠨᠠᠷ ᠶᠠᠷᠢᠯᠴᠠᠨ ᠵᠦᠪᠳᠡᠯᠴᠡᠬᠦ ᠪᠠᠷ ᠲᠠᠮᠵᠢᠨ᠂ ᠬᠦᠷᠢᠶ᠎ᠠ ᠬᠠᠰᠢᠶᠠᠨ ᠤ ᠠᠵᠤ ᠠᠬᠤᠢ ᠶᠢ ᠬᠦᠭᠵᠢᠭᠦᠯᠭᠦ ᠠᠴᠠ ᠭᠠᠷᠳᠠᠵᠦ ᠬᠢᠬᠦ ᠪᠠᠷ ᠲᠤᠭᠳᠠᠵᠦ᠂ ᠬᠠᠮᠤᠭ ᠤᠷᠢᠳᠠᠪᠠᠷ ᠪᠠᠭᠰᠢᠨᠠᠷ ᠢᠶᠠᠨ ᠲᠤᠮᠢᠯᠠᠨ ᠲᠡᠳᠡᠨ ᠤ ᠬᠦᠷᠢᠶᠡᠨ ᠭᠡᠷᠡᠮ ᠢ ᠵᠠᠰᠠᠨ ᠰᠢᠨᠡᠳᠭᠡᠵᠦ᠂ ᠭᠠᠵᠠᠷ ᠢ ᠨᠢ ᠬᠠᠳᠠᠭᠤᠷᠠᠭᠤᠯᠵᠦ᠂ ᠭᠡᠷ ᠲᠤᠳᠤᠷᠠᠬᠢ ᠶᠢ ᠨᠢ ᠪᠠᠰᠠ ᠵᠠᠰᠠᠨ ᠴᠢᠮᠡᠭᠯᠡᠵᠦ ᠦᠭᠪᠡ᠃ ᠡᠪᠳᠡᠷᠭᠡᠢ ᠬᠠᠭᠤᠴᠢᠨ ᠭᠡᠷ ᠬᠠᠨ᠎ᠠ ᠨᠢ ᠰᠢᠨ᠎ᠠ ᠲᠦᠷᠰᠦ ᠪᠠᠶᠢᠳᠠᠯ ᠲᠠᠢ ᠪᠤᠯᠵᠦ᠂ ‍ᠦ᠋ᠷᠢᠶ᠎ᠠ ᠬᠠᠰᠢᠶ᠎ᠠ ᠨᠢ ᠲᠡᠷᠢ ᠲᠡᠭᠰᠢ ᠪᠤᠯᠤᠭᠰᠠᠨ ᠢ ᠦᠵᠡᠭᠡᠳ ᠪᠤᠤ ᠲᠢᠶ᠋ᠸ ᠵᠤᠸᠠᠩ ᠤᠨ ᠰᠡᠳᠬᠢᠯ ᠰᠡᠷᠭᠦᠵᠦ᠂ ᠴᠢᠷᠠᠢ ᠳᠤᠨᠢ ᠢᠨᠢᠶᠡᠳᠦ ᠲᠤᠳᠤᠷᠠᠪᠠ᠃ ᠤᠷᠤᠰᠢᠨ ᠰᠠᠭᠤᠷᠢᠰᠢᠬᠤ ᠤᠷᠤᠨ ᠰᠠᠭᠤᠴᠠ ᠨᠢ ᠨᠡᠯᠢᠶᠡᠳ ᠰᠠᠶᠢᠵᠢᠷᠠᠭᠰᠠᠨ ᠤ ᠲᠠᠷᠠᠭ᠎ᠠ ᠲᠡᠭᠦᠨ ᠤ ᠰᠡᠳᠬᠢᠯ ᠤᠨ ᠡᠷᠡᠭᠡᠯᠵᠡᠭᠡ ᠲᠠᠶᠢᠯᠤᠭᠳᠠᠵᠦ᠂ ᠰᠤᠷᠭᠠᠭᠤᠯᠢ ᠶᠢᠨ ᠤᠳᠤᠷᠢᠳᠤᠯᠭ᠎ᠠ ᠶᠢ ᠢᠳᠡᠪᠬᠢᠳᠡᠢ ᠡᠷᠢᠵᠦ ᠢᠷᠡᠭᠡᠳᠦᠢ ᠶᠢᠨ ᠵᠠᠮ ᠢᠶᠠᠨ ᠰᠦᠪᠡᠭᠴᠢᠯᠡᠬᠦ ᠪᠤᠯᠵᠦ᠂ ᠰᠤᠷᠭᠠᠭᠤᠯᠢ ᠠᠴᠠ ᠲᠡᠭᠦᠨ ᠢ ᠬᠠᠪᠰᠤᠷᠤᠨ ᠬᠦᠷᠢᠶ᠎ᠠ ᠬᠠᠰᠢᠶ᠎ᠠ ᠶᠢᠨ ᠠᠵᠤ ᠠᠬᠤᠢ ᠶᠢ ᠬᠦᠭᠵᠢᠭᠦᠯᠭᠦ ᠪᠠᠷ ᠪᠠᠶᠢᠬᠤ ᠶᠢ ᠮᠡᠳᠡᠭᠡᠳ ᠮᠠᠰᠢ ᠪᠠᠶᠠᠷᠯᠠᠵᠦ᠂ ᠦᠪᠡᠰᠦᠪᠡᠨ ᠶᠠᠭ ᠲᠤᠯᠠᠭᠠᠨ ᠬᠦᠯᠡᠮᠵᠢ ᠪᠤᠰᠬᠠᠵᠦ ᠢᠳᠡᠰᠢᠨ ᠨᠤᠭᠤᠭ᠎ᠠ ᠲᠠᠷᠢᠬᠤ ᠰᠠᠨᠠᠭᠠᠳᠠᠢ ᠪᠠᠶᠢᠭᠰᠠᠨ ᠢᠶᠠᠨ ᠶᠠᠷᠢᠪᠠ᠃ ᠲᠦᠷᠪᠡᠳᠦᠭᠡᠷ ᠲᠤᠮᠳᠠᠳᠤ ᠰᠤᠷᠭᠠᠭᠤᠯᠢ ᠶᠢᠨ ᠬᠢᠨ ᠴᠦ ᠴᠠᠭ ᠬᠤᠭᠤᠴᠠᠭ᠎ᠠ ᠶᠢ ᠤᠭᠳᠤᠬᠠᠨ ᠴᠦ ᠰᠠᠭᠠᠳᠠᠭᠠᠬᠤ ᠦᠭᠡᠢ ᠪᠠᠷ ᠲᠠᠷᠤᠢ ᠲᠦᠷᠭᠡᠨ ᠬᠦᠳᠡᠯᠦᠯᠴᠡᠵᠦ ᠪᠡᠯᠡ ᠮᠦᠩᠭᠦ ᠲᠤᠬᠢᠷᠠᠭᠤᠯᠤᠨ᠂ ᠲᠡᠭᠦᠨ ᠢ ᠬᠠᠪᠰᠤᠷᠤᠨ 3 ᠲᠦᠮᠡᠨ ᠲᠦᠭᠦᠷᠢᠭ ᠮᠦ᠋ᠩᠭᠦ ᠤᠷᠤᠯᠠᠨ ᠲᠤᠰᠢᠶᠠᠬᠤ ᠪᠠᠷ ᠲᠠᠮᠵᠢᠨ 200 ᠲᠡᠭᠰᠢ ᠲᠦᠷᠪᠡᠯᠵᠢᠨ ᠮᠧᠲᠷ ᠪᠦᠬᠦᠢ ᠲᠤᠯᠠᠭᠠᠨ ᠬᠦᠯᠡᠮᠵᠢ ᠪᠠᠶᠢᠭᠤᠯᠵᠦ ᠦᠭᠭᠦᠭᠰᠡᠨ ᠪᠠᠶᠢᠨ᠎ᠠ᠃ ᠲᠤᠯᠠᠭᠠᠨ ᠬᠦᠯᠡᠮᠵᠢ ᠪᠠᠶᠢᠭᠤᠯᠤᠭᠰᠠᠨ ᠠᠴᠠ ᠡᠬᠢᠯᠡᠭᠡᠳ ᠪᠤᠤ ᠲᠢᠶ᠋ᠸ ᠵᠤᠸᠠᠩ ᠡᠳᠦᠷ ᠪᠦᠷᠢ ᠡᠷᠳᠡᠯᠡᠵᠦ ᠤᠷᠦ᠋ᠢᠯᠠᠨ ᠢᠳᠡᠰᠢᠨ ᠨᠤᠭᠤᠭ᠎ᠠ ᠪᠠᠨ ᠠᠷᠠᠴᠢᠯᠠᠵᠦ᠂ ᠦᠴᠦᠭᠡᠨ ᠴᠦ ᠤᠰᠤᠯᠳᠠᠬᠤ ᠦᠭᠡᠢ ᠪᠠᠶᠢᠪᠠ᠃ ᠨᠠᠮᠤᠷ ᠤᠨ ᠦᠶ᠎ᠠ ᠪᠠᠷ ᠲᠤᠯᠠᠭᠠᠨ ᠬᠦᠯᠡᠮᠵᠢ ᠶᠢᠨ ᠢᠳᠡᠰᠢᠨ ᠨᠤᠭᠤᠭ᠎ᠠ ᠨᠢ ᠡᠯᠪᠡᠭ ᠬᠤᠷᠢᠶᠠᠯᠳᠠ ᠤᠯᠵᠦ᠂ ᠲᠦᠷᠦᠭᠦᠤ ᠪᠦᠯᠦᠭ ᠤᠨ ᠢᠳᠡᠰᠢᠨ‌ᠨᠤᠭᠤᠭ᠎ᠠ ᠪᠠᠨ ᠬᠤᠳᠠᠯᠳᠤᠭᠠᠳ 7000 ᠲᠦᠭᠦᠷᠢᠭ ᠤᠨ ᠤᠷᠤᠯᠭ᠎ᠠ ᠤᠯᠤᠭᠰᠠᠨ ᠪᠠᠶᠢᠨ᠎ᠠ᠃ ᠢᠳᠡᠰᠢᠨ ᠨᠤᠭᠤᠭ᠎ᠠ‌‍ᠲ᠋ᠠᠷᠢᠵᠦ ᠠᠩᠬᠠᠨ ᠤ ᠠᠮᠵᠢᠯᠳᠠ ᠪᠠᠨ ᠤᠯᠤᠭᠰᠠᠨ ᠪᠤᠤ ᠲᠢᠶ᠋ᠸ ᠵᠤᠸᠠᠩ ᠪᠠᠰᠠ ᠲᠡᠵᠢᠭᠡᠪᠤᠷᠢ ᠶᠢᠨ ᠦᠢᠯᠡᠰ ᠡᠷᠬᠢᠯᠡᠬᠦ ᠪᠤᠳᠤᠯ ᠤᠷᠤᠵᠦ᠂ ᠲᠦᠷᠪᠡᠳᠦᠭᠡᠷ ᠲᠤᠮᠳᠠᠳᠤ ᠰᠤᠷᠭᠠᠭᠤᠯᠢ ᠶᠢᠨ ᠲᠡᠮᠵᠢᠯᠭᠡ ᠲᠤᠤᠷ᠎ᠠ ᠬᠦᠷᠢᠶᠡᠨ ᠤ ᠪᠠᠨ ᠨᠢᠭᠡ ᠬᠠᠵᠠᠭᠤ ᠳᠤᠨᠢ ᠲᠠᠬᠢᠶᠠᠨ ᠡᠭᠦᠷ ᠪᠠᠷᠢᠵᠦ᠂ 100 ᠴᠤᠷᠪᠠᠭ᠎ᠠ ᠬᠤᠳᠠᠯᠳᠤᠨ ᠠᠪᠴᠦ ᠲᠡᠵᠢᠭᠡᠵᠦ ᠡᠬᠢᠯᠡᠭᠰᠡᠨ ᠪᠠᠶᠢᠨ᠎ᠠ᠃          ᠤᠳᠤᠬᠠᠨ ᠳᠤ ᠪᠤᠤ ᠲᠢᠶ᠋ᠸ ᠵᠤᠸᠠᠩ ᠤᠨ ᠬᠢᠨ ᠤ ᠠᠮᠢᠳᠤᠷᠠᠯ ᠳᠤ ᠮᠠᠰᠢ ᠶᠡᠭᠡ ᠬᠤᠪᠢᠷᠠᠯᠳᠠ ᠭᠠᠷᠴᠦ᠂ ᠠᠮᠢᠳᠤᠷᠠᠯ ᠤᠨ ᠤᠷᠴᠢᠨ ᠲᠤᠭᠤᠷᠢᠨ ᠨᠢ ᠴᠤ᠋ ᠰᠢᠨ᠎ᠠ ᠲᠦᠷᠢ ᠲᠦᠷᠬᠦ ᠲᠠᠢ ᠪᠤᠯᠵᠦ᠂ 2016 ᠤᠨ ᠤ ᠬᠦᠮᠦᠨ‌‍ᠲ᠋ᠤᠮᠳᠠᠴᠢ ᠤᠷᠤᠯᠭ᠎ᠠ ᠨᠢ ᠲᠦᠮᠡᠨ ᠲᠦᠭᠦᠷᠢᠭ ᠬᠦᠷᠪᠡ᠃ ︽ᠤᠳᠤ ᠮᠢᠨᠤ ᠠᠮᠢᠳᠤᠷᠠᠯ ᠮᠠᠰᠢ ᠶᠡᠭᠡ ᠡᠷᠡᠮᠡᠯᠵᠡᠯ ᠲᠠᠢ‌‍ᠪᠤᠯᠤᠭᠰᠠᠨ᠂ ᠨᠠᠮ ᠵᠠᠰᠠᠭ ᠤᠨ ᠲᠦᠷᠦ ᠶᠢᠨ ᠪᠤᠳᠤᠯᠭ᠎ᠠ ᠶᠢᠨ ᠰᠠᠶᠢᠨ ᠳ᠋ᠠ᠂ ᠰᠤᠷᠭᠠᠨ ᠬᠦᠮᠦᠵᠢᠯ ᠤᠨ ᠲᠤᠪᠴᠢᠶᠠᠨ ‍ᠤ‌ᠤᠳᠤᠷᠢᠳᠤᠯᠭ᠎ᠠ᠂ ᠲᠦᠷᠪᠡᠳᠦᠭᠡᠷ ᠲᠤᠮᠳᠠᠳᠤ ᠰᠤᠷᠭᠠᠭᠤᠯᠢ ᠶᠢᠨ ᠤᠳᠤᠷᠢᠳᠤᠯᠭ᠎ᠠ ᠪᠠᠭᠰᠢᠨᠠᠷ ᠨᠠᠮ᠎ᠠ ᠶᠢ ᠮᠠᠰᠢ ᠶᠡᠭᠡ‌ᠬᠠᠪᠰᠤᠷᠤᠭᠰᠠᠨ᠃ ᠪᠢ ᠡᠨᠡ ᠪᠦᠬᠦᠨ ᠢ ᠮᠠᠰᠢ ᠨᠠᠨᠳᠢᠩᠨᠠᠵᠦ᠂ ᠰᠠᠶᠢᠨ ᠰᠠᠶᠢᠬᠠᠨ ᠠᠮᠢᠳᠤᠷᠠᠯ ᠢ ᠴᠤᠭᠴᠠᠯᠠᠬᠤ ᠪᠠᠷ ᠴᠢᠷᠮᠠᠶᠢᠨ᠎ᠠ︾ ᠭᠡᠵᠦ ᠡᠳᠡᠭᠡᠷ ᠬᠤᠪᠢᠷᠠᠯᠳᠠ ᠶᠢ ᠲᠤᠷᠠᠳᠬᠤ ᠪᠦᠷᠢ ᠲᠡᠷᠡ ᠦᠪᠡᠷ ᠤᠨ ᠪᠠᠶᠠᠷᠯᠠᠭᠰᠠᠨ ᠰᠡᠳᠬᠢᠯᠭᠡ ᠪᠠᠨ ᠲᠠᠷᠤᠵᠦ ᠶᠠᠳᠠᠨ᠎ᠠ᠃                                                        · ᠵᠢᠶᠠ ᠬᠤᠩ ᠫᠢᠩ ·
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号