— ᠲᠤᠮᠳᠠᠳᠦ ᠬᠤᠰᠢᠭᠤᠠ ᠤ ᠪᠡᠯᠴᠢᠭᠡᠷᠯᠡᠬᠦᠯᠬᠦ ᠶᠢ ᠴᠠᠭᠠᠵᠠᠯᠠᠬᠤ ᠪᠠᠷ ᠲᠠᠮᠵᠢᠨ ᠠᠮᠢ ᠠᠬᠤᠢ ᠶᠢᠨ | ᠤᠷᠴᠢᠨ ᠲᠤᠭᠤᠷᠢᠨ ᠢ ᠬᠠᠮᠠᠭᠠᠯᠠᠨ ᠰᠠᠶᠢᠵᠢᠷᠠᠭᠤᠯᠵᠦ ᠪᠠᠶᠢᠭ᠎ᠠ ᠠᠵᠢᠯ ᠤᠨ ᠲᠤᠬᠠᠢ ᠲᠠᠳᠠᠯᠠᠭ᠎ᠠ | ● ᠦᠷᠳᠡᠭᠡᠨ ᠳᠤ ᠰᠠᠭᠤᠭ᠎ᠠ ᠰᠤᠷᠪᠤᠯᠵᠢᠯᠠᠭᠴᠢ ᠮᠧᠩ ᠲᠢᠶᠠᠨ ᠯᠢᠶᠠᠩ ᠴᠢᠮᠡᠭᠡᠯᠡᠭᠴᠢ ᠰᠦᠨ ᠯᠢ ᠨᠠ | | ᠵᠦᠢᠯ ᠤᠨ ᠴᠡᠴᠡᠭ ᠪᠠᠳᠠᠷᠠᠨ ᠲᠡᠯᠭᠡᠷᠡᠵᠦ᠂ ᠵᠦᠢᠯ ᠤᠨ ᠰᠢᠪᠠᠭᠤᠳ ᠵᠢᠷᠬᠢᠨ ᠲᠤᠩᠭᠤᠳᠤᠭᠰᠠᠨ ᠵᠤᠨ ᠤ | ᠵᠢᠷᠭᠤᠭᠠᠨ ᠰᠠᠷ᠎ᠠ ᠪᠤᠯᠤᠭᠰᠠᠨ ᠴᠦ ᠤᠢᠢᠵᠢᠭᠤᠯᠵᠦ ᠨᠤᠭᠤᠭᠠᠷᠠᠭᠤᠯᠬᠤ ᠤᠷᠤᠨ ᠢᠶᠠᠷ ᠠᠵᠢᠯᠳᠠᠳ ᠮᠦᠨ ᠴᠦ ᠮᠤᠳᠦ | ᠵᠠᠶᠢᠯᠠᠨ ᠶᠠᠭᠠᠷᠠᠵᠦ᠂ ᠭᠤᠤᠯᠳᠠᠯᠭ᠎ᠠ ᠲᠠᠢ ᠨᠡᠶᠢᠳᠡ ᠶᠢᠨ ᠠᠰᠠᠷᠠᠮᠵᠢ ᠶᠢᠨ ᠬᠠᠮᠢᠶᠠᠷᠤᠯᠳᠠ ᠶᠢᠨ ᠤᠷᠤᠨ ᠢᠶᠠᠷ ᠤᠢ | ᠰᠢᠭᠤᠢ ᠶᠢᠨ ᠬᠠᠮᠠᠭᠠᠯᠠᠭᠴᠢ ᠲᠠᠰᠤᠷᠠᠯᠳᠠ ᠦᠭᠡᠢ ᠪᠠᠷ ᠴᠠᠭᠳᠠᠨ ᠲᠤᠭᠤᠷᠢᠵᠦ᠂ ᠤᠬᠠᠭᠤᠯᠬᠤ ᠺᠠᠳ᠋ᠷ ᠲᠤᠰᠬᠤᠨ | ᠡᠷᠦᠭᠡ ᠪᠠᠷ ᠬᠦᠨᠵᠡᠭᠡᠶᠢᠷᠡᠨ ᠠᠮᠢ ᠠᠬᠤᠢ ᠶᠢᠨ ᠬᠠᠤᠯᠢ ᠴᠠᠭᠠᠵᠠ ᠶᠢᠨ ᠲᠦᠷᠢᠮ ᠲᠤᠭᠳᠠᠭᠠᠯ ᠢ ᠤᠬᠠᠭᠤᠯᠤᠨ᠎ᠠ ᠁ | | ᠡᠨᠡ ᠵᠢᠯ᠂ ᠬᠤᠷᠴᠢᠨ ᠪᠠᠷᠠᠭᠤᠨ ᠭᠠᠷᠤᠨ ᠲᠤᠮᠳᠠᠳᠦ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠠᠴᠠ ᠰᠢ ᠶᠢᠨ ᠫᠢᠩ ᠶᠡᠷᠦᠩᠭᠡᠢ ᠱᠦᠵᠢ ᠶᠢᠨ ︽ᠴᠡᠩᠭᠡᠭ ᠤᠰᠤ ᠬᠦᠬᠡᠮᠳᠦᠭ ᠠᠭᠤᠯᠠ ᠪᠤᠯ ᠠᠯᠳᠠᠨ | ᠠᠭᠤᠯᠠ ᠡᠷᠳᠡᠨᠢ ᠶᠢᠨ ᠠᠭᠤᠯᠠ︾ ᠭᠡᠬᠦ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠵᠢᠴᠢ ᠦᠪᠡᠷᠳᠡᠭᠡᠨ ᠵᠠᠰᠠᠬᠤ | ᠤᠷᠤᠨ ᠪᠠ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠠᠮᠢ ᠠᠬᠤᠢ ᠶᠢᠨ ᠪᠠᠶᠢᠭᠤᠯᠤᠯᠳᠠ ᠶᠢᠨ | ᠪᠠᠶᠢᠯᠳᠤᠬᠤ ᠪᠤᠳᠤᠯᠭ᠎ᠠ ᠶᠢᠨ ᠱᠠᠭᠠᠷᠳᠠᠯᠭ᠎ᠠ ᠶᠤᠰᠤᠭᠠᠷ᠂ ᠠᠮᠢ ᠠᠬᠤᠢ ᠪᠤᠯᠪᠠᠰᠤᠨ ᠤ ᠪᠠᠶᠢᠭᠤᠯᠤᠯᠳᠠ ᠶᠢ ᠠᠷᠠᠳ ᠤᠨ | ᠵᠤᠯ ᠵᠢᠷᠭᠠᠯᠳᠦ ᠠᠮᠢᠳᠤᠷᠠᠯ ᠤᠨ ᠢᠨᠵᠧᠨᠧᠷᠢᠩ ᠪᠤᠯᠭᠠᠵᠦ᠂ ᠠᠮᠢ ᠠᠬᠤᠢ ᠶᠢᠨ ᠪᠠᠶᠢᠭᠤᠯᠤᠯᠳᠠ ᠪᠠ ᠤᠷᠴᠢᠨ | ᠲᠤᠭᠤᠷᠢᠨ ᠤ ᠬᠠᠮᠠᠭᠠᠯᠠᠯᠳᠠ ᠶᠢ ᠦᠨᠡᠨᠬᠦ ᠴᠢᠩᠭᠠᠳᠬᠠᠵᠦ᠂ ᠪᠡᠯᠴᠢᠭᠡᠷᠯᠡᠬᠦᠯᠬᠦ ᠶᠢ ᠴᠠᠭᠠᠵᠠᠯᠠᠬᠤ᠂ ᠬᠠᠭᠠᠯᠪᠤᠷᠢᠯᠠᠬᠤ ᠶᠢ | ᠴᠠᠭᠠᠵᠠᠯᠠᠬᠤ᠂ ᠤᠢ ᠮᠤᠳᠦ ᠤᠭᠳᠤᠯᠬᠤ ᠶᠢ ᠴᠠᠭᠠᠵᠠᠯᠠᠬᠤ ᠠᠵᠢᠯ ᠢ ᠪᠦᠬᠦ ᠲᠠᠯ᠎ᠠ ᠪᠠᠷ ᠶᠠᠪᠤᠭᠳᠠᠭᠤᠯᠵᠦ᠂ | ᠦᠵᠡᠰᠬᠦᠯᠡᠩᠳᠦ ᠰᠠᠶᠢᠬᠠᠨ ᠨᠤᠳᠤᠭ ᠤᠰᠦ ᠪᠠᠨ ᠪᠠᠶᠢᠭᠤᠯᠵᠦ ᠪᠠᠶᠢᠨ᠎ᠠ᠃ | ᠤᠬᠠᠭᠤᠯᠭ᠎ᠠ ᠬᠦᠮᠦᠵᠢᠯ ᠤᠨ ᠠᠵᠢᠯ ᠢ ᠰᠠᠶᠢᠳᠤᠷ ᠬᠢᠪᠡ | ︽ᠤᠳᠤ᠂ ᠮᠠᠨ ᠤ ᠮᠠᠯᠴᠢᠨ ᠲᠠᠷᠢᠶᠠᠴᠢᠨ ᠪᠡᠯᠴᠢᠭᠡᠷᠯᠡᠬᠦᠯᠬᠦ ᠶᠢ ᠴᠠᠭᠠᠵᠠᠯᠠᠬᠤ ᠠᠵᠢᠯ ᠳᠤ ᠵᠤᠬᠢᠬᠤ | ᠬᠡᠮᠵᠢᠶᠡᠨ ᠤ ᠲᠠᠨᠢᠯᠳᠠ ᠲᠠᠢ ᠪᠤᠯᠵᠦ᠂ ᠵᠢᠯ ᠤᠨ ᠡᠬᠢᠨ ᠳᠤ ᠪᠦᠷ ᠲᠡᠵᠢᠭᠡᠯ ᠪᠤᠷᠳᠤᠭ᠎ᠠ ᠪᠠᠨ ᠬᠦᠢᠴᠡᠳ | ᠪᠡᠯᠡᠳᠭᠡᠭᠰᠡᠨ ᠤ ᠬᠠᠮᠳᠦ ᠬᠠᠰᠢᠶᠠᠯᠠᠨ ᠲᠡᠵᠢᠭᠡᠬᠦ ᠮᠡᠷᠭᠡᠵᠢᠯ᠂ ᠤᠬᠤᠷ ᠬᠤᠭᠤᠴᠠᠭ᠎ᠠ ᠪᠠᠷ ᠦᠭᠡᠷ ᠬᠤᠨᠢ ᠪᠤᠷᠳᠤᠬᠤ | ᠵᠡᠷᠭᠡ ᠮᠡᠷᠭᠡᠵᠢᠯ ᠢ ᠢᠳᠡᠪᠬᠢᠳᠡᠢ ᠪᠠᠷ ᠰᠤᠷᠤᠯᠴᠠᠬᠤ ᠪᠤᠯᠵᠦ᠂ ᠤᠯᠠᠨ ᠲᠦᠮᠡᠨ ᠤ ᠦᠵᠠᠯ ᠤᠬᠠᠮᠰᠠᠷ ᠶᠡᠭᠡ | ᠬᠤᠪᠢᠷᠠᠯᠳᠠ ᠭᠠᠷᠴᠦ ᠪᠠᠶᠢᠨ᠎ᠠ︾ ᠭᠡᠵᠦ ᠲᠦᠯᠢᠶᠡᠮᠤᠳᠦ ᠪᠠᠯᠭᠠᠰᠦ ᠶᠢᠨ ᠲᠠᠷᠤᠭ᠎ᠠ ᠺᠠᠩ ᠯᠢᠶᠠᠨ ᠢ ᠬᠡᠯᠡᠨ᠎ᠠ᠃ | 2016 ᠤᠨ ᠤ ᠵᠢᠯ ᠤᠨ ᠡᠬᠢᠨ ᠠᠴᠠ ᠨᠠᠰᠢ᠂ ᠲᠤᠮᠳᠠᠳᠦ ᠬᠤᠰᠢᠭᠤ ᠪᠡᠯᠴᠢᠭᠡᠷᠯᠡᠬᠦᠯᠬᠦ ᠶᠢ ᠬᠤᠷᠢᠭᠯᠠᠨ | ᠬᠠᠰᠢᠶᠠᠯᠠᠵᠦ ᠲᠡᠵᠢᠭᠡᠬᠦ ᠤᠬᠠᠭᠤᠯᠭ᠎ᠠ ᠶᠢᠨ ᠠᠵᠢᠯᠯᠠᠭ᠎ᠠ ᠶᠢ ᠪᠦᠬᠦ ᠲᠠᠯ᠎ᠠ ᠪᠠᠷ ᠶᠠᠪᠤᠭᠳᠠᠭᠤᠯᠵᠦ᠂ ᠲᠤᠰᠬᠠᠢ ᠤᠷᠠᠨ | ᠰᠠᠶᠢᠬᠠᠨ ᠤ ᠲᠤᠭᠯᠠᠯᠳᠠ ᠭᠠᠷᠭᠠᠬᠤ᠂ ᠢᠯᠡ ᠵᠠᠬᠢᠳᠠᠯ ᠲᠠᠷᠬᠠᠭᠠᠬᠤ᠂ ᠤᠬᠠᠭᠤᠯᠤᠨ ᠲᠠᠶᠢᠯᠪᠤᠷᠢᠯᠠᠬᠤ ᠵᠡᠷᠭᠡ | ᠬᠡᠯᠪᠡᠷᠢ ᠪᠠᠷ ᠤᠢ ᠰᠢᠭᠤᠢ ᠨᠤᠳᠤᠭ ᠪᠡᠯᠴᠢᠭᠡᠷ ᠤᠷᠴᠢᠨ ᠲᠤᠭᠤᠷᠢᠨ ᠢ ᠬᠠᠮᠠᠭᠠᠯᠠᠬᠤ ᠬᠠᠮᠢᠶ᠎ᠠ ᠪᠦᠬᠦᠢ ᠲᠦᠷᠦ ᠶᠢᠨ | ᠪᠤᠳᠤᠯᠭ᠎ᠠ ᠬᠠᠤᠯᠢ ᠴᠠᠭᠠᠵᠠ ᠶᠢ ᠬᠦᠨᠵᠡᠭᠡᠢ ᠤᠬᠠᠭᠤᠯᠤᠭᠰᠠᠨ ᠪᠠᠶᠢᠨ᠎ᠠ᠃ ᠡᠯ᠎ᠠ ᠰᠤᠮᠦ ᠪᠠᠯᠭᠠᠰᠦ ᠠᠴᠠ ᠬᠦᠳᠡᠭᠡ | ᠲᠤᠰᠬᠤᠨ ᠳᠤ ᠺᠠᠳ᠋ᠷ ᠲᠤᠮᠢᠯᠠᠨ ᠤᠬᠠᠭᠤᠯᠤᠨ ᠲᠠᠶᠢᠴᠢᠯᠠᠪᠠ᠃ ᠲᠤᠮᠳᠠᠳᠦ ᠬᠤᠰᠢᠭᠤᠨ ᠤ ᠰᠤᠨᠢᠨ ᠮᠡᠳᠡᠭᠡ ᠶᠢᠨ | ᠰᠦᠯᠵᠢᠶ᠎ᠠ᠂ ᠠᠯᠪᠠᠨ ᠸᠢᠴᠠᠲ ᠵᠡᠷᠭᠡ ᠪᠠᠷ ᠲᠠᠮᠵᠢᠨ ᠬᠢᠳᠡᠳ ᠮᠤᠩᠭᠤᠯ ᠬᠤᠶᠠᠷ ᠬᠡᠯᠡ ᠪᠠᠷ ︽ᠪᠦᠬᠦ ᠬᠤᠰᠢᠭᠤᠨ ᠤ | ᠮᠠᠯᠴᠢᠨ ᠲᠠᠷᠢᠶᠠᠴᠢᠨ ᠨᠦᠬᠦᠳ ᠲᠤ ᠢᠯᠡᠭᠡᠭᠰᠡᠨ ᠨᠢᠭᠡ ᠬᠤᠪᠢ ᠵᠠᠬᠢᠳᠠᠯ︾ ᠢ ᠲᠠᠷᠬᠠᠭᠠᠵᠦ᠂ ᠦᠷᠭᠡᠨ ᠤᠯᠠᠨ | ᠲᠦᠮᠡᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠦᠵᠡᠯ ᠤᠬᠠᠮᠰᠠᠷ ᠢ ᠲᠡᠭᠡᠭᠰᠢᠯᠡᠬᠦᠯᠵᠦ᠂ | ᠪᠡᠯᠴᠢᠭᠡᠷᠯᠡᠬᠦᠯᠬᠦ ᠶᠢ ᠴᠠᠭᠠᠵᠠᠯᠠᠬᠤ ᠠᠵᠢᠯ ᠢ ᠶᠠᠪᠤᠭᠳᠠᠭᠤᠯᠬᠤ ᠳᠤ ᠰᠠᠶᠢᠨ ᠰᠠᠶᠢᠬᠠᠨ ᠤᠷᠴᠢᠨ ᠲᠤᠭᠤᠷᠢᠨ ᠢ | ᠪᠦᠷᠢᠯᠳᠦᠬᠦᠯᠦᠭᠰᠡᠨ ᠪᠠᠶᠢᠨ᠎ᠠ᠃ ᠤᠳᠤᠬᠠᠨ ᠪᠤᠯᠳᠠᠯ᠎ᠠ᠂ ᠪᠦᠬᠦ ᠬᠤᠰᠢᠭᠤᠨ ᠤ ᠡᠯ᠎ᠠ ᠲᠦᠷᠦᠯ ᠤᠨ ᠤᠬᠠᠭᠤᠯᠭ᠎ᠠ ᠶᠢᠨ | ᠠᠵᠢᠯ ᠳᠤ ᠤᠷᠤᠯᠴᠠᠭᠰᠠᠨ ᠬᠦᠮᠦᠨ 10 ᠲᠦᠮᠡ ᠤᠳᠠᠭ᠎ᠠ ᠬᠦᠷᠴᠦ᠂ 21 ᠲᠦᠮᠡᠨ ᠬᠤᠪᠢ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠭᠰᠠᠨ ᠪᠠᠶᠢᠨ᠎ᠠ᠃ | ᠪᠡᠯᠴᠢᠭᠡᠷᠯᠡᠬᠦᠯᠬᠦ ᠶᠢ ᠴᠠᠭᠠᠵᠠᠯᠠᠬᠤ ᠠᠷᠭ᠎ᠠ ᠠᠪᠴᠠᠯ ᠢ ᠪᠦᠳᠦᠮᠵᠢᠳᠡᠢ ᠬᠡᠷᠡᠭᠵᠢᠬᠦᠯᠪᠡ | ᠲᠤᠮᠳᠠᠳᠦ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ︽ᠬᠤᠷᠴᠢᠨ ᠪᠠᠷᠠᠭᠤᠨ | ᠭᠠᠷᠤᠨ ᠲᠤᠮᠳᠠᠳᠦ ᠬᠤᠰᠢᠭᠤᠨ ᠤ ᠪᠡᠯᠴᠢᠭᠡᠷᠯᠡᠬᠦᠯᠬᠦ ᠶᠢ ᠴᠠᠭᠠᠵᠠᠯᠠᠬᠤ᠂ ᠬᠠᠭᠠᠯᠪᠤᠷᠢᠯᠠᠬᠤ ᠶᠢ ᠴᠠᠭᠠᠵᠠᠯᠠᠬᠤ᠂ ᠤᠢ | ᠮᠤᠳᠦ ᠤᠭᠳᠤᠯᠬᠤ ᠶᠢ ᠴᠠᠭᠠᠵᠠᠯᠠᠬᠤ ᠠᠵᠢᠯ ᠤᠨ ᠬᠠᠮᠢᠶᠠᠷᠤᠯᠳᠠ ᠶᠢᠨ ᠠᠷᠭ᠎ᠠ︾ ᠶᠢ ᠲᠤᠭᠳᠠᠭᠠᠵᠦ᠂ ᠬᠡᠷᠡᠭᠵᠢᠬᠦᠯᠬᠦ | ᠬᠦᠷᠢᠶ᠎ᠡ ᠬᠡᠪᠴᠢᠶ᠎ᠡ᠂ ᠪᠡᠯᠴᠢᠭᠡᠷᠯᠡᠬᠦᠯᠬᠦ ᠶᠢ ᠴᠠᠭᠠᠵᠠᠯᠠᠬᠤ ᠴᠠᠭ᠂ ᠡᠯ᠎ᠠ ᠰᠠᠯᠠᠭ᠎ᠠ ᠮᠦᠴᠢᠷ ᠤᠨ ᠬᠠᠷᠢᠭᠤᠴᠠᠯᠭ᠎ᠠ | ᠵᠡᠷᠭᠡ ᠶᠢ ᠲᠤᠳᠤᠷᠬᠠᠢ ᠲᠤᠭᠳᠠᠭᠠᠵᠦ᠂ ᠪᠡᠯᠴᠢᠭᠡᠷᠯᠡᠬᠦᠯᠬᠦ ᠶᠢ ᠴᠠᠭᠠᠵᠠᠯᠠᠬᠤ ᠤᠷᠤᠨ ᠪᠠ ᠨᠤᠳᠤᠭ ᠪᠡᠯᠴᠢᠭᠡᠷ ᠮᠠᠯ | ᠤᠨᠤᠭ᠎ᠠ ᠶᠢ ᠲᠡᠩᠴᠡᠬᠦᠷᠢ ᠲᠠᠢ ᠪᠤᠯᠭᠠᠬᠤ ᠤᠷᠤᠨ ᠳᠤ ᠱᠠᠳᠤᠴᠢ ᠴᠢᠨᠠᠷ ᠲᠠᠢ ᠪᠠᠷ ᠪᠡᠯᠴᠢᠭᠡᠷᠯᠡᠬᠦᠯᠬᠦ ᠶᠢ ᠴᠠᠭᠠᠵᠠᠯᠠᠬᠤ | ᠠᠷᠭ᠎ᠠ ᠠᠪᠴᠠᠯ ᠢ ᠬᠡᠷᠡᠭᠵᠢᠬᠦᠯᠵᠦ᠂ ᠪᠦᠬᠦ ᠬᠤᠰᠢᠭᠤᠨ ᠤ ᠪᠡᠯᠴᠢᠭᠡᠷᠯᠡᠬᠦᠯᠬᠦ ᠶᠢ ᠴᠠᠭᠠᠵᠠᠯᠠᠨ ᠬᠠᠰᠢᠶᠠᠯᠠᠨ ᠲᠡᠵᠢᠭᠡᠬᠦ | ᠠᠵᠢᠯ ᠤᠨ ᠤᠷᠤᠭᠰᠢᠳᠠᠢ ᠶᠠᠪᠤᠭᠳᠠᠬᠤ ᠳᠤ ᠪᠠᠳᠤᠯᠠᠭ᠎ᠠ ᠬᠠᠩᠭᠠᠪᠠ᠃ | ᠪᠦᠬᠦ ᠬᠤᠰᠢᠭᠤᠨ ᠤ ᠪᠡᠯᠴᠢᠭᠡᠷᠯᠡᠬᠦᠯᠬᠦ ᠶᠢ ᠴᠠᠭᠠᠵᠠᠯᠠᠬᠤ᠂ ᠬᠠᠭᠠᠯᠪᠤᠷᠢᠯᠠᠬᠤ ᠶᠢ ᠴᠠᠭᠠᠵᠠᠯᠠᠬᠤ᠂ ᠤᠢ ᠮᠤᠳᠦ | ᠤᠭᠳᠤᠯᠬᠤ ᠶᠢ ᠴᠠᠭᠠᠵᠠᠯᠠᠬᠤ ᠠᠵᠢᠯ ᠤᠨ ᠲᠤᠰᠬᠠᠢ ᠤᠳᠤᠷᠢᠳᠬᠤ ᠲᠤᠭᠤᠢᠢᠯᠠᠩ ᠪᠠᠶᠢᠭᠤᠯᠵᠦ᠂ ᠡᠯ᠎ᠠ ᠰᠤᠮᠦ ᠰᠢᠶᠠᠩ | ᠪᠠᠯᠭᠠᠰᠦ ᠶᠢᠨ ᠪᠡᠯᠴᠢᠭᠡᠷᠯᠡᠬᠦᠯᠬᠦ ᠶᠢ ᠴᠠᠭᠠᠵᠠᠯᠠᠬᠤ ᠠᠵᠢᠯ ᠤᠨ ᠭᠤᠤᠯ ᠴᠤᠭᠴᠠ ᠶᠢ ᠲᠤᠳᠤᠷᠬᠠᠢ ᠪᠤᠯᠭᠠᠨ᠂ | ᠪᠡᠯᠴᠢᠭᠡᠷᠯᠡᠬᠦᠯᠬᠦ ᠶᠢ ᠴᠠᠭᠠᠵᠠᠯᠠᠬᠤ ᠠᠵᠢᠯ ᠢ ᠰᠤᠮᠦ ᠰᠢᠶᠠᠩ ᠪᠠᠯᠭᠠᠰᠦ ᠶᠢᠨ ᠲᠤᠰᠬᠠᠢ ᠬᠢᠨᠠᠨ ᠰᠢᠯᠭᠠᠯᠳᠠ ᠳᠤ | ᠤᠷᠤᠭᠤᠯᠤᠭᠰᠠᠨ ᠪᠠᠶᠢᠨ᠎ᠠ᠃ ᠨᠤᠳᠤᠭ ᠪᠡᠯᠴᠢᠭᠡᠷ ᠤᠨ ︽ᠦᠮᠴᠢᠯᠡᠯ ᠤᠨ ᠡᠷᠭᠡ᠂ ᠬᠡᠷᠡᠭᠯᠡᠬᠦ ᠡᠷᠭᠡ ᠪᠠ | ᠲᠠᠭᠠᠭᠠᠴᠢᠯᠠᠨ ᠡᠵᠡᠩᠨᠡᠬᠦ ᠲᠦᠷᠢᠮ ᠤᠨ ᠲᠤᠭᠳᠠᠭᠠᠯ︾ ᠤᠨ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ | ᠲᠤᠤᠱᠯᠠᠭᠤᠯᠤᠨ ᠨᠠᠶᠢᠳᠠᠪᠤᠷᠢᠵᠢᠭᠤᠯᠵᠦ᠂ ᠨᠤᠳᠤᠭ ᠪᠡᠯᠴᠢᠭᠡᠷ ᠤᠨ ᠬᠠᠮᠠᠭᠠᠯᠠᠯᠳᠠ ᠪᠠ ᠬᠠᠮᠢᠶᠠᠷᠤᠯᠳᠠ ᠶᠢ | ᠴᠢᠩᠭᠠᠳᠬᠠᠨ᠂ ᠮᠠᠯ ᠤᠨᠤᠭ᠎ᠠ ᠪᠠ ᠨᠤᠳᠤᠭ ᠪᠡᠯᠴᠢᠭᠡᠷ ᠤᠨ ᠲᠡᠩᠴᠡᠬᠦᠷᠢ ᠶᠢ ᠪᠠᠳᠤᠯᠠᠪᠡ᠃ ᠡᠭᠦᠨ ᠤ ᠬᠠᠮᠳᠦ᠂ | ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠰᠢᠭᠤᠳ ᠬᠠᠷᠢᠶ᠎ᠠ ᠰᠠᠯᠠᠭ᠎ᠠ ᠮᠦᠴᠢᠷ ᠠᠴᠠ ᠺᠠᠳ᠋ᠷ | ᠰᠤᠩᠭᠤᠨ᠂ 6 ᠬᠠᠤᠯᠢ ᠬᠡᠷᠡᠭᠵᠢᠬᠦᠯᠬᠦ ᠲᠤᠭᠤᠢᠢᠯᠠᠩ ᠪᠠᠶᠢᠭᠤᠯᠵᠦ᠂ ᠤᠷᠳᠦ ᠬᠤᠭᠤᠴᠠᠭ᠎ᠠ ᠪᠠᠷ ᠪᠦᠬᠦ ᠬᠤᠰᠢᠭᠤᠨ ᠤ | ᠡᠯ᠎ᠠ ᠰᠤᠮᠦ ᠪᠠᠯᠭᠠᠰᠦ᠂ ᠬᠠᠮᠠᠭᠠᠯᠠᠯᠳᠠ ᠶᠢᠨ ᠤᠷᠤᠨ ᠵᠢᠴᠢ ᠤᠢ ᠰᠢᠭᠤᠢ ᠶᠢᠨ ᠲᠠᠯᠠᠪᠠᠢ ᠶᠢᠨ ᠪᠡᠯᠴᠢᠭᠡᠷᠯᠡᠬᠦᠯᠬᠦ ᠶᠢ | ᠴᠠᠭᠠᠵᠠᠯᠠᠬᠤ᠂ ᠬᠠᠭᠠᠯᠪᠤᠷᠢᠯᠠᠬᠤ ᠶᠢ ᠴᠠᠭᠠᠵᠠᠯᠠᠬᠤ᠂ ᠤᠢ ᠮᠤᠳᠦ ᠤᠭᠳᠤᠯᠬᠤ ᠶᠢ ᠴᠠᠭᠠᠵᠠᠯᠠᠬᠤ ᠠᠵᠢᠯ ᠢ | ᠴᠢᠩᠭᠠᠳᠬᠠᠵᠦ ᠪᠤᠢ᠃ | ᠦᠨᠡᠨ ᠪᠤᠳᠠᠳᠠᠢ ᠠᠮᠢ ᠠᠬᠤᠢ ᠶᠢᠨ ᠦᠷ᠎ᠠ ᠠᠰᠢᠭ ᠤᠯᠪᠠ | ᠪᠡᠯᠴᠢᠭᠡᠷᠯᠡᠬᠦᠯᠬᠦ ᠶᠢ ᠴᠠᠭᠠᠵᠠᠯᠠᠬᠤ᠂ ᠬᠠᠭᠠᠯᠪᠤᠷᠢᠯᠠᠬᠤ ᠶᠢ ᠴᠠᠭᠠᠵᠠᠯᠠᠬᠤ᠂ ᠤᠢ ᠮᠤᠳᠦ ᠤᠭᠳᠤᠯᠬᠤ ᠶᠢ | ᠴᠠᠭᠠᠵᠠᠯᠠᠬᠤ ᠠᠵᠢᠯ ᠢ ᠪᠦᠬᠦ ᠬᠦᠴᠦᠨ ᠢᠶᠠᠷ ᠲᠦᠯᠬᠢᠨ ᠠᠬᠢᠭᠤᠯᠬᠤ ᠶᠢᠨ ᠬᠠᠮᠳᠦ ᠲᠤᠮᠳᠠᠳᠦ ᠬᠤᠰᠢᠭᠤ ᠠᠴᠠ ᠤᠢ | ᠮᠤᠳᠦ ᠵᠠᠶᠢᠯᠠᠵᠦ ᠡᠪᠡᠰᠦ ᠪᠤᠷᠳᠤᠭ᠎ᠠ ᠲᠠᠷᠢᠬᠤ ᠠᠵᠢᠯ ᠤᠨ ᠬᠦᠴᠦᠯᠡᠴᠡ ᠪᠠᠨ ᠨᠡᠮᠡᠭᠳᠡᠬᠦᠯᠵᠦ᠂ 2 ᠲᠦᠮᠡᠨ ᠮᠦ | ᠰᠢᠯᠢᠳᠡᠭ ᠡᠪᠡᠰᠦ᠂ 1.5 ᠲᠦᠮᠡᠨ ᠮᠦ ᠬᠦᠷᠡᠩ ᠴᠡᠷᠭᠠᠰᠦ ᠲᠠᠷᠢᠪᠠ᠃ ᠪᠡᠯᠴᠢᠭᠡᠷᠯᠡᠬᠦᠯᠬᠦ ᠶᠢ ᠴᠠᠭᠠᠵᠠᠯᠠᠬᠤ ᠳᠤ | ᠲᠡᠵᠢᠭᠡᠯ ᠪᠤᠷᠳᠤᠭ᠎ᠠ ᠶᠢᠨ ᠪᠠᠳᠤᠯᠠᠭ᠎ᠠ ᠬᠠᠩᠭᠠᠬᠤ ᠪᠠᠷ᠂ ᠶᠡᠷᠦᠩᠭᠡᠢ ᠪᠡᠯᠡ ᠤᠷᠤᠭᠤᠯᠤᠯᠳᠠ ᠨᠢ 6429 ᠲᠦᠮᠡᠨ | ᠲᠦᠭᠦᠷᠢᠭ ᠤᠨ ᠪᠡᠯᠴᠢᠭᠡᠷᠯᠡᠬᠦᠯᠬᠦ ᠶᠢ ᠵᠤᠭᠰᠤᠭᠠᠵᠦ ᠡᠪᠡᠰᠦ ᠲᠠᠷᠢᠬᠤ᠂ ᠲᠠᠷᠢᠶᠠᠯᠠᠬᠤ ᠪᠠᠨ ᠪᠤᠯᠢᠵᠦ ᠤᠢᠢᠵᠢᠭᠤᠯᠬᠤ | ᠵᠡᠷᠭᠡ ᠠᠵᠦ ᠦᠢᠯᠡᠰ ᠤᠨ ᠲᠦᠷᠦᠯ ᠵᠦᠢᠯ ᠢ ᠶᠠᠪᠤᠭᠳᠠᠭᠤᠯᠵᠦ᠂ ᠰᠢᠯᠢᠳᠡᠭ ᠡᠪᠡᠰᠦ ᠪᠡᠯᠴᠢᠭᠡᠷ᠂ ᠲᠡᠵᠢᠭᠡᠯ | ᠪᠤᠷᠳᠤᠭ᠎ᠠ ᠶᠢᠨ ᠭᠠᠵᠠᠷ ᠢ 50 ᠲᠦᠮᠡᠨ ᠮᠦ ᠪᠤᠯᠭᠠᠪᠠ᠃ | ᠡᠭᠦᠨ ᠤ ᠬᠠᠮᠳᠦ᠂ ᠭᠤᠤᠯᠳᠠᠯᠭ᠎ᠠ ᠲᠠᠢ ᠦᠵᠡᠮᠵᠢ ᠶᠢᠨ ᠤᠷᠤᠨ ᠤ ᠪᠠᠶᠢᠭᠤᠯᠤᠯᠳᠠ ᠶᠢ ᠠᠮᠢ ᠠᠬᠤᠢ ᠤᠷᠴᠢᠨ | ᠲᠤᠭᠤᠷᠢᠨ ᠢ ᠰᠠᠶᠢᠵᠢᠷᠠᠭᠤᠯᠬᠤ ᠲᠠᠢ ᠤᠶᠠᠯᠳᠤᠭᠤᠯᠵᠦ᠂ ᠬᠠᠩᠭᠠᠯ ᠤᠰᠤᠨ ᠴᠦᠬᠦᠷᠤᠮ — ᠪᠠᠳᠤᠴᠠᠭᠠᠨ | ᠵᠤᠭᠠᠴᠠᠯ ᠤᠨ ᠤᠷᠤᠨ ᠤ ᠪᠠᠶᠢᠭᠤᠯᠤᠯᠳᠠ ᠶᠢ ᠭᠤᠤᠯᠳᠠᠯᠭ᠎ᠠ ᠲᠠᠢ ᠠᠳᠬᠤᠵᠦ᠂ ᠲᠦᠰᠢᠶᠡᠳᠦ ᠸᠠᠩ ᠤᠨ ᠤᠷᠳᠤᠨ᠂ | ᠬᠠᠨ ᠠᠭᠤᠯᠠ᠂ ᠬᠤᠷᠴᠢᠨ ᠨᠤᠭᠤ ᠭᠠᠵᠠᠷ ᠵᠡᠷᠭᠡ ᠦᠵᠡᠮᠵᠢ ᠶᠢᠨ ᠤᠷᠤᠨ᠂ ᠦᠵᠡᠮᠵᠢ ᠶᠢᠨ ᠴᠡᠭ ᠤᠨ ᠰᠠᠭᠤᠷᠢ | ᠲᠦᠬᠦᠭᠡᠷᠦᠮᠵᠢ ᠶᠢᠨ ᠪᠠᠶᠢᠭᠤᠯᠤᠯᠳᠠ ᠶᠢ ᠴᠢᠩᠭᠠᠳᠬᠠᠨ᠂ ᠠᠮᠢ ᠠᠬᠤᠢ ᠶᠢᠨ ᠴᠢᠨᠠᠷᠳᠠᠢ ᠠᠵᠦ ᠠᠬᠤᠢ ᠶᠢ | ᠬᠦᠭᠵᠢᠬᠦᠯᠪᠡ᠃ ᠪᠡᠯᠴᠢᠭᠡᠷᠯᠡᠬᠦᠯᠬᠦ ᠶᠢ ᠴᠠᠭᠠᠵᠠᠯᠠᠵᠦ ᠬᠠᠰᠢᠶᠠᠯᠠᠨ ᠲᠡᠵᠢᠭᠡᠬᠦ ᠶᠢ ᠶᠠᠳᠠᠭᠤ ᠶᠢ ᠲᠡᠳᠬᠦᠬᠦ ᠠᠵᠦ | ᠦᠢᠯᠡᠰ ᠲᠠᠢ ᠤᠷᠭᠠᠨᠢᠭ ᠢᠶᠠᠷ ᠤᠶᠠᠯᠳᠤᠭᠤᠯᠵᠦ᠂ ᠬᠠᠰᠢᠶᠠᠯᠠᠨ ᠲᠡᠵᠢᠭᠡᠬᠦ ᠡᠷᠦᠭᠡ ᠳᠤ ᠦᠢᠯᠡᠴᠢᠯᠡᠭᠡ ᠬᠠᠩᠭᠠᠪᠠ᠃ | ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠨ ᠨᠦᠬᠦᠪᠦᠷᠢᠯᠡᠬᠦ ᠲᠦᠷᠢᠮ᠂ ᠡᠪᠡᠰᠦ ᠪᠡᠯᠴᠢᠭᠡᠷ ᠲᠠᠷᠢᠵᠦ | ᠤᠷᠭᠤᠭᠤᠯᠬᠤ ᠪᠠ ᠡᠪᠡᠰᠦ ᠪᠤᠷᠳᠤᠭ᠎ᠠ ᠪᠤᠯᠪᠠᠰᠤᠷᠠᠭᠤᠯᠬᠤ ᠲᠦᠷᠦᠯ ᠵᠦᠢᠯ᠂ ᠬᠠᠰᠢᠶ᠎ᠡ ᠰᠠᠷᠠᠪᠴᠢ ᠶᠢᠨ | ᠪᠠᠶᠢᠭᠤᠯᠤᠯᠳᠠ ᠵᠡᠷᠭᠡ ᠲᠦᠷᠦᠯ ᠵᠦᠢᠯ ᠢ ᠨᠠᠶᠢᠳᠠᠪᠤᠷᠢᠵᠢᠭᠤᠯᠵᠦ ᠪᠡᠯᠴᠢᠭᠡᠷᠯᠡᠬᠦᠯᠬᠦ ᠶᠢ ᠴᠠᠭᠠᠵᠠᠯᠠᠭᠰᠠᠨ ᠤ ᠰᠡᠬᠦᠯᠡᠷᠬᠢ | ᠮᠠᠯ ᠠᠵᠦ ᠠᠬᠤᠢ ᠶᠢᠨ ᠬᠦᠭᠵᠢᠯᠳᠡ ᠳᠤ ᠰᠠᠶᠢᠨ ᠰᠠᠶᠢᠬᠠᠨ ᠲᠠᠪᠴᠠᠩ ᠬᠠᠩᠭᠠᠵᠦ ᠪᠠᠶᠢᠨ᠎ᠠ᠃ |