ᠪᠠᠶᠠᠵᠢᠯ ᠤᠨ ᠲᠠᠭᠠᠭᠤᠯᠤᠭᠴᠢ — ᠴᠢ ᠰᠢᠶᠤᠤ ᠵᠢᠩ
ᠨᠡᠶᠢᠲᠡᠯᠡᠭᠰᠡᠨ ᠴᠠᠭ᠄
2017/6/29
     ︽ᠤᠯᠠᠨ ᠤ ᠬᠠᠪᠰᠤᠷᠤᠯᠭ᠎ᠠ᠂ ᠵᠠᠰᠠᠭ ᠤᠨ ᠤᠷᠳᠤᠨ ᠤ ᠲᠡᠮᠵᠢᠯᠭᠡ ᠪᠠᠷ ᠪᠢ ᠰᠠᠶ᠋ᠢ ᠤᠳᠤ ᠶᠢᠨ ᠠᠮᠵᠢᠯᠳᠠ ᠶᠢ ᠤᠯᠤᠭᠰᠠᠨ︾ ᠭᠡᠵᠦ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠬᠤᠷᠴᠢᠨ ᠪᠠᠯᠭᠠᠰᠤᠨ ᠤ ᠫᠢᠩ ᠠᠨ ᠲᠤᠰᠬᠤᠨ ᠤ ᠵᠠᠨ ᠢ ᠬᠤᠷᠰᠢᠶᠠᠵᠢᠯ ᠤᠨ ᠭᠡᠷᠡᠭ ᠡᠷᠬᠢᠯᠡᠭᠴᠢᠳ ᠤᠨ ᠲᠠᠷᠤᠭ᠎ᠠ ᠴᠢ ᠰᠢᠶᠤᠤ ᠵᠢᠩ ᠦᠪᠡᠷ ᠤᠨ ᠦᠢᠯᠡᠰ ᠪᠤᠰᠬᠠᠭᠰᠠᠨ ᠦᠩᠭᠡᠷᠡᠯᠳᠡ ᠪᠠᠨ ᠡᠷᠬᠢᠴᠡᠭᠦᠯᠭᠦ ᠪᠦᠷᠢ ᠢᠩᠬᠢᠵᠦ ᠶᠠᠷᠢᠳᠠᠭ᠃            ᠶᠡᠭᠡ ᠰᠤᠷᠭᠠᠭᠤᠯᠢ ᠲᠡᠭᠦᠰᠦᠭᠰᠡᠨ ᠤ ᠲᠠᠷᠠᠭ᠎ᠠ ᠴᠢ ᠰᠢᠶᠤᠤ ᠵᠢᠩ ᠠᠯᠪᠠᠳᠠᠨ ᠡᠯᠰᠡᠬᠦ ᠰᠢᠯᠭᠠᠯᠳᠠ ᠳᠤ ᠤᠷᠤᠯᠴᠠᠭᠠᠳ ᠪᠦᠳᠦᠭᠰᠡᠨ ᠦᠭᠡᠢ ᠪᠤᠯᠬᠤᠷ ᠪᠤᠰᠤᠳ ᠵᠠᠯᠠᠭᠤᠴᠤᠳ ᠲᠠᠢ ᠠᠳᠠᠯᠢ ᠪᠠᠷ ᠦᠢᠯᠡᠰ ᠪᠤᠰᠬᠠᠬᠤ ᠪᠤᠳᠤᠯ ᠤᠷᠭᠤᠵᠦ᠂ ᠲᠤᠬᠠᠢ ᠶᠢᠨ ᠭᠠᠵᠠᠷ ᠤᠨ ᠵᠠᠰᠠᠭ ᠤᠨ ᠤᠷᠳᠤᠨ ᠤ ᠲᠡᠮᠵᠢᠯᠭᠡ ᠲᠤᠤᠷ᠎ᠠ ᠬᠦᠤ ᠮᠦᠩᠭᠦ ᠦᠭᠡᠢ ᠵᠢᠭᠡᠯᠡᠯᠭᠡ ᠵᠢᠭᠡᠯᠡᠵᠦ᠂ 2013 ᠤᠨ ᠤ 9 ᠰᠠᠷ᠎ᠠ ᠠᠴᠠ ᠡᠬᠢᠯᠡᠨ ᠬᠦᠯᠡᠮᠵᠢ ᠳᠤ ᠮᠦᠭᠦ ᠲᠠᠷᠢᠬᠤ ᠦᠢᠯᠡᠰ ᠢᠶᠠᠨ ᠡᠬᠢᠯᠡᠭᠦᠯᠦᠭᠰᠡᠨ ᠪᠠᠶᠢᠨ᠎ᠠ᠃ ᠮᠦᠭᠦ ᠪᠠᠨ ᠪᠤᠷᠤᠯᠠᠭᠤᠯᠬᠤ ᠶᠠᠪᠤᠴᠠ ᠳᠤ᠂ ᠴᠢ ᠰᠢᠶᠤᠤ ᠵᠢᠩ ᠫᠢᠩ ᠠᠨ ᠲᠤᠰᠬᠤᠨ ᠤ ᠵᠠᠮ ᠬᠠᠷᠢᠯᠴᠠᠭ᠎ᠠ ᠲᠦᠭᠦᠮ ᠲᠦᠳᠡ ᠪᠠᠶᠢᠬᠤ ᠲᠠᠪᠠᠭᠤᠯᠢᠭ ᠢ ᠠᠰᠢᠭᠯᠠᠨ ᠭᠡᠪᠴᠢᠶᠡᠵᠢᠭᠰᠡᠨ ᠲᠦᠭᠦᠭᠡᠷᠦᠮᠵᠢᠳᠦ ᠲᠠᠷᠢᠶᠠᠯᠠᠩ ᠤᠨ ᠦᠢᠯᠡᠰ ᠡᠷᠬᠢᠯᠡᠬᠦ ᠪᠠᠷ ᠵᠤᠷᠢᠭᠳᠠᠢ ᠰᠦᠪᠡᠭᠴᠢᠯᠡᠵᠦ᠂ ᠪᠤᠬᠢᠷᠳᠤᠯ ᠦᠭᠡᠢ ᠢᠳᠡᠰᠢᠨ ᠨᠤᠭᠤᠭ᠎ᠠ ᠪᠠ ᠵᠢᠮᠢᠰ ᠲᠠᠷᠢᠵᠦ ᠤᠷᠭᠤᠭᠤᠯᠪᠠ᠃ ᠭᠡᠳᠦᠭᠡᠨ ᠵᠢᠯ ᠤᠨ ᠲᠤᠳᠤᠷ᠎ᠠ᠂ ᠲᠡᠷᠡ ᠨᠢᠭᠡᠯᠡ ᠲᠤᠯᠠᠭᠠᠨ ᠬᠦᠯᠡᠮᠵᠢ ᠡᠵᠡᠩᠨᠡᠵᠦ ᠪᠠᠶᠢᠭᠰᠠᠨ ᠠᠴᠠ ᠪᠠᠨ 28 ᠲᠤᠯᠠᠭᠠᠨ ᠬᠦᠯᠡᠮᠵᠢ ᠡᠵᠡᠩᠨᠡᠬᠦ ᠪᠤᠯᠵᠦ᠂ ᠵᠢᠯ ᠤᠨ ᠤᠷᠤᠯᠭ᠎ᠠ ᠨᠢ ᠬᠠᠮᠤᠭ ᠪᠠᠭ᠎ᠠ ᠳᠠᠭᠠᠨ 30 ᠲᠦᠮᠡᠨ ᠲᠦᠭᠦᠷᠢᠭ ᠢ ᠲᠠᠪᠠᠭᠰᠠᠨ ᠪᠠᠶᠢᠨ᠎ᠠ᠃           ᠪᠦᠬᠦ ᠠᠶᠢᠮᠠᠭ ᠲᠤ ᠪᠦᠷ ᠤᠷᠤᠨ ᠪᠦᠰᠡ ᠶᠢᠨ ᠬᠦᠭᠵᠢᠯᠳᠡ ᠶᠢ ᠠᠬᠢᠭᠤᠯᠵᠦ ᠪᠠᠶᠢᠭ᠎ᠠ ᠪᠠᠶᠢᠳᠠᠯ ᠲᠤᠤᠷ᠎ᠠ᠂ ᠲᠡᠷᠡ ᠵᠤᠭᠠᠴᠠᠯ ᠤᠨ ᠦᠢᠯᠡᠰ ᠤᠨ ᠠᠯᠤᠰ ᠭᠡᠳᠦ ᠶᠢᠨ ᠬᠦᠭᠵᠢᠯᠳᠡ ᠶᠢᠨ ᠢᠷᠡᠭᠡᠳᠦᠢ ᠶᠢ ᠬᠤᠷᠴᠠ ᠰᠡᠷᠭᠡᠭ ᠢᠶᠠᠷ ᠲᠠᠨᠢᠨ ᠤᠯᠵᠦ᠂ ᠵᠤᠭᠠᠴᠠᠨ ᠲᠡᠭᠦᠭᠦ ᠬᠦᠷᠢᠶᠡᠯᠡᠩ ᠪᠠᠶᠢᠭᠤᠯᠬᠤ ᠶᠢᠨ ᠬᠠᠮᠳᠤ 18 ᠲᠤᠯᠠᠭᠠᠨ ᠬᠦᠯᠡᠮᠵᠢ ᠪᠠᠨ 40 ᠭᠡᠰᠡᠭ ᠭᠠᠵᠠᠷ ᠪᠤᠯᠭᠠᠨ ᠬᠤᠪᠢᠶᠠᠵᠦ᠂ ᠬᠤᠳᠠ ᠶᠢᠨ ᠰᠠᠭᠤᠭᠠᠯᠢ ᠠᠷᠠᠳ ᠪᠠ ᠵᠤᠭᠠᠴᠠᠨ ᠲᠤᠭᠤᠷᠢᠵᠦ ᠵᠢᠮᠢᠰ ᠨᠤᠭᠤᠭ᠎ᠠ ᠲᠡᠭᠦᠭᠦ ᠪᠠᠷ ᠢᠷᠡᠭᠰᠡᠨ ᠵᠤᠭᠠᠴᠠᠭᠰᠠᠳ ᠲᠤ ᠲᠦᠷᠢᠶᠡᠰᠦᠯᠡᠨ ᠦᠭᠪᠡ᠃ ᠵᠢᠯ ᠪᠦᠷᠢ ᠶᠢᠨ 5 ᠰᠠᠷ᠎ᠠ ᠠᠴᠠ 10 ᠰᠠᠷ᠎ᠠ ᠶᠢᠨ ᠬᠤᠭᠤᠷᠤᠨᠳᠤ ᠡᠳᠡᠭᠡᠷ ᠵᠤᠭᠠᠴᠠᠭᠰᠠᠳ 200 ᠲᠦᠭᠦᠷᠢᠭ ᠤᠨ ᠲᠦᠷᠢᠶᠡᠰᠦᠨ ᠮᠦᠩᠭᠦ ᠦᠭᠪᠡᠯ ᠲᠠᠷᠤᠢ 8 ᠲᠡᠭᠰᠢ ᠲᠦᠷᠪᠡᠯᠵᠢᠨ ᠮᠧᠲᠷ ᠤᠨ ᠭᠠᠵᠠᠷ ᠲᠦᠷᠢᠶᠡᠰᠦᠯᠡᠨ ᠠᠪᠴᠦ ᠨᠤᠭᠤᠭ᠎ᠠ ᠵᠢᠮᠢᠰ ᠲᠠᠷᠢᠵᠦ ᠪᠤᠯᠳᠠᠭ᠃ ᠨᠢᠳᠤᠨᠤᠨ ᠤ ᠵᠢᠯ ᠤᠨ ᠡᠴᠦᠰ ᠪᠤᠯᠳᠠᠯ᠎ᠠ ᠴᠢ ᠰᠢᠶᠤᠤ ᠵᠢᠩ ᠨᠢᠭᠡᠨᠳᠡ 160 ᠭᠡᠰᠡᠭ ᠭᠠᠵᠠᠷ ᠢ ᠲᠦᠷᠢᠶᠡᠰᠦᠯᠡᠨ ᠭᠠᠷᠭᠠᠵᠦ᠂ 