ᠬᠤᠷᠰᠢᠶᠠᠵᠢᠯ ᠢᠶᠠᠷ ᠳᠠᠶᠢᠴᠢᠯᠠᠵᠤ ᠬᠠᠮᠳᠤ ᠤᠯᠠᠨ ᠢᠶᠠᠨ ᠳᠡᠭᠵᠢᠷᠡᠭᠦᠯᠦᠨ᠎ᠡ
ᠨᠡᠶᠢᠲᠡᠯᠡᠭᠰᠡᠨ ᠴᠠᠭ᠄
2017/6/29
       — ᠰᠠᠶᠢᠬᠠᠨᠳᠠᠯ᠎ᠠ ᠭᠠᠴᠠᠭ᠎ᠠ ᠶᠢᠨ ᠳᠠᠷᠢᠶᠠᠴᠢᠨ ᠴᠧᠨ ᠰᠢ ᠯᠢᠶᠠᠨ ᠤ ᠳᠠᠷᠢᠵᠤ ᠳᠡᠵᠢᠬᠡᠬᠦ ᠬᠤᠷᠰᠢᠶᠠᠵᠢᠯ ᠪᠠᠶᠢᠭᠤᠯᠵᠤ ᠠᠷᠠᠳ ᠤᠯᠠᠨ ᠢᠶᠠᠨ ᠪᠠᠶᠠᠵᠢᠭᠤᠯᠵᠤ ᠪᠠᠶᠢᠭ᠎ᠠ ᠳᠤᠬᠠᠢ ᠳᠡᠮᠳᠡᠭᠯᠡᠪᠡ       ● ᠰᠤᠷᠪᠤᠯᠵᠢᠯᠬᠠᠴᠢ ᠯᠢ ᠴᠢᠤ ᠰᠢᠶᠠᠩ           ︽︿ᠬᠠᠩᠰᠢ ᠪᠤᠯᠵᠤ ᠬᠠᠭᠳᠠ ᠨᠤᠭᠤᠭᠠᠷᠠᠯ᠎ᠠ﹀᠂ ᠬᠠᠪᠤᠷ ᠤᠨ ᠠᠵᠢᠯ ᠢᠶᠠᠨ ᠡᠷᠳᠡ ᠡᠬᠢᠯᠡᠭᠦᠯᠬᠦ ᠦᠭᠡᠢ ᠪᠤᠯ ᠨᠠᠮᠤᠷ ᠡᠯᠪᠡᠭ ᠬᠤᠷᠢᠶᠠᠯᠳᠠ ᠪᠠᠨ ᠪᠠᠳᠤᠯᠠᠵᠤ ᠳᠡᠶᠢᠯᠬᠦ ᠦᠭᠡᠢ ᠪᠤᠯᠤᠨ᠎ᠠ᠃ ᠤᠳᠤᠬᠠᠨ ᠳᠤ ᠮᠠᠨ ᠤ ᠬᠤᠷᠰᠢᠶᠠᠵᠢᠯ ᠤᠨ ᠬᠡᠰᠢᠭᠦᠨ ᠡᠷᠦᠬᠡ ᠶᠢᠨ ᠬᠠᠪᠤᠷ ᠤᠨ ᠳᠠᠷᠢᠶᠠᠯᠠᠭ᠎ᠠ ᠳᠤ ᠬᠡᠷᠡᠭᠯᠡᠬᠦ ᠳᠠᠷᠢᠶᠠᠨ ᠦᠷ᠎ᠡ᠂ ᠬᠢᠮᠢ ᠶᠢᠨ ᠪᠤᠷᠳᠤᠭᠤᠷ᠂ ᠴᠠᠶᠢᠶ᠋ᠢᠤ ᠵᠡᠷᠭᠡ ᠶᠢ ᠨᠡᠯᠢᠶᠡᠳ ᠪᠡᠯᠡᠳᠭᠡᠭᠰᠡᠨ ᠢᠶᠠᠷ ᠪᠠᠷᠠᠬᠤ ᠦᠭᠡᠢ ᠳᠠᠷᠢᠶᠠᠨ ᠭᠠᠵᠠᠷ ᠢ ᠤᠷᠪᠠᠭᠤᠯᠤᠨ ᠬᠦᠷᠦᠰᠦ ᠶᠢ ᠰᠤᠯᠠᠷᠠᠭᠤᠯᠬᠤ ᠠᠵᠢᠯ ᠢ ᠱᠠᠯᠠᠪᠳᠠᠨ ᠬᠢᠵᠤ ᠪᠤᠢ︾᠃ ᠬᠠᠩᠰᠢ ᠶᠢᠨ ᠠᠮᠠᠷᠠᠯᠳᠠ ᠶᠢᠨ ᠬᠤᠭᠤᠴᠠᠭᠠᠨ ᠳᠤ᠂ ᠰᠤᠷᠪᠤᠯᠵᠢᠯᠠᠬᠴᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠤᠤᠯ ᠤᠨ ᠪᠠᠶᠢᠰᠢᠩ ᠪᠠᠯᠭᠠᠰᠤ ᠶᠢᠨ ᠰᠠᠶᠢᠬᠠᠨᠳᠠᠯ᠎ᠠ ᠭᠠᠴᠠᠭ᠎ᠠ ᠶᠢᠨ ᠳᠠᠷᠢᠶᠠᠴᠢᠨ ᠴᠧᠨ ᠰᠢ ᠯᠢᠶᠠᠨ ᠢ ᠰᠤᠷᠪᠤᠯᠵᠢᠯᠬᠠᠤ ᠪᠠᠷ ᠬᠦᠷᠬᠦ ᠳᠤ ᠲᠡᠷᠡ ᠶᠠᠭ ᠰᠠᠶ᠋ᠢᠬᠠᠨ ᠤᠷᠤᠭᠤᠯᠤᠨ ᠠᠪᠴᠢᠷᠠᠭᠰᠠᠨ ᠳᠠᠷᠢᠶᠠᠨ ᠦᠷ᠎ᠡ ᠪᠠᠨ ᠬᠦᠮᠦᠷᠭᠡᠯᠡᠬᠦ᠂ ᠬᠢᠮᠢ ᠶᠢᠨ ᠪᠤᠷᠳᠤᠭᠤᠷ ᠢᠶᠠᠨ ᠳᠡᠭᠡᠭᠡᠪᠦᠷᠢᠯᠡᠬᠦ᠂ ᠵᠠᠬᠢᠶᠠᠯᠠᠭ᠎ᠠ ᠶᠢᠨ ᠭᠡᠷ᠎ᠡ ᠳᠤᠭᠳᠠᠬᠤ ᠵᠡᠷᠭᠡ ᠬᠠᠪᠤᠷ ᠤᠨ ᠳᠠᠷᠢᠶᠠᠯᠠᠭ᠎ᠠ ᠶᠢᠨ ᠪᠡᠯᠡᠳᠭᠡᠯ ᠠᠵᠢᠯ ᠳᠤ ᠪᠤᠷᠪᠢ ᠪᠤᠬᠢᠰᠭᠢᠯ ᠦᠭᠡᠢ ᠶᠠᠭᠠᠷᠠᠵᠤ ᠪᠠᠶᠢᠯ᠎ᠠ᠃       ᠴᠧᠨ ᠰᠢ ᠯᠢᠶᠠᠨ ᠡᠨᠡ ᠵᠢᠯ ᠳᠦᠴᠢᠨ ᠨᠠᠰᠤᠳᠠᠢ᠂ ᠲᠡᠷᠡ ᠠᠩᠬ᠎ᠠ ᠳᠤᠮᠳᠠᠳᠤ ᠪᠠᠨ ᠳᠡᠭᠦᠰᠭᠡᠮᠡᠭᠴᠡ ᠳᠦᠷᠦᠭᠰᠡᠨ ᠨᠤᠳᠤᠭ ᠰᠠᠶᠢᠬᠠᠨᠳᠠᠯ᠎ᠠ ᠭᠠᠴᠠᠭ᠎ᠠ ᠳᠠᠭᠠᠨ ᠬᠠᠷᠢᠵᠤ ᠠᠪᠤ ᠡᠵᠢ ᠪᠠᠨ ᠬᠠᠪᠰᠤᠷᠤᠨ ᠳᠠᠷᠢᠶᠠᠨ ᠠᠵᠢᠯ ᠬᠢᠭᠰᠡᠨ ᠪᠠᠶᠢᠨ᠎ᠠ᠃ ᠲᠡᠷᠡ 10 ᠭᠠᠷᠤᠢ ᠵᠢᠯ ᠤᠨ ᠳᠠᠷᠢᠶᠠᠨ ᠠᠵᠢᠯ ᠬᠢᠭᠰᠡᠨ ᠳᠤᠷᠰᠢᠯᠭ᠎ᠠ ᠠᠴᠠ ᠪᠠᠨ ᠳᠤᠰ ᠭᠠᠵᠠᠷ ᠤᠷᠤᠨ ᠤ ᠬᠢᠨᠢ ᠳᠠᠷᠢᠶᠠᠨ ᠭᠠᠵᠠᠷ ᠠᠷᠪᠢᠨ ᠴᠤ ᠳᠠᠷᠢᠶᠠᠴᠢᠳ ᠶᠠᠭᠤ ᠳᠠᠷᠢᠪᠠᠯ ᠡᠯᠪᠡᠭ ᠬᠤᠷᠢᠶᠠᠯᠳᠠ ᠤᠯᠵᠤ᠂ ᠶᠠᠭᠠᠬᠢᠵᠤ ᠬᠤᠳᠠᠯᠳᠤᠪᠠᠯ ᠢᠯᠡᠭᠦᠦ ᠤᠷᠤᠯᠭ᠎ᠠ ᠤᠯᠬᠤ ᠶᠢ ᠮᠡᠳᠡᠬᠦ ᠦᠭᠡᠢ ᠠᠴᠠ ᠵᠢᠯ ᠤᠨ ᠰᠡᠭᠦᠯᠴᠢ ᠪᠤᠯᠤᠭᠰᠠᠭᠠᠷ ᠳᠠᠷᠢᠮᠠᠯ ᠤᠨ ᠵᠦᠢᠯᠡᠰ ᠢᠶᠠᠨ ᠬᠤᠳᠠᠯᠳᠤᠨ ᠭᠠᠷᠭᠠᠵᠦ ᠳᠡᠶᠢᠯᠬᠦ ᠦᠭᠡᠢ ᠭᠠᠴᠢᠭᠳᠠᠵᠤ ᠲᠦᠪᠡᠭᠳᠡᠵᠤ ᠪᠠᠶᠢᠭ᠎ᠠ ᠶᠢ ᠰᠡᠷᠡᠵᠤ᠂ ᠲᠠᠷᠢᠶᠠᠴᠢᠳ ᠢ ᠳᠠᠶᠢᠴᠢᠯᠠᠨ ᠤᠷᠤᠯᠭ᠎ᠠ ᠶᠢ ᠨᠢ ᠨᠡᠮᠡᠭᠳᠡᠭᠦᠯᠵᠤ ᠠᠮᠢᠳᠤᠷᠠᠯ ᠢ ᠨᠢ ᠴᠢᠨᠡᠬᠡᠯᠢᠭᠵᠢᠭᠦᠯᠬᠦ ᠪᠠᠷ 2015 ᠤᠨ ᠤ 1 ᠰᠠᠷ᠎ᠠ ᠳᠤ ︽ᠨᠤᠳᠤᠭ ᠤᠨ ᠬᠠᠶᠢᠷ᠎ᠠ ᠳᠠᠷᠢᠵᠤ ᠳᠡᠵᠢᠬᠡᠬᠦ ᠳᠤᠰᠬᠠᠢ ᠬᠤᠷᠰᠢᠶᠠᠵᠢᠯ︾᠎ ᠢᠶᠠᠨ ᠳᠠᠩᠰᠠᠯᠠᠨ ᠪᠠᠶᠢᠭᠤᠯᠤᠭᠰᠠᠨ ᠪᠠᠶᠢᠨ᠎ᠠ᠃ ᠠᠷᠭ᠎ᠠ ᠪᠦᠬᠦᠨ ᠢ ᠰᠦᠪᠡᠭᠴᠢᠯᠡᠨ ᠠᠷᠠᠳ ᠲᠤ ᠠᠰᠢᠭ ᠬᠦᠷᠳᠡᠭᠡᠨ᠎ᠡ         ︽ᠮᠠᠨ ᠤ ᠡᠨᠡ ᠬᠤᠷᠰᠢᠶᠠᠵᠢᠯ ᠢ ᠠᠩᠬ᠎ᠠ ᠪᠠᠶᠢᠭᠤᠯᠬᠤ ᠳᠤ ᠵᠢᠷᠭᠤᠭᠠᠬᠠᠨ ᠭᠡᠰᠢᠭᠦᠨ ᠡᠷᠦᠬᠡ ᠲᠠᠢ ᠪᠠᠶᠢᠭᠰᠠᠨ ᠠᠴᠠ ᠪᠠᠨ ᠤᠳᠤ ᠨᠢᠭᠡᠨᠳᠡ 130 ᠪᠤᠯᠵᠤ ᠬᠦᠭᠵᠢᠯ᠎ᠡ᠃ ᠬᠤᠶᠠᠷ ᠵᠢᠯ ᠤᠨ ᠬᠤᠭᠤᠴᠠᠭᠠᠨ ᠳᠤ ᠬᠤᠷᠰᠢᠶᠠᠵᠢᠯ ᠤᠨ 4 ᠲᠦᠮᠡᠨ ᠮᠥ ᠳᠠᠷᠢᠶᠠᠨ ᠭᠠᠵᠠᠷ ᠤᠨ 15000 ᠮᠥ ᠳᠤ ᠨᠢ ᠮᠠᠰᠢᠨ ᠬᠤᠳᠳᠤᠭ ᠤᠭᠰᠠᠷᠠᠵᠤ᠂ ᠦᠯᠡᠳᠡᠭᠰᠡᠨ ᠬᠡᠰᠡᠭ ᠲᠤᠨᠢ ᠴᠤ ᠪᠦᠷ ᠬᠤᠳᠳᠤᠭ ᠮᠠᠯᠳᠠᠪᠠ᠃ ᠡᠳᠡᠭᠡᠷ ᠳᠠᠷᠢᠶᠠᠨ ᠳᠠᠭᠠᠨ ᠪᠢᠳᠡ ᠨᠢᠭᠡᠳᠦᠯᠳᠡᠢ ᠳᠠᠷᠢᠶᠠᠯᠠᠬᠤ᠂ ᠨᠢᠭᠡᠳᠦᠯᠳᠡᠢ ᠬᠠᠳᠤᠵᠤ ᠬᠤᠷᠢᠶᠠᠬᠤ᠂ ᠨᠢᠭᠡᠳᠦᠯᠳᠡᠢ ᠪᠤᠷᠤᠯᠠᠭᠤᠯᠬᠤ ᠬᠠᠮᠢᠶᠠᠷᠤᠯᠳᠠ ᠶᠢᠨ ᠬᠡᠪ ᠵᠠᠬᠪᠤᠷ ᠢ ᠬᠡᠷᠡᠭᠯᠡᠵᠤ᠂ ᠨᠢᠳᠤᠨᠤᠨ ᠵᠢᠯ ᠮᠠᠨ ᠤ ᠭᠡᠰᠢᠭᠦᠨ ᠡᠷᠦᠬᠡ ᠪᠦᠷᠢ ᠪᠤᠰᠤᠳ ᠳᠠᠷᠢᠶᠠᠴᠢᠨ ᠠᠴᠠ ᠨᠠᠷᠠᠨᠬᠤᠸᠠᠷ ᠢᠶᠠᠨ 6 ᠲᠦᠮᠡᠨ ᠲᠦᠭᠦᠷᠢᠭ ᠢᠯᠡᠭᠦᠦ ᠬᠤᠳᠠᠯᠳᠤᠭᠰᠠᠨ ᠰᠢᠤ︾ ᠭᠡᠵᠤ ᠴᠧᠨ ᠰᠢ ᠯᠢᠶᠠᠨ ᠬᠤᠷᠰᠢᠶᠠᠵᠢᠯ ᠤᠨ ᠭᠡᠰᠢᠭᠦᠨ ᠡᠷᠦᠬᠡ ᠳᠡᠭᠡᠨ ᠪᠤᠳᠠᠳᠤ ᠠᠰᠢᠭ ᠬᠦᠷᠳᠡᠭᠡᠭᠰᠡᠨ ᠢᠶᠠᠨ ᠨᠢᠭᠡᠳ ᠨᠢᠭᠡ ᠪᠠᠷ ᠨᠠᠷᠢᠨ ᠳᠤᠳᠤᠷᠬᠠᠢ ᠳᠠᠶᠢᠯᠪᠤᠷᠢᠯᠠᠯᠳᠠ ᠬᠢᠵᠤ ᠦᠭᠭᠦᠯ᠎ᠡ᠃           ᠴᠧᠨ ᠰᠢ ᠯᠢᠶᠠᠨ ᠤ ᠳᠠᠨᠢᠯᠴᠠᠭᠤᠯᠤᠭᠰᠠᠨ ᠢᠶᠠᠷ᠂ 2016 ᠤᠨ ᠤ ᠨᠠᠮᠤᠷ ᠠᠭᠤᠷ ᠠᠮᠢᠰᠬᠤᠯ ᠤᠨ ᠨᠦᠯᠦᠭᠡ ᠠᠴᠠ ᠪᠤᠯᠵᠤ᠂ ᠪᠦᠬᠦ ᠪᠠᠯᠭᠠᠰᠤ ᠶᠢᠨ ᠳᠠᠷᠢᠶᠠᠴᠢᠳ ᠨᠠᠷᠠᠨᠬᠤᠸᠠᠷ ᠢᠶᠠᠨ ᠬᠤᠳᠠᠯᠳᠤᠨ ᠭᠠᠷᠭᠠᠵᠤ ᠳᠡᠶᠢᠯᠬᠦ ᠦᠭᠡᠢ ᠪᠤᠯᠪᠠ᠂ ᠤᠨᠴᠠᠭᠠᠢᠢᠯᠠᠨ ᠰᠠᠶᠢᠬᠠᠨᠳᠠᠯ᠎ᠠ ᠭᠠᠴᠠᠭ᠎ᠠ ᠶᠢᠨ ᠳᠠᠷᠢᠶᠠᠴᠢᠳ ᠨᠠᠷᠠᠨᠬᠤᠸᠠᠷ ᠢᠶᠠᠨ ᠬᠡᠨ ᠳᠤ ᠬᠤᠳᠠᠯᠳᠤᠬᠤ᠂ ᠬᠡᠳᠦᠢ ᠦᠨ᠎ᠡ ᠪᠠᠷ ᠬᠤᠳᠠᠯᠳᠤᠬᠤ ᠪᠠᠨ ᠮᠡᠳᠡᠬᠦ ᠦᠭᠡᠢ ᠭᠠᠴᠢᠭᠳᠠᠭᠰᠠᠨ ᠪᠠᠶᠢᠳᠠᠯ ᠳᠤᠤᠷ᠎ᠠ ᠴᠧᠨ ᠰᠢ ᠯᠢᠶᠠᠨ ᠬᠢᠷᠢᠨ᠂ ᠭᠠᠨᠰᠤ᠂ ᠬᠤᠪᠸᠢ ᠮᠤᠵᠢ ᠠᠴᠠ ᠬᠤᠳᠠᠯᠳᠤᠭᠠᠴᠢᠨ ᠤᠷᠢᠨ ᠠᠪᠴᠢᠷᠠᠵᠤ ᠨᠠᠷᠠᠨᠬᠤᠸᠠᠷ ᠢ ᠨᠢ ᠦᠨᠳᠦᠷ ᠦᠨ᠎ᠡ ᠪᠠᠷ ᠬᠤᠳᠠᠯᠳᠤᠨ ᠭᠠᠷᠭᠠᠭᠰᠠᠨ ᠮᠦᠷᠳᠡᠭᠡᠨ ᠡᠨᠡ ᠵᠢᠯ ᠳᠤ ᠳᠠᠷᠢᠶᠠᠴᠢᠳ ᠢ ᠬᠠᠪᠰᠤᠷᠤᠨ ᠬᠢᠷᠢᠨ ᠮᠤᠵᠢ ᠶᠢᠨ ᠶᠤᠸᠠᠨ ᠫᠠᠨ ᠳᠠᠷᠢᠶᠠᠯᠠᠩ ᠤᠨ ᠦᠢᠯᠡᠰ ᠤᠨ ᠠᠵᠤ ᠠᠬᠤᠢᠢᠯᠠᠯ ᠪᠠ ᠭᠠᠨᠰᠤ ᠮᠤᠵᠢ ᠶᠢᠨ ᠢ ᠹᠧᠩ ᠳᠠᠷᠢᠶᠠᠯᠠᠩ ᠤᠨ ᠦᠢᠯᠡᠰ ᠤᠨ ᠠᠵᠤ ᠠᠬᠤᠢᠢᠯᠠᠯ ᠲᠠᠢ ᠬᠠᠮᠳᠤᠷᠠᠵᠤ ᠨᠠᠷᠠᠨᠬᠤᠸᠠᠷ᠂ ᠨᠠᠷᠢᠮᠥ᠂ ᠰᠢᠰᠢ᠂ ᠯᠤᠬᠠᠱᠧᠩ᠂ ᠨᠤᠭᠤᠭᠠᠨ ᠪᠤᠷᠴᠠᠭ ᠳᠠᠷᠢᠵᠤ ᠤᠷᠭᠤᠭᠤᠯᠬᠤ ᠵᠠᠬᠢᠶᠠᠯᠠᠭ᠋ ᠶᠢᠨ ᠭᠡᠷ᠎ᠡ ᠳᠤᠭᠳᠠᠭᠰᠠᠨ ᠪᠠᠶᠢᠨ᠎ᠠ᠃ ᠲᠡᠷᠡ᠄ ︽ᠪᠢᠳᠡ ᠡᠳᠡᠭᠡᠷ ᠳᠠᠷᠢᠮᠠᠯ ᠤᠨ ᠬᠠᠮᠤᠭ ᠳᠤᠤᠷ᠎ᠠ ᠦᠨ᠎ᠡ ᠬᠠᠩᠰᠢ ᠶᠢ ᠪᠠᠳᠤᠯᠠᠬᠤ ᠮᠦᠷᠳᠡᠭᠡᠨ ᠵᠠᠬ᠎ᠠ ᠳᠡᠯᠭᠡᠭᠦᠷ ᠤᠨ ᠪᠠᠶᠢᠳᠠᠯ ᠢ ᠦᠨᠳᠦᠰᠦᠯᠡᠵᠤ ᠳᠠᠷᠢᠮᠠᠯ ᠤᠨ ᠵᠦᠢᠯᠡᠰ ᠤᠨ ᠦᠨ᠎ᠡ ᠬᠠᠩᠰᠢ ᠦᠰᠪᠡᠯ ᠪᠢᠳᠡᠨ ᠤ ᠬᠤᠷᠢᠶᠠᠨ ᠠᠪᠬᠤ ᠦᠨ᠎ᠡ ᠬᠠᠩᠰᠢ ᠴᠤ ᠳᠠᠭᠠᠯᠳᠤᠨ ᠦᠰᠦᠨ᠎ᠡ᠃ ᠡᠨᠡ ᠬᠠᠪᠤᠷ ᠳᠠᠷᠢᠶᠠᠴᠢᠳ ᠢ ᠰᠡᠳᠭᠢᠯ ᠠᠮᠤᠷ ᠢᠶᠠᠷ ᠳᠠᠷᠢᠶ᠎ᠠ ᠳᠠᠷᠢᠭᠤᠯᠬᠤ ᠶᠢᠨ ᠲᠦᠯᠦᠭᠡ ᠤᠷᠤᠭᠤᠯᠤᠨ ᠠᠪᠴᠢᠷᠠᠭᠰᠠᠨ ᠠᠵᠤ ᠠᠬᠤᠢᠢᠯᠠᠯ ᠠᠴᠠ 600 ᠲᠦᠮᠡᠨ ᠲᠦᠭᠦᠷᠢᠭ ᠤᠨ ᠪᠡᠯᠡ ᠤᠷᠤᠭᠤᠯᠤᠨ ᠳᠠᠷᠢᠶᠠᠴᠢᠳ ᠲᠤ ᠰᠦᠢᠳᠭᠡᠯ ᠠᠪᠬᠤ ᠦᠭᠡᠢ ᠪᠠᠷ ᠳᠠᠷᠢᠶᠠᠨ ᠦᠷ᠎ᠡ᠂ ᠬᠢᠮᠢ ᠶᠢᠨ ᠪᠤᠷᠳᠤᠭᠤᠷ ᠵᠡᠷᠭᠡ ᠶᠢ ᠬᠠᠩᠭᠠᠭᠰᠠᠨ ᠢᠶᠠᠷ ᠪᠠᠷᠠᠬᠤ ᠦᠭᠡᠢ ᠮᠠᠨ ᠤ ᠬᠤᠷᠰᠢᠶᠠᠵᠢᠯ ᠪᠦᠳᠦᠭᠦᠨᠬᠤᠸᠠ ᠴᠢᠯᠠᠭᠤᠨ ᠳᠤᠰᠤᠨ ᠤ ᠺᠤᠮᠫᠠᠨᠢ ᠲᠠᠢ ᠬᠠᠮᠳᠤᠷᠠᠨ ᠳᠠᠷᠢᠶᠠᠴᠢᠳ ᠲᠤ ᠺᠢᠯᠦᠭᠷᠡᠮ ᠪᠦᠷᠢ 0.60 ᠲᠦᠭᠦᠷᠢᠭ ᠬᠢᠮᠳᠠ ᠪᠠᠷ ᠴᠠᠶᠢᠶ᠋ᠢᠤ ᠬᠠᠩᠭᠠᠵᠤ᠂ ᠡᠭᠦᠳᠡᠨ ᠳᠤ ᠨᠢ ᠬᠦᠷᠭᠡᠵᠤ ᠦᠭᠪᠡ᠃ ᠨᠢᠳᠤᠨᠤᠨ ᠡᠪᠤᠯ ᠠᠴᠠ ᠨᠠᠰᠢ᠂ ᠪᠢ ᠪᠠᠰᠠ ᠬᠤᠶᠠᠷ ᠰᠠᠷ᠎ᠠ ᠶᠢᠨ ᠴᠠᠭ ᠢ ᠠᠰᠢᠭᠯᠠᠨ ᠬᠠᠷᠠᠮᠦ᠋ᠷᠡᠨ᠂ ᠬᠢᠷᠢᠨ ᠵᠡᠷᠭᠡ ᠭᠠᠵᠠᠷ ᠢᠶᠠᠷ ᠬᠦᠷᠴᠤ ᠳᠡᠮᠡᠭᠡᠨ ᠬᠢᠷᠭᠤᠤᠯ᠂ ᠱᠤᠤ ᠪᠤᠭᠤ ᠳᠡᠵᠢᠭᠡᠵᠤ ᠦᠷᠡᠵᠢᠭᠦᠯᠬᠦ ᠮᠡᠷᠭᠡᠵᠢᠯ ᠢ ᠪᠠᠶᠢᠴᠠᠭᠠᠨ ᠰᠤᠷᠤᠯᠴᠠᠵᠤ᠂ ᠡᠨᠡ ᠵᠢᠯ ᠤᠨ 6 ᠰᠠᠷ᠎ᠠ ᠳᠤ ᠬᠤᠷᠰᠢᠶᠠᠵᠢᠯ ᠳᠠᠭᠠᠨ 300 ᠳᠡᠮᠡᠬᠡᠨ ᠬᠢᠷᠭᠤᠤᠯ ᠪᠠ 300 ᠦᠬᠡᠷ ᠤᠷᠤᠭᠤᠯᠤᠨ ᠠᠪᠴᠢᠷᠠᠵᠤ᠂ ᠳᠡᠷᠢᠵᠤ ᠳᠡᠵᠢᠬᠡᠬᠦ ᠶᠢ ᠤᠶᠠᠯᠳᠤᠭᠤᠯᠤᠨ ᠳᠠᠷᠢᠶᠠᠴᠢᠳ ᠢᠶᠠᠨ ᠪᠠᠶᠠᠵᠢᠯ ᠤᠨ ᠵᠠᠮ ᠢᠶᠠᠷ ᠬᠦᠳᠦᠯᠬᠦ ᠪᠠᠷ ᠪᠤᠢ︾ ᠭᠡᠵᠤ ᠤᠳᠤᠬᠠᠨ ᠪᠠ ᠬᠤᠶᠢᠰᠢᠳᠠ ᠶᠢᠨ ᠬᠠᠷᠠᠯᠳᠠ ᠲᠦᠯᠦᠪᠯᠡᠭᠡ ᠢᠶᠠᠨ ᠢᠶᠠᠨ ᠳᠤᠬᠠᠢ ᠢᠳᠡᠭᠡᠯ ᠳᠡᠭᠦᠯᠳᠡᠷ ᠶᠠᠷᠢᠵᠤ ᠪᠠᠶᠢᠯ᠎ᠠ᠃        ᠬᠦᠴᠢᠷᠳᠡᠯᠳᠡᠢ ᠠᠷᠡᠳ ᠢᠶᠠᠨ ᠬᠠᠯᠠᠮᠵᠢᠯᠠᠨ ᠬᠠᠪᠰᠤᠷᠤᠨ᠎ᠠ        ᠴᠧᠨ ᠰᠢ ᠯᠢᠶᠠᠨ ᠳᠠᠷᠢᠶᠠᠯᠠᠩ ᠦᠢᠯᠡᠳᠪᠦᠷᠢᠯᠡᠯ ᠤᠨ ᠳᠠᠯ᠎ᠠ ᠪᠠᠷ ᠳᠠᠷᠢᠶᠠᠴᠢᠨ ᠤᠯᠠᠨ ᠳᠠᠭᠠᠨ ᠵᠢᠱᠢᠶᠠᠴᠢ ᠳᠠᠭᠤᠷᠢᠶᠠᠯ ᠪᠤᠯᠵᠤ᠂ ᠳᠠᠪᠰᠢᠭᠰᠠᠨ ᠵᠠᠯᠠᠭᠤ ᠳᠠᠷᠢᠶᠠᠴᠢᠨ ᠪᠤᠯᠬᠤ ᠪᠠᠷ ᠪᠠᠷᠠᠬᠤ ᠦᠭᠡᠢ ᠦᠷᠦᠪᠴᠢ ᠬᠠᠶᠢᠷ᠎ᠠ ᠡᠯᠢᠭᠡᠰᠡᠭ ᠳᠤᠳᠤᠨᠤ ᠪᠠᠶᠢᠵᠤ᠂ ᠭᠠᠴᠠᠭ᠎ᠠ ᠶᠢᠨ ᠶᠠᠳᠠᠭᠤ ᠬᠦᠴᠢᠷᠳᠡᠢ ᠠᠷᠠᠳ ᠤᠯᠠᠨ ᠢᠶᠠᠨ ᠦᠷᠭᠦᠯᠵᠢ ᠬᠠᠪᠰᠤᠷᠤᠨ ᠳᠡᠮᠵᠢᠵᠤ ᠬᠠᠶᠢᠷ᠎ᠠ ᠬᠠᠯᠠᠮᠵᠢ ᠬᠦᠷᠳᠡᠭᠡᠳᠡᠭ᠃ ᠲᠡᠷᠡ 2015 ᠤᠨ ᠠᠴᠠ ᠨᠠᠰᠢ ᠵᠢᠯ ᠪᠦᠷᠢ 2 ᠲᠦᠮᠡᠨ ᠲᠦᠭᠦᠷᠢᠭ ᠭᠠᠷᠭᠠᠨ ᠪᠠᠶᠠᠷ ᠳᠤᠷᠠᠰᠬᠠᠯ ᠤᠨ ᠡᠳᠦᠷ ᠲᠤ ᠭᠠᠴᠠᠭ᠎ᠠ ᠶᠢᠨ ᠢᠶᠠᠨ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠢ ᠳᠤᠬᠤᠨᠢᠭᠤᠯᠳᠠᠭ ᠪᠦᠭᠡᠳ ᠵᠡᠮᠳᠡᠭ ᠡᠷᠦᠬᠡ᠂ ᠤᠨᠴᠠ ᠬᠦᠴᠢᠷᠳᠡᠢ ᠡᠷᠦᠬᠡ ᠵᠡᠷᠭᠡ ᠶᠢ ᠬᠠᠯᠠᠮᠵᠢᠯᠠᠨ ᠬᠠᠪᠰᠤᠷᠳᠠᠭ᠃        ᠳᠤᠰ ᠭᠠᠴᠠᠭ᠎ᠠ ᠶᠢᠨ ᠠᠷᠠᠳ ᠪᠡᠯᠵᠢ ᠨᠢᠭᠡᠨᠳᠡ 70 ᠨᠠᠰᠤ ᠶᠢ ᠳᠠᠪᠠᠵᠤ᠂ 90 ᠭᠠᠷᠤᠭᠰᠠᠨ ᠡᠵᠢ ᠪᠠ ᠬᠦᠤ᠂ ᠤᠮᠪᠤᠯᠤ ᠲᠠᠢ ᠪᠠᠨ ᠳᠦᠷᠪᠡᠨ ᠦᠶ᠎ᠡ ᠪᠠᠷ ᠢᠶᠠᠨ ᠠᠮᠢᠳᠤᠷᠠᠵᠤ᠂ ᠠᠮᠢᠳᠤᠷᠠᠯ ᠨᠢ ᠳᠦᠢᠯ ᠤᠨ ᠬᠦᠴᠢᠷᠳᠡᠢ᠃ ᠲᠡᠷᠡ ᠠᠷᠪᠠᠭᠠᠳ ᠵᠢᠯ ᠤᠨ ᠬᠤᠭᠤᠷᠤᠨᠳᠤ ᠪᠠᠯᠵᠢ ᠨᠠᠰᠤᠳᠠᠨ ᠤ ᠬᠠᠪᠤᠷ ᠤᠨ ᠳᠠᠷᠢᠶᠠᠯᠠᠭ᠎ᠠ ᠶᠢ ᠨᠢ ᠬᠠᠮᠵᠢᠵᠤ ᠳᠠᠷᠢᠵᠤ ᠦᠭᠳᠡᠭ ᠢᠶᠠᠷ ᠪᠠᠷᠠᠬᠤ ᠦᠭᠡᠢ ᠨᠠᠮᠤᠷ ᠤᠨ ᠬᠤᠷᠢᠶᠠᠯᠳᠡ ᠶᠢᠨ ᠦᠶ᠎ᠡ ᠳᠤ ᠴᠤ ᠬᠠᠪᠰᠤᠷᠤᠨ ᠳᠤᠰᠠᠯᠠᠳᠠᠭ᠃ ᠳᠤᠰ ᠭᠠᠴᠠᠭ᠎ᠠ ᠶᠢᠨ ᠠᠷᠠᠳ ᠪᠤᠤ ᠳ᠋ᠧ 50 ᠬᠦᠷᠴᠤ᠂ ᠬᠦᠤ ᠨᠢ ᠴᠤ ᠵᠡᠮᠳᠡᠭ ᠠᠴᠠ ᠬᠦᠳᠡᠯᠮᠦᠷᠢ ᠬᠦᠴᠦ ᠬᠦᠷᠦᠯᠴᠡᠬᠦ ᠦᠭᠡᠢ᠂ ᠵᠦᠳᠡᠭᠦᠬᠡᠨ ᠠᠮᠢᠳᠤᠷᠠᠵᠤ ᠪᠤᠢ᠃ ᠴᠧᠨ ᠰᠢ ᠯᠢᠶᠠᠨ ᠭᠡᠷᠭᠡᠢ ᠶᠢᠨ ᠢᠶᠠᠨ ᠡᠵᠡᠩᠨᠡᠵᠤ ᠪᠠᠶᠢᠭ᠎ᠠ ᠬᠤᠳᠠᠯᠳᠤᠭ᠎ᠠ ᠳᠡᠯᠭᠡᠭᠦᠷ ᠠᠴᠠ ᠦᠷᠭᠦᠯᠵᠢ ᠪᠤᠳᠠᠭ᠎ᠠ᠂ ᠳᠤᠰᠤ ᠵᠡᠷᠭᠡ ᠶᠢ ᠬᠦᠷᠭᠡᠨ ᠦᠭᠳᠡᠭ ᠮᠦᠷᠳᠡᠭᠡᠨ ᠡᠪᠤᠯ ᠤᠨ ᠤᠯᠠᠷᠢᠯ ᠳᠤ ᠳᠤᠯᠠᠭᠠᠯᠠᠭ᠎ᠠ ᠶᠢᠨ ᠨᠡᠭᠦᠷᠡᠰᠤ ᠶᠢ ᠨᠢ ᠬᠤᠳᠠᠯᠳᠤᠨ ᠠᠪᠴᠤ ᠦᠭᠭᠦᠭᠰᠡᠨ ᠤᠳᠠᠭ᠎ᠠ ᠴᠤ ᠤᠯᠠᠨ ᠪᠤᠢ᠃ ᠲᠡᠷᠡ᠄ ︽ᠨᠡᠶᠢᠭᠡᠮ ᠤᠨ ᠬᠦᠭᠵᠢᠯᠳᠡ ᠶᠢ ᠳᠠᠭᠠᠯᠳᠤᠨ ᠠᠷᠠᠳ ᠤᠯᠠᠨ ᠤ ᠠᠮᠢᠳᠤᠷᠠᠯ ᠤᠨ ᠳᠦᠪᠰᠢᠨ ᠴᠤ ᠡᠳᠦᠷ ᠠᠴᠠ ᠡᠳᠦᠷ ᠰᠠᠶᠢᠵᠢᠷᠠᠯ ᠎ᠠ᠂ ᠭᠡᠳᠡᠯ᠎ᠡ ᠤᠨᠴᠠ ᠵᠠᠷᠢᠮ ᠡᠷᠦᠬᠡ ᠡᠪᠡᠳᠴᠢᠨ ᠡᠮᠬᠡᠭ ᠲᠠᠢ ᠠᠴᠠ ᠪᠤᠯᠵᠤ ᠶᠠᠳᠠᠭᠤ ᠠᠴᠠ ᠪᠠᠨ ᠠᠩᠭᠢᠵᠢᠷᠠᠵᠤ ᠳᠡᠶᠢᠯᠬᠦ ᠦᠭᠡᠢ ᠪᠠᠶᠢᠭᠰᠠᠭᠠᠷ᠂ ᠪᠢᠳᠡᠨ ᠤ ᠠᠮᠢᠳᠤᠷᠠᠯ ᠤᠨ ᠨᠦᠬᠦᠴᠡᠯ ᠳᠡᠭᠡᠭᠰᠢᠯᠡᠭᠰᠡᠨ ᠠᠴᠠ ᠶᠠᠳᠠᠭᠤ ᠠᠷᠠᠳ ᠢᠶᠠᠨ ᠬᠠᠯᠠᠮᠵᠢᠯᠠᠵᠤ ᠬᠠᠪᠰᠤᠷᠬᠤ ᠪᠤᠯ ᠬᠦᠮᠦᠰ ᠲᠤ ᠶᠡᠷᠦᠳᠡᠭᠡᠨ ᠪᠠᠶᠢᠳᠠᠭ ᠬᠠᠶᠢᠷ᠎ᠠ ᠰᠡᠳᠭᠢᠯᠭᠡ ᠪᠤᠯᠤᠨ᠎ᠠ᠂ ᠳᠤᠰ ᠬᠤᠷᠰᠢᠶᠠᠵᠢᠯ ᠢ ᠪᠠᠶᠢᠭᠤᠯᠤᠭᠰᠠᠨ ᠠᠴᠠ ᠨᠠᠰᠢ ᠨᠠᠮᠤᠷ ᠳᠠᠷᠢᠮᠠᠯ ᠤᠨ ᠵᠦᠢᠯ ᠢ ᠬᠤᠷᠢᠶᠠᠨ ᠬᠤᠳᠠᠯᠳᠤᠬᠤ ᠳᠤ ᠪᠢᠳᠡ ᠬᠦᠳᠡᠯᠮᠦᠷᠢ ᠬᠦᠴᠦ ᠬᠡᠷᠡᠭᠰᠡᠳᠡᠭ ᠠᠴᠠ ᠳᠤᠰ ᠭᠠᠴᠠᠭ᠎ᠠ ᠶᠢᠨ ᠢᠶᠠᠨ ᠦᠯᠡᠭᠦᠦ ᠬᠦᠳᠡᠯᠮᠦᠷᠢ ᠬᠦᠴᠦ ᠶᠢ ᠬᠦᠯᠦᠰᠦᠯᠡᠨ ᠬᠡᠷᠡᠭᠯᠡᠳᠡᠭ ᠢᠶᠠᠷ ᠪᠠᠷᠠᠬᠤ ᠦᠭᠡᠢ ᠵᠢᠯ ᠳᠤᠷᠰᠢ 2 ᠬᠦᠯᠦᠰᠦᠨ ᠬᠦᠴᠦ ᠬᠡᠷᠡᠭᠯᠡᠵᠤ᠂ ᠳᠡᠳᠡᠨ ᠤ ᠳᠠᠷᠢᠶᠠᠯᠠᠩ ᠤᠨ ᠰᠤᠯᠠ ᠴᠠᠭ ᠲᠠᠭᠠᠨ ᠠᠵᠢᠯ ᠬᠦᠳᠡᠯᠮᠦᠷᠢ ᠬᠢᠵᠤ ᠤᠷᠤᠯᠭ᠎ᠠ ᠪᠠᠨ ᠨᠡᠮᠡᠭᠳᠡᠭᠦᠯᠬᠦ᠋ᠢ ᠳᠠᠶᠢᠴᠢᠯᠠᠵᠤ ᠪᠤᠢ᠃ ᠬᠤᠶᠢᠰᠢᠳᠠ ᠳᠡᠵᠢᠭᠡᠪᠦᠷᠢ ᠶᠢᠨ ᠦᠢᠯᠡᠰ ᠢ ᠬᠦᠭᠵᠢᠭᠦᠯᠦᠭᠰᠡᠨ ᠤ ᠳᠠᠷᠠᠭ᠎ᠠ ᠶᠠᠳᠠᠭᠤ ᠡᠷᠦᠭᠡ ᠶᠢ ᠨᠡᠩ ᠢᠯᠡᠭᠦᠦ ᠬᠠᠯᠠᠮᠵᠢᠯᠠᠵᠤ᠂ ᠬᠠᠮᠳᠤᠪᠠᠷ ᠢᠶᠠᠨ ᠪᠠᠶᠠᠵᠢᠨ ᠴᠢᠨᠡᠬᠡᠯᠢᠭᠵᠢᠨ᠎ᠡ︾ ᠭᠡᠵᠤ ᠪᠤᠳᠤᠯ ᠲᠦᠯᠦᠪᠯᠡᠭᠡ ᠪᠠᠨ ᠳᠡᠯᠭᠡᠨ᠎ᠡ ᠪᠢᠯᠡ︕
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号