ᠳᠤᠮᠳᠠᠳᠤ ᠬᠤᠰᠢᠭᠤᠨ ᠤ ᠲᠦᠯ ᠳᠤᠰᠴᠤ ᠪᠤᠶᠢᠵᠢᠭᠤᠯᠬᠤ ᠠᠵᠢᠯ ᠤᠷᠤᠭᠰᠢᠳᠠᠢ ᠶᠠᠪᠤᠭᠳᠠᠵᠤ ᠪᠤᠢ
ᠨᠡᠶᠢᠲᠡᠯᠡᠭᠰᠡᠨ ᠴᠠᠭ᠄
2017/6/29
      2016 ᠤᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠮᠠᠯ ᠤᠨ ᠡᠭᠦᠯᠳᠡᠷ ᠰᠠᠶᠢᠵᠢᠷᠠᠭᠤᠯᠬᠤ ᠠᠬᠢᠴᠠ ᠶᠢ ᠳᠦᠷᠭᠡᠳᠭᠡᠵᠤ᠂ ᠪᠦᠳᠦᠴᠡ ᠶᠢ ᠳᠤᠬᠢᠷᠠᠭᠤᠯᠤᠨ ᠰᠢᠯᠢᠳᠡᠭᠵᠢᠭᠦᠯᠦᠭᠰᠡᠨ ᠠᠴᠠ ᠪᠦᠬᠦ ᠬᠤᠰᠢᠭᠤᠨ ᠤ ᠮᠠᠯᠵᠢᠯ ᠤᠨ ᠤᠨ ᠤ ᠪᠤᠳᠠ ᠪᠤᠭ ᠮᠠᠯ ᠤᠨ ᠳᠤᠭ᠎ᠠ 361.66 ᠲᠦᠮᠡᠨ ᠳᠤᠯᠤᠭᠠᠢ ᠳᠤ ᠳᠤᠯᠵᠤ᠂ ᠲᠦᠯᠯᠡᠬᠦ ᠡᠬᠡ ᠮᠠᠯ ᠤᠨ ᠳᠤᠭ᠎ᠠ 222.65 ᠲᠦᠮᠡᠨ ᠲᠤᠯᠤᠭᠠᠢ ᠳᠤ ᠳᠤᠯᠪᠠ᠃ 2017 ᠤᠨ ᠤ ᠲᠦᠯ ᠳᠤᠰᠴᠤ ᠪᠤᠶᠢᠵᠢᠭᠤᠯᠬᠤ ᠠᠵᠢᠯ ᠢ ᠰᠠᠶᠢᠳᠤᠷ ᠬᠢᠬᠦ ᠶᠢᠨ ᠲᠦᠯᠦᠭᠡ᠂ ᠳᠤᠰ ᠬᠤᠰᠢᠭᠤ ᠡᠷᠳᠡ ᠠᠴᠠ ᠪᠠᠶᠢᠷᠢᠯᠠᠭᠤᠯᠤᠯᠳᠠ ᠬᠢᠵᠤ᠂ ᠬᠦᠴᠦᠨ ᠪᠦᠬᠦᠢ ᠪᠦᠳᠦᠮᠵᠢᠳᠡᠢ ᠠᠷᠭ᠎ᠠ ᠶᠢ ᠬᠡᠷᠡᠭᠯᠡᠨ᠂ ᠡᠨᠡ ᠵᠢᠯ ᠤᠨ ᠲᠦᠯ ᠳᠤᠰᠴᠤ ᠪᠤᠶᠢᠵᠢᠭᠤᠯᠬᠤ ᠠᠵᠢᠯ ᠤᠨ ᠤᠷᠤᠭᠰᠢᠳᠠᠢ ᠶᠠᠪᠤᠭᠳᠠᠬᠤ ᠶᠢ ᠪᠠᠳᠤᠯᠠᠵᠤ ᠪᠠᠶᠢᠨ᠎ᠠ᠃          ᠳᠤᠮᠳᠠᠳᠤ ᠬᠤᠰᠢᠭᠤ ᠳᠡᠵᠢᠭᠡᠯ ᠡᠪᠡᠰᠤ ᠪᠤᠷᠳᠤᠭ᠎ᠠ ᠶᠢ ᠨᠦᠬᠡᠴᠡᠯᠡᠨ ᠪᠡᠯᠡᠳᠭᠡᠬᠦ ᠠᠵᠢᠯ ᠢ ᠰᠠᠶᠢᠳᠤᠷ ᠬᠢᠵᠤ᠂ ᠦᠩᠭᠡᠷᠡᠭᠰᠡᠨ ᠵᠢᠯ ᠳᠤᠰ ᠬᠤᠰᠢᠭᠤᠨ ᠤ ᠭᠠᠩ ᠬᠠᠭᠰᠠᠷᠠᠭᠠᠨ ᠤ ᠭᠠᠮᠰᠢᠭ ᠲᠤ ᠳᠠᠭᠠᠷᠢᠭᠳᠠᠭᠰᠠᠨ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠡᠪᠡᠰᠦᠨ ᠤ ᠬᠤᠷᠢᠶᠠᠯᠳᠠ ᠪᠠᠭᠠᠰᠤᠭᠰᠠᠨ ᠠᠴᠠ ᠡᠪᠤᠯ ᠢ ᠦᠩᠭᠡᠷᠡᠭᠡᠬᠦ ᠡᠪᠡᠰᠤ ᠪᠤᠷᠳᠤᠭ᠎ᠠ ᠳᠤᠳᠠᠭᠳᠠᠬᠤ ᠠᠰᠠᠭᠤᠳᠠᠯ ᠠᠴᠠ ᠵᠠᠶᠢᠯᠠᠰᠬᠢᠬᠦ ᠶᠢᠨ ᠲᠦᠯᠦᠭᠡ ᠬᠤᠰᠢᠭᠤᠨ ᠤ ᠳᠠᠷᠢᠶᠠᠯᠠᠩ ᠮᠠᠯ ᠠᠵᠤ ᠠᠬᠤᠢ ᠶᠢᠨ ᠳᠤᠪᠴᠢᠶ᠎ᠠ ᠢᠳᠡᠪᠬᠢᠳᠡᠢ ᠵᠤᠬᠢᠶᠠᠨ ᠪᠠᠶᠢᠭᠤᠯᠤᠨ ᠡᠪᠡᠰᠤ ᠪᠤᠷᠳᠤᠭ᠎ᠠ ᠶᠢ ᠰᠢᠯᠵᠢᠭᠦᠯᠦᠨ ᠵᠦᠭᠡᠭᠡᠪᠦᠷᠢᠯᠡᠬᠦ ᠪᠠ ᠨᠦᠭᠡᠴᠡᠯᠡᠨ ᠪᠡᠯᠡᠳᠭᠡᠬᠦ ᠠᠵᠢᠯ ᠢ ᠰᠠᠶᠢᠳᠤᠷ ᠬᠢᠵᠤ᠂ ᠨᠡᠶᠢᠳᠡ 15 ᠲᠦᠮᠡᠨ ᠳᠤᠨ ᠡᠪᠡᠰᠤ ᠪᠤᠷᠳᠤᠭ᠎ᠠ᠂ 25 ᠲᠦᠮᠡᠨ ᠳᠤᠨ ᠬᠦᠬᠡ ᠪᠤᠷᠳᠤᠭ᠎ᠠ ᠨᠦᠭᠡᠴᠡᠯᠡᠵᠤ᠂ ᠡᠪᠡᠰᠤ ᠪᠤᠷᠳᠤᠭ᠎ᠠ ᠶᠢᠨ ᠬᠠᠩᠭᠠᠯᠳᠠ ᠶᠢ ᠪᠠᠳᠤᠯᠠᠪᠠ᠃ ᠮᠡᠷᠭᠡᠵᠢᠯ ᠤᠨ ᠦᠢᠯᠡᠴᠢᠯᠡᠭᠡ ᠶᠢ ᠬᠢᠨᠠᠮᠠᠭᠠᠢ ᠦᠷᠨᠢᠭᠦᠯᠵᠤ᠂ ᠮᠠᠯ ᠤᠨ ᠡᠮᠨᠡᠯᠭᠡ ᠶᠢᠨ ᠦᠷᠳᠡᠭᠡ ᠶᠢᠨ ᠮᠡᠷᠭᠡᠵᠢᠯᠳᠡᠨ ᠢ ᠴᠠᠭ ᠳᠤᠬᠠᠢ ᠳᠤᠨᠢ ᠵᠤᠬᠢᠶᠠᠨ ᠪᠠᠶᠢᠭᠤᠯᠤᠨ᠂ ᠤᠬᠠᠭᠤᠯᠭ᠎ᠠ ᠶᠢᠨ ᠳᠡᠪᠳᠡᠷ ᠳᠠᠷᠬᠠᠭᠠᠬᠤ᠂ ᠪᠤᠯᠪᠠᠰᠤᠷᠠᠯ ᠡᠷᠭᠢᠯᠡᠬᠦ᠂ ᠳᠤᠬᠠᠢ ᠶᠢᠨ ᠳᠠᠯᠠᠪᠠᠢ ᠳᠤᠨᠢ ᠵᠢᠯᠤᠭᠤᠳᠬᠤ ᠵᠡᠷᠭᠡ ᠠᠷᠭ᠎ᠠ ᠬᠡᠯᠪᠡᠷᠢ ᠪᠠᠷ ᠮᠠᠯᠴᠢᠨ ᠳᠠᠷᠢᠶᠠᠴᠢᠳ ᠲᠤ ᠲᠦᠯᠯᠡᠬᠦ ᠪᠠᠷ ᠪᠠᠶᠢᠭ᠎ᠠ ᠡᠬᠡ ᠮᠠᠯ ᠢ ᠰᠦᠷᠦᠭ ᠠᠴᠠ ᠰᠠᠯᠭᠠᠨ ᠬᠠᠮᠢᠶᠠᠷᠴᠤ ᠠᠷᠠᠴᠢᠯᠠᠬᠤ᠂ ᠨᠢᠯᠬ᠎ᠠ ᠲᠦᠯ ᠢ ᠠᠷᠠᠴᠢᠯᠠᠵᠤ ᠬᠠᠮᠢᠶᠠᠷᠬᠤ ᠂ ᠬᠢᠵᠢᠭ ᠡᠪᠡᠳᠴᠢᠨ ᠢ ᠬᠢᠨᠠᠨ ᠰᠢᠯᠭᠠᠵᠤ ᠤᠷᠢᠳᠴᠢᠯᠠᠨ ᠰᠡᠷᠭᠡᠶᠢᠯᠡᠬᠦ ᠵᠡᠷᠭᠡ ᠮᠡᠷᠭᠡᠵᠢᠯ ᠤᠨ ᠦᠢᠯᠡᠴᠢᠯᠡᠭᠡ ᠪᠠ ᠵᠢᠯᠤᠭᠤᠳᠤᠯᠭ᠎ᠠ ᠬᠠᠩᠭᠠᠵᠤ᠂ 2017 ᠤᠨ ᠤ ᠵᠢᠯ ᠤᠨ ᠡᠬᠢᠨ ᠠᠴᠠ ᠨᠠᠰᠢ ᠨᠡᠶᠢᠳᠡ 400 ᠭᠠᠷᠤᠢ ᠬᠦᠮᠦᠨ ︵ᠤᠳᠠᠭ᠎ᠠ︶᠎ ᠳᠤ ᠪᠤᠯᠪᠠᠰᠤᠷᠠᠯ ᠬᠦᠷᠳᠡᠭᠡᠵᠤ᠂ 600 ᠢᠯᠡᠭᠦᠦ ᠤᠬᠠᠭᠤᠯᠭ᠎ᠠ ᠶᠢᠨ ᠳᠡᠪᠳᠡᠷ ᠲᠠᠷᠬᠠᠭᠠᠭᠰᠠᠨ ᠪᠠᠶᠢᠨ᠎ᠠ᠃      ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠳᠠ ᠶᠢ ᠰᠠᠶᠢᠳᠤᠷ ᠴᠢᠩᠭᠠᠳᠬᠠᠵᠤ᠂ ᠫᠧᠩ ᠬᠤᠷᠤᠭ᠎ᠠ ᠶᠢᠨ ᠳᠤᠯᠠᠭᠠᠨ ᠢ ᠪᠠᠳᠤᠯᠠᠬᠤ ᠵᠡᠷᠭᠡ ᠡᠮᠦᠨᠡᠬᠢ ᠬᠤᠭᠤᠴᠠᠭᠠᠨ ᠤ ᠪᠡᠯᠡᠳᠭᠡᠯ ᠠᠵᠢᠯ ᠢ ᠢᠳᠡᠪᠬᠢᠳᠡᠢ ᠬᠢᠵᠤ᠂ ᠨᠢᠳᠤᠨᠤᠨ ᠠᠴᠠ ᠨᠠᠰᠢ ᠨᠢᠭᠡᠨᠳᠡ 3500 ᠭᠠᠷᠤᠢ ᠫᠧᠩ ᠬᠤᠷᠤᠭ᠎ᠠ ᠶᠢ ᠰᠢᠨ᠎ᠡ ᠪᠠᠷ ᠪᠠᠶᠢᠭᠤᠯᠵᠤ᠂ ᠬᠤᠷᠤᠭ᠎ᠠ ᠬᠠᠰᠢᠶ᠎ᠠ ᠪᠦᠷᠢ ᠳᠤ ᠳᠦᠯ ᠳᠤᠰᠬᠤ ᠭᠡᠷ ᠪᠠᠶᠢᠭᠤᠯᠬᠤ ᠶᠢ ᠦᠨᠳᠦᠰᠦᠨ ᠳᠡᠭᠡᠨ ᠪᠡᠶᠡᠯᠡᠭᠦᠯᠵᠤ᠂ ᠨᠢᠯᠬ᠎ᠠ ᠲᠦᠯ ᠤᠨ ᠤᠨᠳᠤᠷᠤᠯᠳᠠ ᠶᠢᠨ ᠨᠤᠷᠮ᠎ᠠ ᠶᠢ ᠪᠠᠳᠤᠯᠠᠪᠠ᠃ ᠡᠮᠦᠨᠡᠬᠡᠨ ᠪᠤᠯᠳᠠᠯ᠎ᠠ᠂ ᠳᠤᠰ ᠬᠤᠰᠢᠭᠤᠨ ᠤ ᠪᠤᠳᠠ ᠪᠤᠭ ᠮᠠᠯ ᠤᠨ ᠲᠦᠯ ᠤᠨ ᠳᠤᠭ᠎ᠠ 151.42 ᠲᠦᠮᠡ ᠳᠤ ᠳᠤᠯᠵᠤ᠂ 146. 2 ᠲᠦᠮᠡᠨ ᠳᠤᠯᠤᠭᠠᠢ ᠨᠢ ᠡᠳᠡᠭᠡᠷᠠᠵᠤ᠂ ᠤᠨᠳᠤᠷᠤᠯᠳᠠ ᠶᠢᠨ ᠨᠤᠷᠮ᠎ᠠ ᠨᠢ 96.55%᠎ ᠳᠤ ᠳᠤᠯᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠪᠠᠯ ᠦᠨᠳᠦᠰᠦᠨ ᠳᠡᠭᠡᠨ ᠳᠤᠭᠳᠠᠭᠤᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号