ᠭᠤᠤᠯ ᠤᠨ ᠪᠠᠶᠢᠰᠢᠩ ᠪᠠᠯᠭᠠᠰᠤ ᠶᠢᠨ ᠳᠠᠷᠢᠶᠠᠴᠢᠳ ᠠᠵᠤ ᠠᠬᠤᠢ ᠶᠢᠨ ᠳᠠᠷᠢᠮᠠᠯ ᠳᠠᠷᠢᠬᠤ ᠪᠠ ᠭᠠᠳᠠᠭᠰᠢ ᠭᠠᠷᠴᠤ ᠬᠦᠯᠦᠰᠦᠨ ᠠᠵᠢᠯ ᠬᠢᠬᠦ ᠶᠢ ᠤᠶᠠᠯᠳᠤᠭᠤᠯᠵᠦ ᠤᠷᠤᠯᠭ᠎ᠠ ᠪᠠᠨ ᠨᠡᠮᠡᠭᠳᠡᠭᠦᠯᠵᠦ ᠪᠤᠢ
ᠨᠡᠶᠢᠲᠡᠯᠡᠭᠰᠡᠨ ᠴᠠᠭ᠄
2017/6/29
      ︵ᠰᠤᠷᠪᠤᠯᠵᠢᠯᠠᠬᠴᠢ ᠯᠢ ᠴᠢᠤ ᠰᠢᠶᠠᠩ︶ ᠨᠢᠳᠤᠨᠤᠨ ᠵᠢᠯ ᠭᠠᠮᠰᠢᠭ ᠠᠴᠠ ᠪᠤᠯᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠤᠤᠯ ᠤᠨ ᠪᠠᠶᠢᠰᠢᠩ ᠪᠠᠯᠭᠠᠰᠤ ᠶᠢᠨ ᠳᠠᠷᠢᠶᠠᠴᠢᠳ ᠶᠡᠬᠡᠪᠡᠷ ᠳᠠᠷᠢᠶ᠎ᠠ ᠠᠯᠳᠠᠵᠤ ᠬᠤᠬᠢᠷᠠᠯ ᠳᠤ ᠤᠴᠠᠷᠠᠪᠠ᠃ ᠨᠡᠩ ᠵᠠᠷᠢᠮ ᠨᠢ ᠦᠢᠯᠡᠳᠪᠦᠷᠢᠯᠡᠯ ᠠᠮᠢᠳᠤᠷᠠᠯ ᠢᠶᠠᠨ ᠠᠷᠭᠠᠴᠠᠬᠤ ᠳᠤ ᠬᠦᠴᠢᠷᠳᠡᠯ ᠲᠠᠢ ᠪᠤᠯᠵᠤ᠂ ᠡᠨᠡ ᠵᠢᠯ ᠤᠨ ᠬᠠᠪᠤᠷ ᠤᠨ ᠳᠠᠷᠢᠶᠠᠯᠠᠭ᠎ᠠ ᠶᠢᠨ ᠪᠡᠯᠡᠳᠭᠡᠯ ᠠᠵᠢᠯ ᠢᠶᠠᠨ ᠬᠡᠷᠭᠢᠨ ᠶᠠᠪᠤᠭᠳᠠᠭᠤᠯᠬᠤ ᠨᠢ ᠨᠢᠳᠤᠨ ᠡᠮᠦᠨ᠎ᠡ ᠳᠤᠯᠭᠠᠷᠠᠵᠤ ᠪᠠᠶᠢᠭ᠎ᠠ ᠠᠰᠠᠭᠤᠳᠠᠯ ᠪᠤᠯᠪᠠ᠃ ᠬᠠᠩᠰᠢ ᠶᠢᠨ ᠠᠮᠠᠷᠠᠯᠳᠠ ᠳᠤ ᠨᠤᠳᠤᠭ ᠲᠠᠭᠠᠨ ᠬᠠᠷᠢᠭᠰᠠᠨ ᠳᠤᠬᠢᠶᠠᠯ ᠢᠶᠠᠷ᠂ ᠰᠤᠷᠪᠤᠯᠵᠢᠯᠠᠬᠴᠢ ᠭᠤᠤᠯ ᠤᠨ ᠪᠠᠶᠢᠰᠢᠩ ᠪᠠᠯᠭᠠᠰᠤ ᠶᠢᠨ ᠬᠡᠳᠦᠨ ᠳᠠᠷᠢᠶᠠᠴᠢᠨ ᠢ ᠰᠤᠷᠪᠤᠯᠵᠢᠯᠠᠵᠤ ᠤᠢᠢᠯᠠᠭᠠᠭᠰᠠᠨ ᠢᠶᠠᠷ᠂ ᠤᠯᠠᠩᠭᠢ ᠭᠠᠴᠠᠭ᠎ᠠ ᠠᠶᠢᠯ ᠤᠨ ᠳᠠᠷᠢᠶᠠᠴᠢᠳ ᠡᠨᠡ ᠵᠢᠯ ᠳᠤ ᠯᠤᠬᠠᠱᠧᠩ᠂ ᠨᠠᠷᠢᠮᠤ᠂ ᠰᠠᠭᠠᠭ ᠵᠡᠷᠭᠡ ᠠᠵᠤ ᠠᠬᠤᠢ ᠶᠢᠨ ᠳᠠᠷᠢᠮᠠᠯ ᠳᠠᠷᠢᠵᠤ ᠤᠷᠭᠤᠭᠤᠯᠬᠤ ᠪᠠᠷ ᠬᠠᠪᠤᠷ ᠤᠨ ᠳᠠᠷᠢᠶᠠᠯᠠᠭ᠎ᠠ ᠶᠢᠨ ᠪᠡᠯᠡᠳᠭᠡᠯ ᠬᠢᠵᠤ ᠪᠠᠶᠢᠬᠤ ᠪᠠ ᠭᠠᠳᠠᠭᠰᠢ ᠭᠠᠷᠴᠤ ᠬᠦᠯᠦᠰᠦᠨ ᠠᠵᠢᠯ ᠬᠢᠵᠤ ᠤᠷᠤᠯᠭ᠎ᠠ ᠪᠠᠨ ᠨᠡᠮᠡᠭᠳᠡᠭᠦᠯᠬᠦ ᠪᠠᠷ ᠴᠢᠷᠮᠠᠶᠢᠵᠤ ᠪᠠᠶᠢᠨ᠎ᠠ᠃          ᠳᠤᠰ ᠪᠠᠯᠭᠠᠰᠤ ᠶᠢᠨ ᠹᠧᠩ ᠴᠠᠨ ᠭᠠᠴᠠᠭ᠎ᠠ ᠶᠢᠨ ᠭᠦᠩ ᠰᠢᠶᠤᠤ ᠲᠦᠨ ᠠᠶᠢᠯ ᠤᠨ ᠲᠠᠷᠢᠶᠠᠴᠢᠨ ᠴᠠᠩ ᠱᠦᠨ ᠨᠢᠳᠤᠨᠤᠨ ᠵᠢᠯ 70 ᠭᠠᠷᠤᠢ ᠮᠥ ᠳᠠᠷᠢᠶᠠᠨ ᠳᠠᠭᠠᠨ ᠡᠷᠳᠡᠨᠢ ᠰᠢᠰᠢ ᠪᠠ ᠨᠠᠷᠠᠨᠬᠤᠸᠠᠷ ᠳᠠᠷᠢᠭᠠᠳ ᠤᠷᠤᠯᠭ᠎ᠠ ᠤᠯᠬᠤ ᠪᠠᠶᠢᠳᠤᠭᠠᠢ ᠳᠠᠷᠢᠶᠠᠯᠠᠩ ᠦᠢᠯᠡᠳᠪᠦᠷᠢᠯᠡᠯ ᠳᠤ ᠵᠠᠷᠤᠴᠠᠭᠤᠯᠤᠭᠰᠠᠨ ᠪᠡᠯᠡ ᠮᠦᠩᠬᠦ ᠪᠠᠨ ᠴᠤ ᠤᠯᠵᠤ ᠳᠡᠶᠢᠯᠦᠭᠰᠡᠨ ᠦᠭᠡᠢ᠃ ᠡᠨᠡᠬᠦ ᠪᠠᠶᠢᠳᠠᠯ ᠳᠤ ᠲᠡᠷᠡ ᠡᠨᠡ ᠵᠢᠯ ᠠᠴᠠ ᠡᠬᠢᠯᠡᠨ ᠪᠤᠰᠤᠳ ᠠᠶᠢᠯ ᠳᠤ ᠬᠦᠯᠦᠰᠦᠨ ᠠᠵᠢᠯ ᠬᠢᠬᠦ ᠶᠢᠨ ᠬᠠᠮᠳᠤ ᠦᠪᠡᠷ ᠤᠨ ᠳᠠᠷᠢᠶᠠᠨ ᠭᠠᠵᠠᠷ ᠲᠠᠭᠠᠨ ᠨᠠᠷᠢᠮᠤ᠂ ᠰᠠᠭᠠᠭ ᠵᠡᠷᠭᠡ ᠠᠵᠤ ᠠᠬᠤᠢ ᠶᠢᠨ ᠳᠠᠷᠢᠮᠠᠯ ᠳᠠᠷᠢᠬᠤ ᠪᠠᠷ ᠪᠡᠯᠡᠳᠭᠡᠵᠤ ᠪᠠᠶᠢᠯ᠎ᠠ᠃ ᠴᠠᠩ ᠱᠦᠨ᠄ ︽ᠮᠠᠨ ᠤ ᠬᠢᠨ ᠤ ᠳᠠᠷᠢᠶᠠᠨ ᠭᠠᠵᠠᠷ ᠪᠠᠭ᠎ᠠ ᠠᠴᠠ ᠭᠡᠷᠭᠡᠢ ᠪᠢᠳᠡ ᠬᠤᠶᠠᠭᠤᠯᠠ ᠪᠠᠨ ᠵᠦᠪᠬᠡᠨ ᠲᠠᠷᠢᠶᠠᠨ ᠠᠵᠢᠯ ᠢᠶᠠᠨ ᠬᠢᠪᠡᠯ ᠬᠦᠳᠡᠯᠮᠦᠷᠢ ᠬᠦᠴᠦ ᠢᠯᠡᠭᠦᠦ ᠭᠠᠷᠤᠨ᠎ᠠ᠃ ᠦᠩᠭᠡᠷᠡᠭᠰᠡᠨ  ᠬᠡᠳᠦᠨ ᠵᠢᠯ ᠳᠤ ᠳᠠᠷᠢᠶᠠᠯᠠᠩ ᠤᠨ ᠰᠡᠯᠡᠭᠦᠦ ᠴᠠᠭ ᠲᠤ ᠪᠢ ᠭᠠᠩᠨᠠᠭᠤᠷ ᠤᠨ ᠠᠵᠢᠯ ᠬᠢᠵᠤ ᠪᠠᠭ᠎ᠠ ᠰᠠᠭ᠎ᠠ ᠤᠷᠤᠯᠭ᠎ᠠ ᠤᠯᠵᠤ ᠪᠠᠶᠢᠭᠰᠠᠨ᠂ ᠭᠡᠳᠡᠯ᠎ᠡ ᠨᠢᠳᠤᠨᠤᠨ ᠵᠢᠯ ᠳᠠᠷᠢᠶ᠎ᠠ ᠠᠯᠳᠠᠭᠰᠠᠨ ᠠᠴᠠ ᠤᠯᠠᠨ ᠳᠠᠯ᠎ᠠ ᠪᠠᠷ ᠤᠷᠤᠯᠭ᠎ᠠ ᠪᠠᠨ ᠨᠡᠮᠡᠭᠳᠡᠭᠦᠯᠬᠦ ᠦᠭᠡᠢ ᠪᠤᠯ ᠠᠮᠢᠳᠤᠷᠠᠯ ᠢᠶᠠᠨ ᠠᠷᠭᠠᠴᠠᠬᠤ ᠳᠤ ᠬᠦᠴᠢᠷ ᠪᠤᠯᠪᠠ᠃ ᠪᠢ ᠡᠨᠡ ᠵᠢᠯ ᠰᠠᠶᠢᠬᠠᠨᠳᠠᠯ᠎ᠠ ᠭᠠᠴᠠᠭ᠎ᠠ ᠳᠤ ᠢᠷᠡᠵᠤ ᠬᠦᠯᠦᠰᠦᠨ ᠠᠵᠢᠯ ᠬᠢᠵᠤ᠂ ᠲᠠᠷᠢᠶ᠎ᠠ ᠳᠠᠷᠢᠬᠤ ᠦᠶ᠎ᠡ ᠳᠤ ᠳᠠᠷᠢᠶ᠎ᠠ ᠪᠠᠨ ᠳᠠᠷᠢᠵᠤ᠂ ᠪᠤᠰᠤᠳ ᠴᠠᠭ ᠢᠶᠠᠷ ᠡ᠊ᠨᠳᠡᠬᠢ ᠰᠤᠯᠠ ᠰᠡᠯᠡᠭᠦᠦ ᠭᠠᠵᠠᠷ ᠢ ᠠᠰᠢᠭᠯᠠᠨ ᠭᠠᠭ᠋ᠠᠢ᠂ ᠳᠠᠬᠢᠶ᠎ᠠ ᠳᠡᠵᠢᠭᠡᠵᠤ ᠤᠷᠤᠯᠭ᠎ᠠ ᠪᠠᠨ ᠨᠡᠮᠡᠭᠳᠡᠭᠦᠯᠬᠦ ᠪᠠᠷ ᠪᠤᠢ᠃ ᠨᠢᠭᠡ ᠵᠢᠯ ᠤᠨ ᠬᠦᠯᠦᠰᠦᠨ ᠠᠵᠢᠯ ᠤᠨ ᠤᠷᠤᠯᠭ᠎ᠠ ᠪᠠ ᠳᠠᠷᠢᠶᠠᠨ ᠤᠷᠤᠯᠭ᠎ᠠ ᠪᠠᠨ ᠨᠡᠶᠢᠯᠡᠭᠦᠯᠪᠡᠯ 10 ᠲᠦᠮᠡ ᠰᠢᠬᠠᠮ ᠲᠦᠭᠦᠷᠢᠭ ᠲᠤ ᠳᠤᠯᠤᠨ᠎ᠠ᠃ ᠡᠨᠡ ᠨᠢ ᠨᠢᠳᠤᠨᠤᠨ ᠤ ᠤᠷᠤᠯᠭ᠎ᠠ ᠶᠢ ᠪᠤᠳᠤᠪᠠᠯ ᠪᠠᠳᠤᠯᠠᠭ᠎ᠠ ᠲᠠᠢ ᠪᠤᠯᠤᠭᠰᠠᠨ ᠪᠦᠭᠡᠳ ᠠᠮᠢᠳᠤᠷᠠᠯ ᠢᠶᠠᠨ ᠳᠦᠷᠭᠡᠨ ᠦᠭᠡᠳᠡᠯᠡᠭᠦᠯᠦᠨ ᠴᠢᠨᠡᠬᠡᠯᠢᠭᠵᠢᠬᠦᠯᠵᠦ ᠳᠡᠶᠢᠯᠬᠦ ᠨᠢ ᠯᠠᠪᠳᠠᠢ︾ ᠭᠡᠵᠤ ᠳᠠᠷᠢᠶᠠᠨ ᠤᠷᠤᠯᠭ᠎ᠠ ᠠᠴᠠ ᠭᠠᠳᠠᠨ᠎ᠠ ᠬᠦᠯᠦᠰᠦᠨ ᠠᠵᠢᠯ ᠬᠢᠵᠤ ᠤᠷᠤᠯᠭ᠎ᠠ ᠪᠠᠨ ᠨᠡᠮᠡᠭᠳᠡᠭᠦᠯᠬᠦ ᠪᠠᠷ ᠪᠠᠶᠢᠭ᠎ᠠ ᠳᠠᠭᠠᠨ ᠶᠡᠬᠡᠳᠡ ᠢᠳᠡᠭᠡᠯ ᠳᠦᠭᠦᠷᠡᠩ ᠪᠠᠶᠢᠯ᠎ᠠ᠃           ᠳᠤᠪᠤᠨ ᠡᠩᠭᠡᠷ ᠭᠠᠴᠠᠭ᠎ᠠ ᠶᠢᠨ ᠳᠠᠷᠢᠶᠠᠴᠢᠨ ᠶᠦᠩ ᠬᠠᠢ 6 ᠠᠮᠠ ᠪᠦᠯᠢ ᠠᠮᠢᠳᠤᠷᠠᠵᠤ᠂ 4 ᠬᠦᠳᠡᠯᠮᠦᠷᠢ ᠬᠦᠴᠦ ᠲᠠᠢ᠃ ᠨᠢᠳᠤᠨᠤᠨ ᠵᠢᠯ ᠲᠡᠷᠡ ᠳᠡᠭᠦᠦ ᠲᠠᠢ ᠪᠠᠨ ᠬᠠᠮᠳᠤᠷᠠᠵᠤ 100 ᠭᠠᠷᠤᠢ ᠮᠥ ᠨᠠᠷᠠᠨᠬᠤᠸᠠᠷ ᠳᠠᠷᠢᠭᠠᠳ ᠨᠢᠭᠡ ᠵᠢᠯ ᠤᠨ ᠤᠷᠤᠯᠭ᠎ᠠ ᠨᠢ 1000 ᠲᠦᠭᠦᠷᠢᠭ ᠴᠤ ᠬᠦᠷᠦᠭᠰᠡᠨ ᠦᠭᠡᠢ᠃ ᠡᠨᠡ ᠵᠢᠯ ᠳᠠᠷᠢᠶᠠᠨ ᠳᠠᠭᠠᠨ ᠯᠤᠬᠠᠱᠧᠩ᠂ ᠨᠤᠭᠤᠭᠠᠨ ᠪᠤᠷᠴᠠᠭ ᠳᠠᠷᠢᠬᠤ ᠪᠠᠷ ᠲᠦᠯᠦᠪᠯᠡᠵᠤ ᠪᠠᠶᠢᠬᠤ ᠪᠦᠭᠡᠳ ᠳᠡᠭᠦᠦ᠂ ᠳᠡᠭᠦᠦ ᠪᠡᠷᠢ ᠨᠢ ᠭᠠᠳᠠᠭᠰᠢ ᠭᠠᠷᠴᠤ ᠤᠷᠤᠯᠭ᠎ᠠ ᠪᠠᠨ ᠨᠡᠮᠡᠭᠳᠡᠭᠦᠯᠬᠦ ᠪᠠᠷ ᠳ᠋ᠠᠯᠢᠶᠠᠨ ᠬᠤᠳᠠ ᠶᠢᠨ ᠨᠢᠭᠡᠨ ᠮᠢᠬᠠᠨ ᠤ ᠵᠦᠢᠯᠡᠰ ᠤᠨ ᠦᠢᠯᠡᠳᠪᠦᠷᠢ ᠳᠤ ᠬᠦᠯᠦᠰᠦᠨ ᠠᠵᠢᠯ ᠬᠢᠵᠤ ᠪᠤᠢ᠃ ᠶᠦᠩ ᠬᠠᠢ᠄ ︽2016 ᠤᠨ ᠳᠤ ᠵᠤᠨ ᠭᠠᠩᠳᠠᠵᠤ ᠨᠠᠮᠤᠷ ᠪᠤᠷᠤᠭᠠᠨ ᠠᠷᠪᠢᠳᠤᠭᠰᠠᠨ ᠠᠴᠠ ᠮᠠᠨ ᠤ ᠭᠠᠴᠠᠭ᠎ᠠ ᠶᠢᠨ ᠳᠠᠷᠢᠶᠠᠴᠢᠳ ᠤᠨ ᠳᠠᠷᠢᠭᠰᠠᠨ ᠨᠠᠷᠠᠨᠬᠤᠸᠠᠷ ᠪᠦᠬᠦᠨ ᠢᠶᠠᠷ ᠢᠶᠠᠨ ᠸᠠᠯᠠᠵᠤ ᠢᠯᠵᠢᠷᠠᠨ᠂ ᠤᠳᠤᠬᠠᠨ ᠳᠤ ᠳᠤᠯᠳᠠᠯ᠎ᠠ ᠨᠠᠷᠠᠨᠬᠤᠸᠠᠷ ᠢᠶᠠᠨ ᠬᠤᠳᠠᠯᠳᠤᠨ ᠭᠠᠷᠭᠠᠵᠤ ᠳᠡᠶᠢᠯᠦᠭᠰᠡᠨ ᠦᠭᠡᠢ ᠡᠷᠦᠬᠡ ᠤᠯᠠᠨ ᠪᠤᠢ᠃ ᠨᠢᠳᠤᠨᠤᠨ ᠨᠠᠮᠤᠷ ᠤᠨ ᠬᠤᠷᠢᠶᠠᠯᠳᠠ ᠳᠠᠭᠤᠰᠤᠮᠠᠭᠴᠠ ᠭᠠᠴᠠᠭ᠎ᠠ ᠶᠢᠨ ᠳᠠᠷᠢᠶᠠᠴᠢᠳ ᠵᠠᠯᠭ᠎ᠠ ᠵᠠᠯᠭᠠᠪᠠᠷ ᠭᠠᠳᠠᠭᠰᠢ ᠶᠠᠪᠤᠵᠤ ᠤᠷᠤᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠡᠷᠢᠯᠬᠢᠯᠡᠪᠡ᠃ ᠴᠠᠭᠠᠨ ᠰᠠᠷ᠎ᠠ ᠦᠩᠭᠡᠷᠡᠮᠡᠭᠴᠡ ᠮᠢᠨᠤ ᠳᠡᠭᠦᠦ᠂ ᠳᠡᠭᠦᠦ ᠪᠠᠷᠢ ᠴᠤ ᠬᠡᠤᠬᠡᠨ ᠢᠶᠠᠨ ᠡᠵᠢ ᠪᠢᠳᠡ ᠬᠤᠶᠠᠭᠤᠯᠠ ᠳᠤ ᠦᠯᠡᠳᠡᠭᠡᠵᠤ ᠬᠦᠯᠦᠰᠦᠨ ᠠᠵᠢᠯ ᠬᠢᠵᠤ ᠤᠷᠤᠯᠭ᠎ᠠ ᠤᠯᠬᠤ ᠪᠠᠷ ᠳ᠋ᠠᠯᠢᠶᠠᠨ ᠬᠤᠳᠠ ᠳᠤ ᠶᠠᠪᠤᠪᠠ᠃ ᠡᠷᠳᠡᠨᠢ ᠰᠢᠰᠢ ᠶᠢᠨ ᠦᠨ᠎ᠡ ᠬᠠᠩᠰᠢ ᠪᠠᠭᠤᠷᠠᠭᠰᠠᠨ ᠪᠠ ᠨᠠᠷᠠᠨᠬᠤᠸᠠᠷ ᠨᠢ ᠭᠠᠩᠳᠠᠵᠤ ᠤᠰᠤᠳᠤᠬᠤ ᠳᠤ ᠪᠦᠷ ᠳᠡᠰᠪᠦᠷᠢ ᠦᠭᠡᠢ ᠪᠤᠯᠬᠤᠷ ᠡᠨᠡ ᠵᠢᠯ ᠪᠢ ᠯᠤᠬᠠᠱᠧᠩ ᠪᠠ ᠨᠤᠭᠤᠭᠠᠨ ᠪᠤᠷᠴᠠᠭ ᠳᠠᠷᠢᠵᠤ ᠤᠷᠭᠤᠭᠤᠯᠬᠤ ᠲᠦᠯᠦᠪᠯᠡᠭᠡ ᠲᠠᠢ᠂ ᠡᠳᠡᠭᠡᠷ ᠳᠠᠷᠢᠮᠠᠯ ᠢ ᠳᠠᠷᠢᠬᠤ ᠳᠤ ᠪᠤᠯᠪᠠᠰᠤᠷᠠᠬᠤ ᠴᠠᠭ ᠨᠢ ᠳᠦᠷᠭᠡᠨ ᠮᠦᠷᠳᠡᠭᠡᠨ ᠤᠳᠤᠬᠠᠨ ᠳᠤ ᠳᠠᠷᠢᠶᠠᠯᠠᠩ ᠤᠨ ᠮᠠᠰᠢᠨ ᠪᠠᠭᠠᠵᠢ ᠤᠯᠠᠰᠢᠷᠠᠵᠤ ᠬᠦᠳᠡᠯᠮᠦᠷᠢ ᠬᠦᠴᠦᠨ ᠳᠤ ᠴᠤ ᠠᠷᠪᠢᠳᠠᠢ ᠶᠤᠮ᠃ ᠪᠢ ᠳᠠᠷᠢᠶᠠᠨ ᠠᠵᠢᠯ ᠢᠶᠠᠨ ᠬᠢᠪᠠᠯ ᠡᠵᠢ ᠭᠡᠷ ᠤᠨ ᠠᠵᠢᠯ ᠳᠤ ᠶᠠᠭᠠᠷᠠᠵᠤ ᠬᠦᠳᠡᠯᠮᠦᠷᠢ ᠬᠦᠴᠦ ᠬᠦᠷᠦᠯᠴᠡᠴᠢᠭᠡᠬᠦ ᠶᠤᠮ ᠴᠢᠨᠢ ᠭᠠᠳᠠᠭᠰᠢ ᠭᠠᠷᠴᠤ ᠬᠦᠯᠦᠰᠦᠨ ᠠᠵᠢᠯ ᠬᠢᠵᠤ ᠤᠷᠤᠯᠭ᠎ᠠ ᠪᠠᠨ ᠨᠡᠮᠡᠭᠳᠡᠭᠦᠯᠪᠡᠯ ᠠᠮᠢᠳᠤᠷᠠᠯ ᠮᠢᠨᠢ ᠤᠳᠠᠯ ᠦᠭᠡᠢ ᠦᠭᠡᠳᠡᠯᠡᠨ ᠰᠠᠶᠢᠵᠢᠷᠠᠬᠤ ᠶᠤᠮ︾ ᠭᠡᠵᠤ ᠠᠳᠠᠯ ᠠᠮᠢᠳᠤᠷᠠᠯ ᠢᠶᠠᠨ ᠲᠦᠯᠦᠪᠯᠡᠨ᠎ᠡ᠃           2016 ᠤᠨ ᠳᠤ᠂ ᠭᠠᠮᠰᠢᠭ ᠠᠴᠠ ᠪᠤᠯᠵᠤ ᠮᠠᠨ ᠤ ᠠᠶᠢᠮᠠᠭ ᠤᠨ ᠤᠯᠠᠩᠬᠢ ᠭᠠᠵᠠᠷ ᠤᠷᠤᠨ ᠤ ᠳᠠᠷᠢᠶᠠᠴᠢᠳ ᠳᠠᠷᠢᠶ᠎ᠠ ᠠᠯᠳᠠᠵᠤ ᠬᠤᠬᠢᠷᠠᠯ ᠳᠤ ᠤᠴᠠᠷᠠᠭᠰᠠᠨ ᠴᠤ ᠵᠠᠰᠠᠭ ᠤᠨ ᠤᠷᠳᠤᠨ ᠤ ᠬᠦᠳᠦᠯᠦᠨ ᠵᠢᠯᠤᠭᠤᠳᠬᠤ ᠪᠠ ᠠᠵᠢᠯᠴᠢ ᠬᠦᠳᠡᠯᠮᠦᠷᠢᠴᠢ᠂ ᠳᠠᠷᠢᠬᠢ ᠳᠤᠯᠤᠭᠠᠢ ᠬᠤᠷᠴᠠ ᠰᠡᠷᠭᠦᠯᠡᠩ᠂ ᠦᠵᠡᠯᠳᠡ ᠳᠠᠨᠢᠯᠳᠠ ᠳᠠᠪᠰᠢᠭᠰᠠᠨ ᠪᠠᠶᠠᠵᠢᠯ ᠤᠨ ᠡᠷᠦᠬᠡ ᠶᠢᠨ ᠳᠠᠭᠠᠭᠤᠯᠭ᠎ᠠ ᠪᠠᠷ ᠬᠦᠳᠡᠭᠡ ᠨᠤᠳᠤᠭ ᠤᠨ ᠳᠠᠷᠢᠶᠠᠴᠢᠳ ᠬᠠᠪᠤᠷ ᠡᠷᠳᠡ ᠠᠴᠠ ᠠᠳᠠᠯ ᠠᠮᠢᠳᠤᠷᠠᠯ ᠢᠶᠠᠨ ᠦᠭᠡᠳᠡᠯᠡᠭᠦᠯᠵᠤ ᠪᠠᠶᠠᠵᠢᠨ ᠴᠢᠨᠡᠬᠡᠯᠢᠭᠵᠢᠭᠦ ᠠᠷᠭ᠎ᠠ ᠵᠠᠮ ᠢ ᠡᠷᠢᠯᠬᠢᠯᠡᠵᠤ ᠪᠠᠶᠢᠭ᠎ᠠ ᠵᠤᠷᠢᠭ ᠰᠠᠨᠠᠭ᠎ᠠ᠂ ᠦᠢᠯᠡ ᠠᠵᠢᠯᠯᠠᠭ᠎ᠠ ᠨᠢ ᠲᠤᠩ ᠮᠠᠭᠳᠠᠭᠤᠰᠢᠳᠠᠢ ᠪᠠᠶᠢᠨ᠎ᠠ᠃ ᠡ᠊ᠨᠳᠡ ᠳᠡᠳᠡᠨ ᠤ ᠬᠠᠪᠤᠷ ᠤᠨ ᠳᠠᠷᠢᠶᠠᠯᠠᠭ᠎ᠠ ᠪᠠᠨ ᠴᠠᠭ ᠳᠤᠬᠠᠢ ᠳᠤᠨᠢ ᠪᠡᠯᠡᠳᠭᠡᠵᠤ᠂ ᠤᠷᠤᠯᠭ᠎ᠠ ᠶᠢᠨ ᠠᠷᠭ᠎ᠠ ᠵᠠᠮ ᠢᠶᠠᠨ ᠦᠷᠭᠡᠳᠭᠡᠨ ᠠᠮᠢᠳᠤᠷᠠᠯ ᠢᠶᠠᠨ ᠳᠦᠷᠭᠡᠨ ᠦᠭᠡᠳᠡᠯᠡᠭᠦᠯᠦᠨ ᠳᠡᠭᠵᠢᠷᠡᠭᠦᠯᠬᠦ ᠶᠢ ᠬᠦᠰᠡᠨ ᠵᠦᠩᠨᠡᠶ᠎ᠡ︕
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号