32000 ᠲᠦᠭᠦᠷᠢᠭ ᠤᠨ ᠤᠷᠤᠯᠭ᠎ᠠ ᠤᠯᠪᠠ᠃ ᠵᠤᠭᠠᠴᠠᠨ ᠲᠡᠭᠦᠭᠦ ᠬᠦᠷᠢᠶᠡᠯᠡᠩ ᠳᠤᠨᠢ ᠴᠦ ᠡᠳᠦᠷᠵᠢᠨ ᠬᠦᠮᠦᠨ ᠲᠦᠭᠦᠷᠴᠦ᠂ ᠮᠠᠰᠢ ᠬᠦᠭᠵᠢᠭᠡᠨᠳᠡᠢ ᠪᠤᠯᠵᠦ᠂ ᠪᠤᠬᠢᠷᠳᠤᠯ ᠦᠭᠡᠢ ᠨᠤᠭᠤᠭ᠎ᠠ ᠵᠢᠮᠢᠰ ᠨᠢ ᠭᠡᠷᠡᠭᠯᠡᠭᠴᠢᠳ ᠤᠨ ᠭᠡᠷᠡᠭᠴᠡᠭᠡ ᠶᠢ ᠬᠠᠩᠭᠠᠵᠦ ᠲᠡᠶᠢᠯᠬᠦ ᠦᠭᠡᠢ ᠪᠤᠯᠵᠦ ᠢᠷᠡᠪᠡ᠃          ᠦᠢᠯᠡᠰ ᠪᠦᠳᠦᠭᠡᠭᠡᠳ ᠠᠮᠵᠢᠯᠳᠠ ᠤᠯᠵᠦ ᠪᠠᠶᠠᠵᠢᠯ ᠤᠨ ᠵᠠᠮ ᠢᠶᠠᠷ ᠵᠠᠮᠨᠠᠭᠰᠠᠨ ᠴᠢ ᠰᠢᠶᠤᠤ ᠵᠢᠩ ᠠᠶᠢᠯ ᠠᠶᠢᠮᠠᠭ ᠤᠨ ᠠᠬ᠎ᠠ ᠲᠡᠭᠦᠤᠨᠠᠷ ᠢᠶᠠᠨ ᠮᠠᠷᠳᠠᠯ ᠦᠭᠡᠢ ᠪᠠᠷ ᠪᠠᠶᠠᠵᠢᠯ ᠤᠨ ᠲᠠᠭᠠᠭᠤᠯᠤᠭᠴᠢ ᠪᠤᠯᠵᠦ᠂ ᠵᠠᠠ ᠢ  ᠬᠤᠷᠰᠢᠶᠠᠵᠢᠯ ᠢ ᠪᠠᠶᠢᠭᠤᠯᠵᠦ᠂ ᠡᠯᠧᠺᠲᠷᠦᠨ ᠬᠤᠳᠠᠯᠳᠤᠭ᠎ᠠ ᠶᠢ ᠡᠬᠢᠯᠡᠨ ᠬᠦᠭᠵᠢᠭᠦᠯᠵᠦ᠂ ᠠᠶᠢᠯ ᠠᠶᠢᠮᠠᠭ ᠤᠨ ᠠᠬ᠎ᠠ ᠲᠡᠭᠦᠤ ᠨᠠᠷ ᠤᠨ ᠲᠠᠷᠢᠭᠰᠠᠨ ᠢᠳᠡᠰᠢᠨ ᠨᠤᠭᠤᠭ᠎ᠠ ᠶᠢ ᠰᠦᠯᠵᠢᠶᠡᠨ ᠲᠡᠭᠡᠷ᠎ᠠ ᠬᠤᠳᠠᠯᠳᠤᠨ ᠦᠭᠴᠦ᠂ ᠪᠤᠷᠤᠯᠠᠭᠤᠯᠭ᠎ᠠ ᠶᠢᠨ ᠠᠰᠠᠭᠤᠳᠠᠯ ᠢ ᠰᠢᠢᠳᠪᠤᠷᠢᠯᠡᠵᠦ᠂ ᠲᠤᠰᠬᠤᠨ ᠤ ᠲᠠᠷᠢᠶᠠᠴᠢᠳ ᠤᠳᠤ ᠭᠡᠷ ᠠᠴᠠ ᠪᠠᠨ ᠭᠠᠷᠬᠤ ᠦᠭᠡᠢ ᠪᠠᠷ ᠨᠤᠭᠤᠭ᠎ᠠ ᠵᠢᠮᠢᠰ ᠢᠶᠠᠨ ᠪᠤᠷᠤᠯᠠᠭᠤᠯᠵᠦ ᠲᠡᠶᠢᠯᠬᠦ ᠪᠤᠯᠪᠠ᠃ ᠤᠳᠤ ᠬᠤᠷᠰᠢᠶᠠᠵᠢᠯ ᠤᠨ ᠤᠷᠤᠯᠭ᠎ᠠ ᠴᠦ ᠮᠠᠰᠢ ᠰᠠᠶᠢᠳᠠᠢ ᠪᠠᠶᠢᠵᠦ᠂ ᠡᠷᠦᠭᠡ ᠪᠦᠷᠢ ᠲᠤᠮᠳᠠᠴᠢ ᠪᠠᠷ 2 ᠬᠦᠯᠡᠮᠵᠢ ᠲᠠᠷᠢᠬᠤ ᠪᠠᠷ ᠪᠤᠳᠤᠪᠠᠯ ᠵᠢᠯ ᠪᠦᠷᠢ ᠶᠢᠨ ᠤᠷᠤᠯᠭ᠎ᠠ 10 ᠲᠦᠮᠡᠨ ᠲᠦᠭᠦᠷᠢᠭ ᠲᠤᠯᠵᠦ ᠪᠤᠢ᠃ ᠬᠤᠷᠰᠢᠶᠠᠵᠢᠯ ᠳᠤ ᠤᠳᠤ 26 ᠭᠡᠰᠢᠭᠦᠨ ᠡᠷᠦᠭᠡ ᠲᠠᠢ᠂ 50 ᠲᠤᠯᠠᠭᠠᠨ ᠬᠦᠯᠡᠮᠵᠢ ᠲᠠᠢ ᠪᠤᠯᠵᠦ᠂ ᠵᠢᠯ ᠳᠤ 150 ᠲᠦᠮᠡᠨ ᠵᠢᠩ ᠨᠤᠭᠤᠭ᠎ᠠ ᠵᠢᠮᠢᠰ ᠪᠤᠷᠤᠯᠠᠭᠤᠯᠵᠦ᠂ ᠪᠦᠬᠦ ᠵᠢᠯ ᠤᠨ ᠤᠷᠤᠯᠭ᠎ᠠ 200 ᠲᠦᠮᠡᠨ ᠲᠦᠭᠦᠷᠢᠭ ᠬᠦᠷᠴᠦ ᠪᠤᠢ᠃ ᠴᠢ ᠰᠢᠶᠤᠤ ᠵᠢᠩ ᠪᠠᠰᠠ ᠭᠠᠵᠠᠷ ᠰᠢᠷᠤᠢ ᠶᠢᠨ ᠡᠵᠡᠩᠨᠡᠯᠳᠡ ᠶᠢᠨ ᠡᠷᠭᠡ ᠶᠢ ᠰᠢᠯᠵᠢᠭᠦᠯᠭᠦ ᠪᠠᠷ ᠲᠠᠮᠵᠢᠨ ᠲᠠᠷᠢᠶᠠᠴᠢᠳ ᠤᠨ ᠰᠤᠯᠠ ᠬᠦᠯᠡᠮᠵᠢ ᠶᠢ ᠲᠦᠷᠢᠶᠡᠰᠦᠯᠡᠨ ᠠᠪᠴᠦ ᠨᠢᠭᠡᠳᠭᠡᠨ ᠡᠷᠴᠢᠮᠵᠢᠭᠦᠯᠦᠨ ᠡᠵᠡᠩᠨᠡᠵᠦ᠂ ᠬᠦᠯᠡᠮᠵᠢ ᠶᠢᠨ ᠡᠵᠡᠩᠨᠡᠯᠳᠡ ᠶᠢᠨ ᠡᠷᠭᠡ ᠪᠠᠨ ᠰᠢᠯᠵᠢᠭᠦᠯᠦᠨ ᠦᠭᠭᠦᠭᠰᠡᠨ ᠲᠠᠷᠢᠶᠠᠴᠢᠳ ᠪᠠᠰᠠ ᠬᠤᠷᠰᠢᠶᠠᠵᠢᠯ ᠳᠤ ᠢᠷᠡᠵᠦ ᠬᠦᠯᠦᠰᠦᠨ ᠠᠵᠢᠯ ᠬᠢᠵᠦ ᠬᠤᠶᠠᠷ ᠬᠤᠪᠢ ᠴᠠᠯᠢᠩ ᠤᠯᠵᠦ ᠲᠡᠶᠢᠯᠬᠦ ᠪᠤᠯᠵᠠᠢ᠃            ᠴᠢ ᠰᠢᠶᠤᠤ ᠵᠢᠩ ᠤᠯᠠᠨ ᠢ ᠲᠠᠭᠠᠭᠤᠯᠤᠨ ᠤᠤᠯ ᠤᠨ ᠪᠦᠳᠦᠭᠦᠯᠢᠭ ᠭᠡᠯᠪᠡᠷᠢ ᠶᠢᠨ ᠡᠵᠡᠩᠨᠡᠯᠳᠡ ᠶᠢ ᠬᠤᠪᠢᠷᠠᠭᠤᠯᠵᠦ᠂ ᠲᠦᠭᠦᠭᠡᠷᠦᠮᠵᠢᠳᠦ ᠲᠠᠷᠢᠶᠠᠯᠠᠩ ᠢ ᠬᠦᠭᠵᠢᠭᠦᠯᠭᠦ ᠪᠠᠷ ᠭᠠᠷᠳᠠᠴᠠ ᠪᠤᠯᠭᠠᠨ᠂ ᠵᠤᠷᠢᠭᠳᠠᠢ ᠰᠦᠪᠡᠭᠴᠢᠯᠡᠨ ᠵᠤᠷᠢᠭᠳᠠᠢ ᠬᠢᠵᠦ᠂ ᠦᠵᠡᠭᠦᠯᠦᠯᠭᠡ ᠶᠢᠨ ᠲᠠᠷᠢᠶᠠᠯᠠᠩ ᠢ ᠬᠦᠭᠵᠢᠭᠦᠯᠭᠦ᠂ ᠲᠠᠷᠢᠶᠠᠨ ᠭᠠᠵᠠᠷ ᠢᠶᠠᠨ ᠵᠤᠭᠠᠴᠠᠭᠰᠠᠳ ᠲᠤ ᠲᠦᠷᠢᠶᠡᠰᠦᠯᠡᠭᠦᠯᠭᠦ ᠵᠡᠷᠭᠡ ᠭᠡᠯᠪᠡᠷᠢ ᠪᠠᠷ ᠲᠠᠮᠵᠢᠨ ᠪᠠᠶᠠᠵᠢᠯ ᠤᠨ ᠵᠠᠮ ᠢᠶᠠᠨ ᠦᠷᠭᠡᠳᠭᠡᠭᠰᠡᠨ‌ᠡᠴᠠ ᠤᠳᠤ ᠫᠢᠩ ᠠᠨ ᠲᠤᠰᠬᠤᠨ ᠤ ᠬᠦᠮᠦᠨ ᠲᠤᠮᠳᠠᠴᠢ ᠤᠷᠤᠯᠭ᠎ᠠ ᠤᠤᠯ ᠤᠨ 2000 ᠲᠦᠭᠦᠷᠢᠭ ᠠᠴᠠ ᠪᠠᠨ ᠨᠡᠮᠡᠭᠳᠡᠭᠡᠳ 24000 ᠲᠦᠭᠦᠷᠢᠭ ᠬᠦᠷᠴᠦ ᠪᠦᠬᠦ ᠲᠤᠰᠬᠤᠨ ᠤ ᠠᠷᠠᠳ ᠤᠨ ᠠᠮᠢᠳᠤᠷᠠᠯ ᠤᠯᠠᠮ ᠠᠴᠠ ᠤᠯᠠᠮ ᠴᠢᠨᠡᠭᠡᠯᠢᠭᠵᠢᠵᠦ ᠪᠤᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号