ᠠᠷᠠᠳ ᠤᠯᠠᠨ ᠢ ᠪᠠᠶᠠᠵᠢᠭᠤᠯᠬᠤ ᠪᠤᠯ ᠮᠢᠨᠦ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2017/6/29
     — ᠲᠤᠮᠳᠠᠳᠦ ᠬᠤᠰᠢᠭᠤᠨ ᠤ ᠲᠦᠷᠦᠯᠵᠢ ᠪᠠᠯᠭᠠᠰᠦ ᠶᠢᠨ ᠰᠠᠶᠢᠬᠠᠨ ᠠᠭᠤᠯᠠ ᠭᠠᠴᠠᠭ᠎ᠠ ᠶᠢᠨ ᠨᠢᠭᠡᠳᠦᠭᠡᠷ ᠱᠦᠵᠢ ᠱᠢ ᠢᠤᠢ ᠨᠢᠦ ᠶᠢ ᠲᠡᠮᠳᠡᠭᠯᠡᠪᠡ     ● ᠦᠷᠳᠡᠭᠡᠨ ᠳᠤ ᠰᠠᠭᠤᠭ᠎ᠠ ᠰᠤᠷᠪᠤᠯᠵᠢᠯᠠᠭᠴᠢ ᠮᠧᠩ ᠲᠢᠶᠠᠨ ᠯᠢᠶᠠᠩ ᠴᠢᠮᠡᠭᠡᠯᠡᠭᠴᠢ ᠰᠦᠨ ᠯᠢ ᠨᠠ          ᠬᠤᠷᠴᠢᠨ ᠪᠠᠷᠠᠭᠤᠨ ᠭᠠᠷᠤᠨ ᠲᠤᠮᠳᠠᠳᠦ ᠬᠤᠰᠢᠭᠤᠨ ᠤ ᠲᠦᠷᠦᠯᠵᠢ ᠪᠠᠯᠭᠠᠰᠦ ᠶᠢᠨ ᠰᠠᠶᠢᠬᠠᠨ ᠠᠭᠤᠯᠠ ᠭᠠᠴᠠᠭ᠎ᠠ ᠳᠤ ᠬᠦᠷᠬᠦ ᠳᠤ ᠲᠡᠷᠢ ᠲᠡᠭᠰᠢ ᠲᠤᠭᠤᠰᠬᠠᠨ ᠪᠠᠶᠢᠰᠢᠩ ᠵᠢᠭᠳᠡᠷᠡᠨ ᠬᠠᠷᠠᠭᠳᠠᠵᠦ᠂ ᠡᠷᠦᠭᠡ ᠪᠦᠷᠢ ᠶᠢᠨ ᠡᠭᠦᠳᠡᠨ ᠳᠤ ᠲᠡᠭᠰᠢ ᠲᠠᠷᠳᠠᠩ ᠱᠦᠢᠨᠢ ᠵᠠᠮ ᠨᠡᠪᠳᠡᠷᠡᠨ᠎ᠠ᠃ ᠡᠳᠡᠭᠡᠷ ᠬᠤᠪᠢᠷᠠᠯᠳᠠ ᠶᠢ ᠬᠠᠷᠠᠭᠰᠠᠨ ᠭᠠᠴᠠᠭᠠᠨ ᠤ ᠠᠷᠠᠳ ᠶᠢᠨ ᠪᠤᠤ ᠨᠢᠭᠤᠷ ᠲᠦᠬᠦᠷᠡᠩ ᠢᠨᠢᠶᠡᠳᠦ ᠲᠠᠢ ᠪᠠᠷ᠄ ︽ᠡᠳᠡᠭᠡᠷ ᠬᠤᠪᠢᠷᠠᠯᠳᠠ ᠨᠢ ᠪᠦᠷ ᠯᠡ ᠮᠠᠨ ᠤ ᠨᠢᠭᠡᠳᠦᠭᠡᠷ ᠱᠦᠵᠢ ᠱᠢ ᠢᠤᠢ ᠨᠢᠦ ᠶᠢᠨ ᠲᠠᠶᠢᠴᠢᠯᠠᠨ ᠲᠠᠭᠠᠭᠤᠯᠭ᠎ᠠ ᠶᠢᠨ ᠰᠠᠶᠢᠨ ᠶᠤᠮ ᠡ︕ ᠠᠷᠠᠳ ᠤᠯᠠᠨ ᠢ ᠪᠠᠶᠠᠵᠢᠭᠤᠯᠬᠤ ᠶᠢ ᠦᠪᠡᠷ ᠤᠨ ᠬᠠᠷᠢᠭᠤᠴᠠᠯᠭ᠎ᠠ ᠪᠠᠨ ᠪᠤᠯᠭᠠᠭᠰᠠᠨ ᠱᠦᠵᠢ ᠶᠤᠮ ᠰᠢᠦ︕︾ ᠭᠡᠵᠦ ᠬᠡᠯᠡᠨ᠎ᠠ᠃           ᠱᠢ ᠢᠤᠢ ᠨᠢᠦ ᠪᠤᠯ ᠲᠤᠮᠳᠠᠳᠦ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠭᠡᠷ ᠤᠨ ᠶᠡᠷᠦᠩᠭᠡᠢ ᠰᠠᠯᠠᠭ᠎ᠠ ᠶᠢᠨ ᠨᠠᠷᠢᠨ ᠪᠢᠴᠢᠭᠡᠴᠢ ᠪᠤᠯᠤᠨ᠎ᠠ᠃ 2016 ᠤᠨ ᠤ 5 ᠰᠠᠷ᠎ᠠ ᠶᠢᠨ 17᠎ ᠤ ᠡᠳᠦᠷ ᠲᠡᠷᠡ ᠲᠦᠷᠦᠯᠵᠢ ᠪᠠᠯᠭᠠᠰᠦ ᠶᠢᠨ ᠰᠠᠶᠢᠬᠠᠨ ᠠᠭᠤᠯᠠ ᠭᠠᠴᠠᠭ᠎ᠠ ᠶᠢᠨ ᠨᠢᠭᠡᠳᠦᠭᠡᠷ ᠱᠦᠵᠢ ᠪᠤᠯᠤᠭᠰᠠᠨ ᠠᠴᠠ ᠨᠠᠰᠢ᠂ ᠭᠠᠴᠠᠭᠠᠨ ᠤ ᠡᠷᠦᠭᠡ ᠪᠦᠷᠢ ᠪᠠᠷ ᠬᠦᠨᠵᠡᠭᠡᠶᠢᠷᠡᠨ ᠪᠤᠳᠠᠳᠠᠢ ᠪᠠᠶᠢᠳᠠᠯ ᠢ ᠤᠢᠢᠯᠠᠭᠠᠬᠤ ᠶᠢᠨ ᠬᠠᠮᠳᠦ ᠶᠠᠳᠠᠭᠤ ᠬᠦᠴᠢᠷᠳᠡᠢ ᠡᠷᠦᠭᠡ ᠶᠢᠨ ᠶᠠᠳᠠᠭᠤᠷᠠᠭᠰᠠᠨ ᠰᠢᠯᠳᠠᠭᠠᠨ ᠢ ᠦᠨᠳᠦᠰᠦᠯᠡᠨ᠂ ᠡᠷᠦᠭᠡ ᠪᠦᠷᠢ ᠳᠤ ᠶᠠᠳᠠᠭᠤ ᠠᠴᠠ ᠠᠩᠬᠢᠵᠢᠷᠠᠬᠤ ᠲᠦᠯᠦᠪᠯᠡᠭᠡ ᠲᠤᠭᠳᠠᠭᠠᠭᠰᠠᠨ ᠪᠠᠶᠢᠨ᠎ᠠ᠃ ᠮᠠᠯᠴᠢᠨ ᠲᠠᠷᠢᠶᠠᠴᠢᠨ ᠲᠠᠢ ᠤᠯᠠᠨ ᠤᠳᠠᠭ᠎ᠠ ᠰᠠᠨᠠᠯ ᠢᠶᠠᠨ ᠰᠤᠯᠢᠯᠴᠠᠭᠰᠠᠨ ᠤ ᠰᠡᠬᠦᠯᠡᠷ᠂ ᠤᠯᠠᠩᠬᠢ ᠮᠠᠯᠴᠢᠨ ᠲᠠᠷᠢᠶᠠᠴᠢᠨ ᠭᠠᠴᠠᠭᠠᠨ ᠤ ᠰᠠᠭᠤᠷᠢ ᠲᠦᠬᠦᠭᠡᠷᠦᠮᠵᠢ ᠶᠢ ᠰᠠᠶᠢᠵᠢᠷᠠᠭᠤᠯᠬᠤ ᠶᠢ ᠬᠠᠮᠤᠭ ᠢᠯᠡᠭᠦᠤ ᠬᠦᠰᠡᠵᠦ ᠪᠠᠶᠢᠬᠤ ᠶᠢ ᠤᠢᠢᠯᠠᠭᠠᠪᠠ᠃ ᠡᠨᠡ ᠪᠠᠶᠢᠳᠠᠯ ᠳᠤ ᠴᠢᠭᠯᠡᠬᠦᠯᠦᠨ᠂ ᠱᠢ ᠢᠤᠢ ᠨᠢᠦ ᠤᠯᠠᠨ ᠲᠠᠯ᠎ᠠ ᠠᠴᠠ ᠲᠡᠮᠵᠢᠯᠭᠡ ᠭᠤᠶᠤᠴᠢᠯᠠᠵᠦ᠂ 100 ᠲᠡᠭᠰᠢ ᠲᠦᠷᠪᠡᠯᠵᠢᠨ ᠮᠧᠳ᠋ᠷ ᠲᠠᠯᠠᠪᠠᠢ ᠲᠠᠢ ᠭᠠᠴᠠᠭᠠᠨ ᠤ ᠰᠤᠶᠤᠯ ᠤᠨ ᠠᠵᠢᠯᠯᠠᠭᠠᠨ ᠤ ᠦᠷᠦᠭᠡ ᠪᠠ ᠡᠷᠡᠬᠦᠯ ᠬᠠᠮᠠᠭᠠᠯᠠᠯ ᠤᠨ ᠲᠠᠰᠤᠭ ᠪᠠᠶᠢᠭᠤᠯᠤᠨ᠂ 8000 ᠮᠧᠳ᠋ᠷ ᠡᠪᠳᠡᠷᠭᠡᠢ ᠬᠦᠷᠢᠶ᠎ᠡ ᠬᠠᠰᠢᠶ᠎ᠠ ᠶᠢ ᠵᠠᠰᠠᠨ ᠰᠢᠨᠡᠳᠭᠡᠵᠦ᠂ 1 ᠺᠢᠯᠤᠮᠧᠲᠷ ᠤᠷᠳᠤ ᠱᠦᠢᠨᠢ ᠵᠠᠮ ᠲᠡᠪᠢᠰᠴᠦ᠂ 60 ᠵᠠᠮ ᠤᠨ ᠳ᠋ᠧᠩ ᠤᠭᠰᠠᠷᠠᠭᠤᠯᠵᠦ᠂ 3800 ᠲᠡᠭᠰᠢ ᠲᠦᠷᠪᠡᠯᠵᠢᠨ ᠮᠧᠳ᠋ᠷ ᠲᠠᠯᠠᠪᠠᠢ ᠲᠠᠢ ᠠᠭᠤᠳᠠᠮ ᠲᠠᠯᠠᠪᠠᠢ ᠪᠠᠶᠢᠭᠤᠯᠤᠨ᠂ ᠱᠦᠢᠨᠢ ᠵᠠᠮ ᠤᠨ ᠬᠤᠶᠠᠷ ᠬᠠᠵᠠᠭᠤ ᠪᠠᠷ 600 ᠰᠠᠭᠤᠷᠢ ᠬᠠᠶᠢᠯᠠᠰᠤᠨ ᠮᠤᠳᠦ ᠵᠠᠶᠢᠯᠠᠵᠦ᠂ 11 ᠨᠤᠷᠠᠬᠤ ᠠᠶᠤᠯᠳᠡᠢ ᠭᠡᠷ ᠪᠠᠶᠢᠰᠢᠩ ᠢ ᠵᠠᠰᠠᠨ ᠰᠢᠨᠡᠳᠭᠡᠭᠰᠡᠨ ᠪᠠᠶᠢᠨ᠎ᠠ᠃           ︽ᠰᠠᠶᠢᠬᠠᠨ ᠠᠭᠤᠯᠠ ᠭᠠᠴᠠᠭᠠᠨ ᠤ ᠶᠠᠳᠠᠭᠤ ᠬᠦᠴᠢᠷᠳᠡᠢ ᠡᠷᠦᠭᠡ ᠶᠢᠨ ᠶᠠᠳᠠᠭᠤᠷᠠᠭᠰᠠᠨ ᠰᠢᠯᠳᠠᠭᠠᠨ ᠨᠢ ᠪᠦᠷ ᠡᠪᠡᠳᠴᠢᠨ ᠠᠴᠠ ᠪᠤᠯᠤᠭᠰᠠᠨ ᠶᠤᠮ᠃ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠳᠤ ᠪᠢᠳᠡ ᠶᠠᠳᠠᠭᠤ ᠬᠦᠴᠢᠷᠳᠡᠢ ᠡᠷᠦᠭᠡ ᠪᠦᠷᠢ ᠶᠢᠨ ᠪᠤᠳᠠᠳᠠᠢ ᠪᠠᠶᠢᠳᠠᠯ ᠢ ᠦᠨᠳᠦᠰᠦᠯᠡᠨ ᠤᠯᠠᠨ ᠠᠷᠭ᠎ᠠ ᠵᠠᠮ ᠢᠶᠠᠷ ᠬᠠᠪᠰᠤᠷᠤᠨ ᠲᠡᠳᠬᠦᠪᠡᠯ ᠰᠠᠶ᠋ᠢ ᠲᠡᠳᠡᠨ ᠢ ᠲᠦᠷᠭᠡᠨ ᠶᠠᠳᠠᠭᠤ ᠠᠴᠠ ᠠᠩᠬᠢᠵᠢᠷᠠᠭᠤᠯᠵᠦ ᠲᠡᠶᠢᠯᠦᠨ᠎ᠠ᠂ ᠠᠷᠠᠳ ᠤᠯᠠᠨ ᠢ ᠪᠠᠶᠠᠵᠢᠭᠤᠯᠬᠤ ᠪᠤᠯ ᠮᠢᠨᠦ ᠬᠠᠷᠢᠭᠤᠴᠠᠯᠭ᠎ᠠ ᠮᠦᠨ︾ ᠭᠡᠵᠦ ᠱᠢ ᠢᠤᠢ ᠨᠢᠦ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠠᠵᠢᠯ ᠤᠨ ᠲᠤᠬᠠᠢ ᠤᠢᠢᠯᠠᠭᠠᠯᠳᠠ ᠪᠠᠨ ᠬᠡᠯᠡᠨ᠎ᠠ᠃ ᠶᠠᠳᠠᠭᠤ ᠬᠦᠴᠢᠷᠳᠡᠢ ᠡᠷᠦᠭᠡ ᠶᠢᠨ ᠤᠷᠤᠯᠭ᠎ᠠ ᠶᠢᠨ ᠨᠡᠮᠡᠭᠳᠡᠯ ᠢ ᠠᠬᠢᠭᠤᠯᠬᠤ ᠪᠠᠷ᠂ ᠱᠢ ᠢᠤᠢ ᠨᠢᠦ ︽ᠭᠤᠷᠪᠠ ᠶᠢ ᠲᠤᠰᠬᠤᠨ ᠳᠤ ᠬᠦᠷᠭᠡᠵᠦ ᠭᠤᠷᠪᠠ ᠶᠢ ᠡᠷᠦᠭᠡ ᠳᠤ ᠬᠦᠷᠭᠡᠬᠦ︾ ᠲᠦᠷᠦᠯ ᠵᠦᠢᠯ ᠤᠨ ᠪᠡᠯᠡ ᠮᠦᠩᠬᠦ ᠶᠢ ᠨᠢᠭᠡᠳᠭᠡᠨ᠂ ᠶᠠᠳᠠᠭᠤ ᠬᠦᠴᠢᠷᠳᠡᠢ ᠡᠷᠦᠭᠡ ᠶᠢᠨ ᠬᠦᠮᠦᠨ ᠪᠦᠷᠢ ᠳᠤ 2 — 4 ᠬᠤᠨᠢ ᠬᠤᠳᠠᠯᠳᠤᠨ ᠠᠪᠴᠦ ᠦᠭᠪᠡ᠃ ᠡᠭᠦᠨ ᠤ ᠬᠠᠮᠳᠦ 60 ᠲᠦᠮᠡᠨ ᠲᠦᠭᠦᠷᠢᠭ ᠤᠨ ᠦᠷᠳᠡᠭ ᠲᠠᠢ ᠲᠤᠮᠦ ᠬᠡᠯᠪᠡᠷᠢ ᠶᠢᠨ ᠲᠠᠷᠢᠬᠤ ᠮᠠᠰᠢᠨ ᠪᠠ ᠬᠠᠳᠤᠵᠦ ᠬᠤᠷᠢᠶᠠᠬᠤ ᠮᠠᠰᠢᠨ ᠬᠤᠳᠠᠯᠳᠤᠨ ᠠᠪᠴᠦ᠂ ᠭᠠᠴᠠᠭᠠᠨ ᠤ ᠨᠡᠶᠢᠳᠡ ᠶᠢᠨ ᠬᠦᠷᠦᠩᠭᠡ ᠪᠤᠯᠭᠠᠪᠠ᠃ ᠨᠢᠳᠤᠨᠤᠨ ᠵᠢᠯ ᠳᠤ᠂ ᠲᠡᠷᠡ ᠶᠠᠳᠠᠭᠤ ᠬᠦᠴᠢᠷᠳᠡᠢ ᠡᠷᠦᠭᠡ ᠶᠢᠨ ᠬᠦᠮᠦᠨ ᠪᠦᠷᠢ ᠳᠤ 7000 — 10000 ᠲᠦᠭᠦᠷᠢᠭ ᠤᠨ ᠪᠠᠷᠢᠮᠵᠢᠶ᠎ᠠ ᠪᠠᠷ ᠦᠨᠢᠶ᠎ᠡ ᠬᠤᠳᠠᠯᠳᠤᠨ ᠠᠪᠴᠦ ᠦᠭᠴᠦ᠂ ᠡᠨᠡ ᠵᠢᠯ ᠳᠤ ᠪᠠᠰᠠ 1800 ᠮᠦ ᠬᠠᠭᠤᠷᠠᠢ ᠲᠠᠷᠢᠶ᠎ᠠ ᠶᠢ ᠤᠰᠤᠨ ᠲᠠᠷᠢᠶ᠎ᠠ ᠪᠤᠯᠭᠠᠬᠤ ᠪᠠᠷ ᠴᠢᠷᠮᠠᠶᠢᠨ᠂ ᠶᠠᠳᠠᠭᠤ ᠬᠦᠴᠢᠷᠳᠡᠢ ᠡᠷᠦᠭᠡ ᠶᠢᠨ ᠤᠷᠤᠯᠭ᠎ᠠ ᠶᠢ ᠤᠯᠠᠨ ᠲᠠᠯ᠎ᠠ ᠠᠴᠠ ᠨᠡᠮᠡᠭᠳᠡᠬᠦᠯᠬᠦ ᠪᠠᠷ ᠴᠢᠷᠮᠠᠶᠢᠵᠦ ᠪᠠᠶᠢᠨ᠎ᠠ᠃          ᠰᠠᠶᠢᠬᠠᠨ ᠠᠭᠤᠯᠠ ᠭᠠᠴᠠᠭᠠᠨ ᠤ ᠮᠠᠯᠴᠢᠨ ᠲᠠᠷᠢᠶᠠᠴᠢᠨ ᠤ ᠰᠡᠳᠬᠢᠯ ᠳᠤ ᠱᠢ ᠢᠤᠢ ᠨᠢᠦ ᠮᠠᠯᠴᠢᠨ ᠲᠠᠷᠢᠶᠠᠴᠢᠨ ᠢᠶᠠᠨ ᠲᠠᠭᠠᠭᠤᠯᠤᠨ ᠪᠠᠶᠠᠵᠢᠯ ᠤᠨ ᠵᠠᠮ ᠳᠤ ᠤᠷᠤᠭᠤᠯᠤᠭᠰᠠᠨ ᠢᠶᠠᠷ ᠪᠠᠷᠠᠬᠤ ᠦᠭᠡᠢ ᠲᠡᠳᠡᠨᠡᠷ ᠤᠨ ᠬᠦᠨᠳᠦᠳᠭᠡᠨ ᠪᠢᠰᠢᠷᠡᠳᠡᠭ ︽ᠲᠤᠳᠤᠨᠤ ᠱᠦᠵᠢ︾ ᠪᠤᠯᠤᠭᠰᠠᠨ ᠪᠠᠶᠢᠨ᠎ᠠ᠃ ᠶᠠᠳᠠᠭᠤ ᠬᠦᠴᠢᠷᠳᠡᠢ ᠡᠷᠦᠭᠡ ᠲᠤᠭᠳᠠᠬᠤ ᠶᠢᠨ ᠬᠦᠦ ᠨᠢ ᠰᠤᠷᠭᠠᠭᠤᠯᠢ ᠪᠠᠨ ᠲᠡᠬᠦᠰᠦᠭᠰᠡᠨ ᠤ ᠰᠡᠬᠦᠯᠡᠷ᠂ ᠠᠵᠢᠯ ᠤᠯᠬᠤ ᠦᠭᠡᠢ ᠵᠤᠪᠠᠨᠢᠵᠦ ᠪᠠᠶᠢᠭᠰᠠᠨ ᠳᠤ ᠱᠢ ᠢᠤᠢ ᠨᠢᠦ ᠲᠤᠮᠳᠠᠳᠦ ᠬᠤᠰᠢᠭᠤᠨ ᠤ ᠸᠠᠩ ᠯᠦᠩ ᠮᠠᠰᠢᠨ ᠲᠡᠷᠭᠡ ᠶᠢᠨ ᠬᠤᠳᠠᠯᠳᠤᠭᠠᠨ ᠤ ᠺᠤᠮᠫᠠᠨᠢ ᠳᠤ ᠠᠵᠢᠯ ᠤᠯᠭᠤᠵᠦ ᠦᠭᠴᠦ᠂ ᠤᠳᠤ ᠰᠠᠷ᠎ᠠ ᠪᠦᠷᠢ 4000 ᠲᠦᠭᠦᠷᠢᠭ ᠤᠨ ᠴᠠᠯᠢᠩ ᠤᠯᠵᠦ ᠪᠤᠢ᠃            ︽ᠮᠠᠨ ᠤ ᠱᠢ ᠱᠦᠵᠢ ᠪᠠᠶᠢᠬᠰᠠᠨ ᠦᠭᠡᠢ ᠶᠤᠮ ᠪᠤᠯ ᠮᠠᠨᠤᠰ ᠰᠢᠨ᠎ᠡ ᠲᠤᠭᠤᠰᠬᠠᠨ ᠭᠡᠷ ᠲᠤ ᠰᠠᠭᠤᠵᠦ ᠲᠡᠶᠢᠯᠬᠦ ᠦᠭᠡᠢ ᠶᠤᠮ᠃ ᠮᠢᠨᠦ ᠬᠦᠦ ᠶᠢᠨ ᠵᠡᠮᠳᠡᠭ ᠬᠦᠮᠦᠨ ᠤ ᠨᠦᠬᠦᠪᠦᠷᠢ ᠶᠢ ᠴᠦ ᠱᠢ ᠱᠦᠵᠢ ᠤᠯᠵᠦ ᠦᠭᠬᠦᠭᠰᠡᠨ ᠪᠠᠶᠢᠨ᠎ᠠ︾ ᠭᠡᠵᠦ ᠶᠠᠳᠠᠭᠤ ᠬᠦᠴᠢᠷᠳᠡᠢ ᠲᠠᠷᠢᠶᠠᠴᠢᠨ ᠪᠠᠢ ᠯᠢᠶᠠᠨ ᠪᠤᠤ ᠰᠡᠳᠬᠢᠯ ᠲᠤᠭᠳᠤᠯᠤᠨ ᠬᠡᠯᠡᠨ᠎ᠠ᠃ ᠡᠨᠡ ᠵᠢᠯ 64 ᠨᠠᠰᠤᠳᠠᠢ ᠪᠠᠢ ᠯᠢᠶᠠᠨ ᠪᠤᠤ ᠬᠦᠦ ᠲᠠᠢ ᠬᠤᠶᠠᠭᠤᠯᠠ ᠪᠠᠨ 20 ᠭᠠᠷᠤᠢ ᠵᠢᠯ ᠪᠤᠯᠤᠭᠰᠠᠨ ᠡᠪᠳᠡᠷᠬᠡᠢ ᠬᠠᠭᠤᠴᠢᠨ ᠰᠢᠷᠤᠢ ᠶᠢᠨ ᠭᠡᠷ ᠲᠤ ᠰᠠᠭᠤᠵᠦ ᠪᠤᠢ᠂ ᠲᠡᠭᠦᠨ ᠤ ᠬᠦᠦ ᠨᠢ ᠮᠡᠳᠡᠷᠡᠯ ᠤᠨ ᠡᠪᠡᠳᠴᠢᠨ ᠲᠠᠢ ᠪᠤᠯᠬᠤᠷ ᠤᠳᠤ ᠪᠤᠯᠳᠠᠯ᠎ᠠ ᠬᠤᠷᠢᠮᠯᠠᠭ᠎ᠠ ᠦᠭᠡᠢ ᠪᠠᠶᠢᠵᠦ᠂ ᠠᠮᠢᠳᠤᠷᠠᠯ ᠨᠢ ᠲᠦᠢᠯ ᠤᠨ ᠶᠠᠳᠠᠭᠤ᠃ ᠲᠡᠭᠦᠨ ᠤ ᠭᠡᠷ ᠪᠦᠯᠢ ᠶᠢᠨ ᠪᠠᠶᠢᠳᠠᠯ ᠢ ᠤᠢᠢᠯᠠᠭᠠᠭᠰᠠᠨ ᠤ ᠰᠡᠬᠦᠯᠡᠷ᠂ ᠱᠢ ᠢᠤᠢ ᠨᠢᠦ ᠲᠡᠭᠦᠨ ᠤ ᠨᠤᠷᠠᠬᠤ ᠠᠶᠤᠯᠳᠡᠢ ᠭᠡᠷ ᠪᠠᠶᠢᠰᠢᠩ ᠢ ᠵᠠᠰᠠᠨ ᠰᠢᠨᠡᠳᠭᠡᠵᠦ᠂ 50 ᠲᠡᠭᠰᠢ ᠲᠦᠷᠪᠡᠯᠵᠢᠨ ᠮᠧᠳ᠋ᠷ ᠲᠠᠯᠠᠪᠠᠢ ᠲᠠᠢ ᠲᠤᠭᠤᠰᠬᠠᠨ ᠭᠡᠷ ᠪᠠᠶᠢᠭᠤᠯᠵᠦ ᠦᠭᠬᠦᠭᠰᠡᠨ ᠪᠠᠶᠢᠨ᠎ᠠ᠃      ᠡᠭᠦᠨ ᠠᠴᠠ ᠭᠠᠳᠠᠨ᠎ᠠ᠂ ᠲᠡᠷᠡ ᠶᠠᠳᠠᠭᠤ ᠬᠦᠴᠢᠷᠳᠡᠢ ᠡᠷᠦᠭᠡ ᠳᠤ ᠬᠦᠨᠳᠦ ᠡᠪᠡᠳᠴᠢᠨ ᠤ ᠠᠪᠤᠷᠠᠨ ᠲᠤᠰᠠᠯᠠᠬᠤ ᠰᠠᠭᠤᠷᠢ ᠮᠦᠩᠬᠦ ᠤᠯᠵᠦ ᠦᠭᠴᠦ᠂ ᠪᠠᠶᠠᠷ ᠲᠤᠷᠠᠰᠬᠠᠯ ᠤᠨ ᠡᠳᠦᠷ ᠪᠤᠯᠤᠭᠰᠠᠭᠠᠷ ᠶᠠᠳᠠᠭᠤ ᠬᠦᠴᠢᠷᠳᠡᠢ ᠡᠷᠦᠭᠡ ᠳᠤ ᠲᠤᠬᠤᠨᠢᠭᠤᠯᠭ᠎ᠠ ᠶᠢᠨ ᠮᠦᠩᠬᠦ ᠬᠦᠷᠭᠡᠳᠡᠭ ᠶᠤᠮ᠃          ︽ᠤᠳᠤ ᠪᠢ ᠰᠠᠶᠢᠬᠠᠨ ᠠᠭᠤᠯᠠ ᠭᠠᠴᠠᠭᠠᠨ ᠤ ᠨᠢᠭᠡ ᠭᠡᠰᠢᠭᠦᠨ ᠪᠤᠯᠤᠭᠰᠠᠨ ᠪᠠᠶᠢᠨ᠎ᠠ᠂ ᠮᠠᠯᠴᠢᠨ ᠲᠠᠷᠢᠶᠠᠴᠢᠳ ᠤᠨ ᠬᠦᠴᠢᠷᠳᠡᠯ ᠢ ᠬᠠᠪᠰᠤᠷᠤᠨ ᠰᠢᠢᠳᠪᠦᠷᠢᠯᠡᠵᠦ ᠦᠭᠭᠦ ᠨᠢ ᠨᠠᠳᠠ ᠳᠤ ᠠᠪᠴᠤ ᠭᠡᠯᠡᠪᠠᠯ ᠨᠢᠭᠡ ᠵᠦᠢᠯ ᠤᠨ ᠪᠠᠶᠠᠷᠳᠤ ᠶᠠᠪᠤᠳᠠᠯ ᠪᠤᠯᠬᠤ ᠶᠤᠮ︾ ᠭᠡᠵᠦ ᠱᠢ ᠢᠤᠢ ᠨᠢᠦ ᠰᠡᠳᠬᠢᠯ ᠲᠡᠨᠢᠬᠦᠨ ᠶᠠᠷᠢᠨ᠎ᠠ ᠁
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号